ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠢᠰᠷᠧᠯ᠎ᠤᠨ ᠶᠡᠷᠦᠩᠬᠡᠢ ᠰᠠᠶ᠋ᠢᠳ ᠪᠸᠨ᠋ᠸᠢᠢ᠍ᠳ᠋ᠸ᠎ᠳᠤ ᠪᠠᠶᠠᠷ᠎ᠤᠨ ᠴᠠᠬᠢᠯᠭ᠋ᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2021-06-23

     ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 6 ᠳ᠋ᠤᠭ᠋ᠠᠷ ᠰᠠᠷ᠎ᠠ ᠵᠢᠨ 21᠎ᠤ ᠡᠳᠦᠷ ᠨᠠᠹᠲ᠋ᠠᠯᠢ· ᠪᠸᠨ᠋ᠸᠢᠢ᠍ᠳ᠋ᠸ᠎ᠲᠤ ᠴᠠᠬᠢᠯᠭ᠋ᠠᠨ ᠮᠡᠳᠡᠭᠡ ᠢᠯᠡᠭᠡᠵᠦ᠂ ᠲᠡᠭᠦᠨ᠎ᠤ ᠢᠰᠷᠧᠯ ᠤᠯᠤᠰ᠎ᠤᠨ ᠶᠡᠷᠦᠩᠬᠡᠶ ᠰᠠᠶ᠋ᠢᠳ᠎ᠤᠨ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃
      ᠯᠢ ᠺᠸ ᠴᠢᠶᠠᠩ ᠪᠠᠶᠠᠷ᠎ᠤᠨ ᠴᠠᠬᠢᠯᠭ᠋ᠠᠨ᠎ᠳᠤ᠎ᠪᠠᠨ᠂ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ᠂ ᠳᠤᠮᠳᠠᠳᠤ ᠢᠰᠷᠧᠯ᠎ᠤᠨ ᠬᠠᠷᠢᠯᠴᠠᠭ᠎ᠠ ᠲᠣᠭᠲᠠᠭᠤᠨ ᠵᠶ᠋ᠠᠷ ᠬᠥᠭᠵᠢᠵᠦ᠂ ᠡᠯ᠎ᠡ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠳᠡ ᠦᠭᠡᠢ ᠠᠬᠢᠪᠠ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠢᠰᠷᠧᠯ᠎ᠯᠦᠭᠡ ᠵᠢᠨ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠢᠰᠷᠧᠯ᠎ᠤᠨ ᠲᠠᠯ᠎ᠠ ᠵᠢᠨ᠎ᠬᠢᠨ᠎ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠡᠯ᠎ᠡ ᠲᠡᠰ ᠳᠠᠪᠬᠤᠷᠭ᠎ᠠ ᠵᠢᠨ ᠨᠥᠬᠥᠷᠰᠡᠭ ᠶᠠᠪᠤᠯᠴᠠᠭ᠎ᠠ᠎ᠪᠠᠨ ᠥᠷᠭᠡᠳᠬᠡᠵᠦ᠂ ᠳᠤᠮᠳᠠᠳᠤ ᠢᠰᠷᠧᠯ᠎ᠤᠨ ᠰᠢᠨ᠎ᠡ ᠵᠢ ᠡᠭᠦᠳᠬᠦ ᠪᠦᠬᠦ ᠲᠠᠯ᠎ᠠ ᠵᠢᠨ ᠬᠠᠨᠢᠲᠠᠨ᠎ᠤ ᠬᠠᠷᠢᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠤᠨ᠎ᠠ ᠭᠡᠵᠦ ᠢᠯᠡᠳᠬᠡᠵᠡᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ 《ᠨᠢᠭᠡ ᠪᠦᠰᠡ ᠨᠢᠭᠡ ᠵᠠᠮ》᠎ᠤᠨ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠳᠡᠭᠡᠳᠦ ᠲᠠᠰ᠎ᠤᠨ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠬᠡᠯᠡᠪᠡ
ᠰᠢ ᠵᠢᠨ ᠫᠢᠩ ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ᠎ᠤᠨ ᠰᠠᠨᠰᠠᠷᠴᠢᠳ᠎ᠲᠠᠢ ᠳᠣᠲᠣᠨᠣ᠎ᠪᠠᠷ ᠶᠠᠷᠢᠯᠴᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠠᠷ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ ᠬᠥᠭᠵᠢᠯᠲᠡ ᠵᠢ ᠠᠬᠢᠭᠤᠯᠵᠤ ᠠᠵᠢᠯ ᠣᠯᠭᠣᠯᠲᠠ ᠵᠢ ᠥᠷᠭᠡᠳᠬᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠰᠢ ᠵᠢᠨ ᠫᠢᠩ ᠹᠢᠵᠢ ᠵᠢᠨ ᠶᠡᠷᠦᠩᠬᠡᠢ ᠰᠠᠶ᠋ᠢᠳ ᠮᠦᠪᠠᠢ᠍ᠢ᠍ᠨᠢᠮᠠᠯᠠᠮᠠ᠎ᠲᠠᠢ ᠤᠲᠠᠰᠤ᠎ᠪᠠᠷ ᠶᠠᠷᠢᠯᠴᠠᠪᠠ
 
            