
6 ᠰᠠᠷ᠎ᠠ ᠵᠢᠨ 23᠎ᠤ ᠡᠳᠦᠷ᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠦᠷᠴᠦ᠂ ᠲᠢᠶᠠᠨ ᠾᠧ ᠭᠤᠣᠯ ᠥᠷᠥᠭᠡᠨ᠎ᠳᠤ ᠡᠭᠦᠷᠭᠡ ᠭᠦᠢ᠍ᠴᠡᠳᠬᠡᠵᠦ ᠪᠠᠶ᠋ᠢᠭ᠎ᠠ ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ᠎ᠤᠨ ᠰᠠᠨᠰᠠᠷᠴᠢᠨ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ᠎ᠲᠠᠢ ᠳᠣᠲᠣᠨᠣ᠎ᠪᠠᠷ ᠶᠠᠷᠢᠯᠴᠠᠪᠠ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠦᠢ ᠫᠧᠩ (ᠵᠡᠭᠦᠨᠳᠡᠬᠢ ᠵᠢᠷᠤᠭ) ᠶᠤᠸᠠᠢ ᠶᠤᠸᠠᠢ ᠸᠧᠢ
(ᠪᠠᠷᠠᠭᠤᠨᠳᠡᠬᠢ ᠵᠢᠷᠤᠭ) ᠰᠡᠭᠦᠳᠡᠷᠯᠡᠪᠡ᠃
ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠠ ᠵᠢᠨ 23᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ 23᠎ᠤ ᠦᠳᠡ ᠵᠢᠨ ᠡᠮᠦᠨ᠎ᠡ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠦᠷᠴᠦ᠂ ᠲᠢᠶᠠᠨ ᠾᠧ ᠭᠤᠣᠯ ᠥᠷᠥᠭᠡᠨ᠎ᠳᠤ ᠡᠭᠦᠷᠭᠡ ᠭᠦᠢ᠍ᠴᠡᠳᠬᠡᠵᠦ ᠪᠠᠶ᠋ᠢᠭ᠎ᠠ ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ᠎ᠤᠨ ᠰᠠᠨᠰᠠᠷᠴᠢᠨ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ᠎ᠲᠠᠢ ᠳᠣᠲᠣᠨᠣ᠎ᠪᠠᠷ ᠶᠠᠷᠢᠯᠴᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠮᠦᠨ᠎ᠡ᠎ᠠᠴᠠ ᠲᠡᠳᠡᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠪᠠᠶ᠋ᠢᠬᠤ᠎ᠪᠠᠨ ᠢᠯᠡᠳᠬᠡᠪᠡ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠠᠵᠢᠯᠯᠠᠭ᠎ᠠ᠎ᠳᠤ ᠣᠷᠣᠯᠴᠠᠪᠠ᠃
ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ ᠨᠢᠰᠬᠦ ᠣᠩᠭᠤᠴᠠ ᠵᠢ 6 ᠰᠠᠷ᠎ᠠ ᠵᠢᠨ 17᠎ᠤ ᠡᠳᠦᠷ ᠣᠭᠲᠠᠷᠭᠤᠢ᠎ᠳᠤ ᠬᠠᠷᠪᠤᠭᠰᠠᠨ᠎ᠠᠴᠠ ᠨᠠᠭ᠋ᠠᠰᠢ᠂ ᠰᠢ ᠵᠢᠨ ᠫᠢᠩ 3 ᠰᠠᠨᠰᠠᠷᠴᠢᠨ᠎ᠤ ᠪᠡᠶ᠎ᠡ ᠮᠠᠬᠠᠪᠣᠳ ᠪᠣᠯᠤᠨ ᠡᠭᠦᠷᠭᠡ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠢ ᠲᠦᠢ᠍ᠯ ᠵᠶ᠋ᠠᠷ ᠬᠠᠯᠠᠮᠵᠢᠯᠠᠵᠤ᠂ 23᠎ᠤ ᠡᠳᠦᠷ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠲᠤᠰᠬᠠᠶ᠋ᠢᠯᠠᠨ ᠬᠦᠷᠴᠦ ᠰᠠᠨᠰᠠᠷᠴᠢᠤᠨᠲᠠᠢ ᠲᠤᠳᠤᠨᠤ᠎ᠪᠠᠷ ᠶᠠᠷᠢᠯᠴᠠᠪᠠ᠃
ᠦᠳᠡ ᠵᠢᠨ ᠡᠮᠦᠨᠡᠬᠢ 9 ᠴᠠᠭ 35 ᠮᠢᠨᠦ᠋ᠲ᠎ᠲᠤ᠂ ᠰᠢ ᠵᠢᠨ ᠫᠢᠩ ᠨᠡᠷ ᠵᠢᠯᠣᠭᠤᠳᠬᠤ ᠶᠡᠭᠡ ᠲᠢᠩᠬᠢᠮ᠎ᠳᠤ ᠣᠷᠣᠵᠤ᠂ ᠲᠤᠬᠠᠢ ᠵᠢᠨ ᠲᠠᠯᠠᠪᠠᠢ ᠵᠢᠨ ᠲᠤᠮᠤ ᠳᠡᠯᠭᠡᠴᠡ᠎ᠪᠠᠷ ᠲᠢᠶᠠᠨ ᠾᠧ ᠭᠤᠣᠯ ᠦᠷᠦᠭᠡ ᠪᠣᠯᠤᠨ ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ ᠨᠢᠰᠬᠦ ᠣᠩᠭᠤᠴᠠ ᠵᠢᠨ ᠬᠠᠮ ᠴᠣᠭᠴᠠ ᠵᠢᠨ ᠠᠵᠢᠯᠯᠠᠭ᠋ᠠᠨ᠎ᠤ ᠪᠠᠶ᠋ᠢᠳᠠᠯ ᠵᠢᠴᠢ ᠰᠠᠨᠰᠠᠷᠴᠢᠨ᠎ᠤ ᠲᠣᠭᠤᠷᠢᠯᠲᠠ ᠵᠢᠨ ᠵᠠᠮ᠎ᠳᠤ ᠠᠵᠢᠯᠯᠠᠵᠤ ᠪᠠᠶ᠋ᠢᠭ᠎ᠠ ᠪᠠᠶ᠋ᠢᠳᠠᠯ᠎ᠢ ᠦᠵᠡᠪᠡ᠃ ᠳᠡᠯᠭᠡᠴᠡᠡ ᠳᠡᠭᠡᠷ᠎ᠡ ᠲᠢᠶᠠᠨ ᠾᠧ ᠭᠤᠣᠯ ᠦᠷᠦᠭᠡ ᠳᠤᠳᠤᠷᠠᠬᠢ ᠠᠬᠤᠢ ᠦᠵᠡᠭᠳᠡᠯ ᠲᠣᠳᠣᠷᠬᠠᠢ ᠢᠯᠡᠷᠡᠵᠥ᠂ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ ᠲᠤᠰ ᠲᠤᠰ ᠮᠧᠬᠠᠨᠢᠭ ᠭᠠᠷᠤᠨ ᠲᠣᠭᠤᠷᠢᠯ ᠵᠠᠮ᠎ᠳᠠᠬᠢ ᠪᠣᠯᠪᠠᠰᠤᠷᠠᠯ᠎ᠤᠨ ᠲᠦᠷᠦᠯ ᠵᠦᠢ᠍ᠯ᠎ᠢ ᠬᠦᠢ᠍ᠴᠡᠳᠬᠡᠬᠦ᠂ ᠥᠷᠥᠭᠡᠨ᠎ᠤ ᠭᠠᠳᠠᠨᠠᠬᠢ ᠰᠠᠨᠰᠠᠷ᠎ᠤᠨ ᠠᠶᠠᠯᠠᠯ᠎ᠤᠨ ᠬᠤᠪᠴᠠᠰᠤᠨ᠎ᠤ ᠪᠠᠶ᠋ᠢᠷᠢᠯᠠᠭᠤᠯᠤᠯᠲᠠ ᠪᠣᠯᠤᠨ ᠪᠠᠶ᠋ᠢᠴᠠᠭ᠋ᠠᠯᠲᠠ ᠵᠡᠷᠭᠡ ᠥᠷᠥᠭᠡᠨ᠎ᠠᠴᠠ ᠭᠠᠷᠬᠤ᠎ᠠᠴᠠ ᠡᠮᠦᠨᠡᠬᠢ ᠪᠡᠯᠡᠳᠬᠡᠯ ᠠᠵᠢᠯ᠎ᠢ ᠬᠢᠵᠦ ᠪᠠᠶ᠋ᠢᠯ᠎ᠠ᠃
9 ᠴᠠᠭ 40 ᠮᠢᠨᠦ᠋ᠲ᠎ᠲᠤ᠂ ᠰᠢ ᠵᠢᠨ ᠫᠢᠩ ᠪᠣᠰᠴᠤ ᠵᠣᠭᠰᠣᠨ᠂ ᠡᠮᠦᠨ᠎ᠡ ᠲᠠᠯ᠎ᠠ ᠵᠢᠨ ᠵᠢᠯᠣᠭᠤᠳᠬᠤ ᠰᠠᠭᠤᠳᠠᠯ᠎ᠳᠤ ᠬᠦᠷᠪᠡ᠃ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ 3 ᠰᠠᠨᠰᠠᠷᠴᠢᠨ ᠴᠤᠭ ᠵᠢᠪᠬᠤᠭ᠎ᠠ ᠲᠡᠭᠦᠯᠳᠡᠷ ᠪᠠᠶ᠋ᠢᠵᠤ᠂ ᠰᠢ ᠵᠢᠨ ᠫᠢᠩ᠎ᠳᠤ ᠶᠣᠰᠣᠯᠠᠪᠠ᠃
ᠰᠢ ᠵᠢᠨ ᠫᠢᠩ᠄ ᠬᠠᠢ ᠱᠧᠩ ᠨᠥᠬᠦᠷ᠂ ᠪᠥᠸᠧ ᠮᠢᠩ ᠨᠥᠬᠦᠷ᠂ ᠬᠤᠩ ᠪᠥᠸᠧ ᠨᠥᠬᠦᠷ᠂ ᠲᠠ ᠨᠠᠷ ᠵᠦᠳᠡᠷᠡᠯ᠎ᠡ᠃ ᠪᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠡᠮᠤᠨ᠎ᠡ᠎ᠠᠴᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠮᠦᠨ᠎ᠡ᠎ᠠᠴᠠ ᠲᠠ ᠨᠠᠷ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠪᠠᠶ᠋ᠢᠨ᠎ᠠ!
ᠨᠢᠶᠧ ᠬᠠᠢ ᠱᠧᠩ᠄ ᠶᠡᠷᠦᠩᠬᠡᠢ ᠱᠦᠵᠢ᠎ᠳᠤ ᠪᠠᠶᠠᠷᠯᠠᠯ᠎ᠠ᠂ ᠪᠦᠭᠦ ᠤᠯᠤᠰ᠎ᠤᠨ ᠠᠷᠠᠳ ᠲᠦᠮᠡᠨ᠎ᠳᠤ ᠪᠠᠶᠠᠷᠯᠠᠯ᠎ᠠ!
ᠰᠢ ᠵᠢᠨ ᠫᠢᠩ᠄ ᠲᠠ ᠨᠠᠷ ᠪᠣᠯ ᠲᠢᠶᠠᠨ ᠾᠧ ᠭᠤᠣᠯ ᠥᠷᠥᠭᠡᠨ᠎ᠳᠤ ᠣᠷᠣᠬᠰᠠᠨ ᠠᠩᠬᠠᠳᠠᠬ᠍ᠴᠢ ᠪᠦᠯᠦᠭ᠎ᠤᠨ ᠰᠠᠨᠰᠠᠷᠴᠢᠨ ᠮᠥᠨ᠂ ᠰᠠᠨᠰᠠᠷ᠎ᠲᠤ ᠦᠯᠡᠳᠡᠵᠥ 3 ᠰᠠᠷ᠎ᠠ ᠠᠵᠢᠯᠯᠠᠬᠤ ᠪᠣᠯᠤᠨ᠎ᠠ᠃ ᠲᠠ ᠨᠠᠷ᠎ᠤᠨ ᠰᠠᠨᠰᠠᠷᠲᠠᠬᠢ ᠠᠵᠢᠯ ᠠᠮᠢᠳᠤᠷᠠᠯ᠎ᠤᠨ ᠪᠠᠶ᠋ᠢᠳᠠᠯ ᠴᠠᠭ ᠢᠮᠠᠬᠳᠠ ᠪᠦᠬᠦ ᠤᠯᠤᠰ᠎ᠤᠨ ᠠᠷᠠᠳ ᠲᠦᠮᠡᠨ᠎ᠤ ᠰᠡᠳᠬᠢᠯ᠎ᠢ ᠲᠠᠲᠠᠵᠤ ᠪᠠᠶ᠋ᠢᠨ᠎ᠠ᠃ ᠲᠠᠨᠤᠰ᠎ᠤᠨ ᠣᠳᠣᠬᠠᠨ᠎ᠤ ᠪᠡᠶ᠎ᠡ ᠮᠠᠬᠠᠪᠤᠳ᠎ᠤᠨ ᠪᠠᠶ᠋ᠢᠳᠠᠯ ᠶᠠᠮᠠᠷ ᠵᠡᠷᠭᠡ ᠪᠠᠶ᠋ᠢᠨ᠎ᠠ ᠪᠤᠢ᠂ ᠠᠮᠢᠳᠤᠷᠠᠯ ᠶᠠᠮᠠᠷ ᠵᠡᠷᠭᠡ ᠪᠤᠢ? ᠠᠵᠢᠯ ᠤᠷᠤᠭᠰᠢᠲᠠᠶ ᠦᠦ?
ᠨᠢᠶᠧ ᠬᠠᠢ ᠱᠧᠩ᠄ ᠶᠡᠷᠦᠩᠬᠡᠢ ᠱᠦᠵᠢ ᠵᠢᠨ ᠬᠠᠯᠠᠮᠵᠢᠯᠠᠯ᠎ᠳᠤ ᠲᠠᠯᠠᠷᠬᠠᠵᠤ ᠪᠠᠶ᠋ᠢᠨ᠎ᠠ! ᠪᠢᠳᠡᠨ᠎ᠤ ᠪᠡᠶ᠎ᠡ ᠮᠠᠬᠠᠪᠤᠳ᠎ᠤᠨ ᠪᠠᠶ᠋ᠢᠳᠠᠯ ᠮᠠᠰᠢ ᠰᠠᠶ᠋ᠢᠨ᠂ ᠡᠯ᠎ᠡ ᠵᠦᠢ᠍ᠯ᠎ᠤᠨ ᠠᠵᠢᠯ ᠤᠷᠤᠭᠰᠢᠲᠠᠶ ᠶᠠᠪᠤᠭᠳᠠᠵᠤ ᠪᠠᠶ᠋ᠢᠨ᠎ᠠ᠃ ᠪᠢ ᠭᠤᠷᠪᠠᠳᠤᠭ᠋ᠠᠷ ᠤᠳᠠᠭ᠎ᠠ ᠡᠭᠦᠷᠭᠡ ᠭᠦᠢ᠍ᠴᠡᠳᠬᠡᠵᠦ ᠪᠠᠶ᠋ᠢᠨ᠎ᠠ᠂ ᠲᠢᠶᠠᠨ ᠾᠧ ᠭᠤᠤᠯ ᠥᠷᠥᠭᠡᠨ᠎ᠳᠤ ᠠᠵᠢᠯᠯᠠᠵᠤ ᠠᠮᠢᠳᠤᠷᠠᠬᠤ ᠨᠥᠬᠦᠴᠡᠯ ᠶᠠᠪᠤᠬᠤ ᠲᠤᠲᠤᠮ ᠰᠠᠶ᠋ᠢᠵᠢᠷᠠᠵᠤ᠂ ᠮᠠᠨ᠎ᠤ ᠳᠤᠮᠳᠠᠳᠤ ᠤᠯᠤᠰ᠎ᠤᠨ ᠰᠠᠨᠰᠠᠷᠴᠢᠨ ᠰᠠᠨᠰᠠᠷ᠎ᠲᠤ ᠣᠷᠳᠣ ᠬᠤᠭᠤᠴᠠᠭ᠎ᠠ᠎ᠪᠠᠷ ᠲᠣᠭᠤᠷᠢᠯᠲᠠ ᠵᠢᠨ ᠵᠠᠮ ᠵᠶ᠋ᠠᠷ ᠠᠶᠠᠯᠠᠬᠤ ᠬᠡᠷ᠎ᠲᠠᠢ ᠪᠣᠯᠵᠠᠶ᠃ ᠠᠯᠤᠰ ᠬᠤᠯᠠ ᠵᠢᠨ ᠣᠭᠲᠠᠷᠭᠤᠢ᠎ᠳᠤ᠂ ᠪᠢᠳᠡ ᠠᠭᠤᠤ ᠶᠡᠭᠡ ᠨᠠᠮ ᠪᠣᠯᠤᠨ ᠡᠬᠡ ᠤᠯᠤᠰ᠎ᠤᠨ ᠡᠮᠦᠨ᠎ᠡ᠎ᠠᠴᠠ ᠪᠠᠭ᠍ᠠᠳᠤᠨ ᠣᠮᠣᠭᠰᠢᠵᠤ ᠪᠠᠶ᠋ᠢᠨ᠎ᠠ᠃
ᠯᠢᠦ ᠪᠥᠸᠧ ᠮᠢᠩ᠄ ᠶᠡᠷᠦᠩᠬᠡᠢ ᠱᠦᠵᠢ᠎ᠳᠤ ᠮᠡᠳᠡᠭᠦᠯᠦᠶ᠎ᠡ᠂ ᠪᠢ ᠬᠤᠶᠠᠳᠤᠭ᠋ᠠᠷ ᠤᠳᠠᠭ᠎ᠠ ᠡᠭᠦᠷᠭᠡ ᠭᠦᠢ᠍ᠴᠡᠳᠬᠡᠵᠦ ᠪᠠᠶ᠋ᠢᠨ᠎ᠠ᠃ ᠡᠨᠡ ᠤᠳᠠᠭ᠋ᠠᠨ᠎ᠤ ᠡᠭᠦᠷᠭᠡ᠎ᠳᠤ ᠣᠷᠣᠯᠴᠠᠬᠰᠠᠨ᠎ᠨᠢ ᠨᠠᠳᠠᠳᠦ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ᠂ ᠲᠦᠢ᠍ᠯ᠎ᠤᠨ ᠢᠷᠠᠭᠤ ᠠᠯᠳᠠᠷᠲᠠᠢ ᠰᠠᠨᠠᠭᠳᠠᠵᠤ ᠪᠠᠶ᠋ᠢᠨ᠎ᠠ᠃ ᠵᠠᠯᠭ᠋ᠠᠭ᠋ᠠᠳ ᠪᠢᠳᠡ ᠬᠤᠶᠠᠷ ᠤᠳᠠᠭ᠋ᠠᠨ᠎ᠤ ᠥᠷᠥᠭᠡᠨ᠎ᠠᠴᠠ ᠭᠠᠷᠬᠤ ᠬᠥᠳᠡᠯᠭᠡᠭᠡᠨ ᠬᠢᠬᠦ ᠪᠠ ᠮᠧᠬᠠᠨᠢᠭ ᠭᠠᠷ ᠵᠶ᠋ᠠᠷ ᠠᠵᠢᠯᠯᠠᠬᠤ ᠵᠡᠷᠭᠡ ᠠᠯᠢ ᠣᠯᠠᠨ ᠮᠡᠷᠭᠡᠵᠢᠯ᠎ᠤᠨ ᠰᠢᠯᠭ᠋ᠠᠨ ᠪᠠᠳᠤᠯᠠᠯᠳᠠ ᠵᠢᠨ ᠲᠤᠷᠰᠢᠯᠳᠠ ᠬᠢᠨ᠎ᠠ᠂ ᠪᠢᠳᠡ ᠯᠠᠪᠲᠠᠶ ᠨᠠᠷᠢᠨ ᠨᠢᠮᠪᠠᠶ ᠠᠵᠢᠯᠯᠠᠵᠤ᠂ ᠡᠯ᠎ᠡ ᠵᠦᠢ᠍ᠯ᠎ᠤᠨ ᠲᠤᠷᠰᠢᠯᠲᠠ ᠵᠢᠨ ᠲᠡᠭᠦᠰ ᠠᠮᠵᠢᠯᠲᠠ᠎ᠲᠠᠢ ᠶᠠᠪᠤᠭᠳᠠᠬᠤ ᠵᠢ ᠪᠠᠲᠤᠯᠠᠨ᠎ᠠ᠃
ᠳᠠᠩ ᠬᠤᠩ ᠪᠥᠸᠧ᠄ ᠶᠡᠷᠦᠩᠬᠡᠢ ᠱᠦᠵᠢ᠎ᠳᠤ ᠮᠡᠳᠡᠭᠦᠯᠦᠶᠠ᠂ ᠪᠢ ᠠᠩᠬ᠎ᠠ ᠤᠳᠠᠭ᠎ᠠ ᠰᠠᠨᠰᠠᠷ᠎ᠲᠤ ᠭᠠᠷᠴᠤ ᠪᠠᠶ᠋ᠢᠨ᠎ᠠ᠂ ᠬᠦᠨᠳᠦᠴᠡ᠎ᠪᠠᠨ ᠠᠯᠳᠠᠭᠰᠠᠨ ᠣᠷᠴᠢᠨ ᠲᠣᠭᠤᠷᠢᠨ᠎ᠳᠤ ᠨᠢᠭᠡᠨᠲᠡ ᠵᠣᠬᠢᠴᠠᠵᠤ᠂ ᠢᠳᠡᠵᠦ ᠤᠤᠭᠤᠬᠤ ᠤᠨᠲᠠᠵᠤ ᠬᠡᠪᠲᠡᠬᠦ ᠪᠣᠯᠤᠨ ᠠᠵᠢᠯᠯᠠᠬᠤ ᠪᠠᠶ᠋ᠢᠳᠠᠯ ᠴᠦᠮ ᠲᠤᠩ ᠰᠠᠶ᠋ᠢᠨ᠂ ᠪᠠᠰᠠ ᠭᠡᠷ᠎ᠤᠨ ᠬᠥᠮᠦᠰ᠎ᠲᠠᠢ᠎ᠪᠠᠨ ᠸᠢᠳᠢᠣ᠋᠎ᠪᠠᠷ ᠶᠠᠷᠢᠯᠴᠠᠵᠤ ᠪᠤᠯᠤᠨ᠎ᠠ᠂ ᠪᠢᠳᠡᠨ᠎ᠤ ᠰᠠᠨᠰᠠᠷ᠎ᠤᠨ ᠭᠡᠷ ᠣᠷᠣᠨ ᠲᠤᠩ ᠬᠠᠯᠠᠭᠤᠨ ᠳᠤᠯᠠᠭ᠋ᠠᠨ᠂ ᠲᠤᠩ ᠲᠠᠭ᠋ᠠᠯᠠᠮᠵᠢᠲᠠᠢ᠃ ᠪᠢᠳᠡ ᠳᠠᠷᠠᠭ᠋ᠠᠴᠢ ᠵᠢᠨ ᠡᠭᠦᠷᠭᠡ᠎ᠪᠠᠨ ᠰᠠᠶ᠋ᠢᠲᠤᠷ ᠪᠡᠶᠡᠯᠡᠭᠦᠯᠬᠦ᠎ᠳᠤ ᠢᠲᠡᠭᠡᠯ ᠲᠡᠭᠦᠯᠳᠡᠷ ᠪᠠᠶ᠋ᠢᠨ᠎ᠠ᠃
ᠰᠢ ᠵᠢᠨ ᠫᠢᠩ᠄ ᠲᠠ ᠨᠠᠷ᠎ᠤᠨ ᠪᠠᠶ᠋ᠢᠳᠠᠯ ᠮᠠᠰᠢ ᠰᠠᠶ᠋ᠢᠨ᠂ ᠠᠵᠢᠯ ᠤᠷᠤᠭᠰᠢᠲᠠᠢ ᠪᠠᠶ᠋ᠢᠬᠤ ᠵᠢ ᠬᠠᠷᠠᠭ᠋ᠠᠳ ᠤᠯᠠᠨ ᠵᠶ᠋ᠠᠷ ᠵᠶ᠋ᠠᠨ ᠮᠠᠰᠢ ᠪᠠᠶᠠᠷᠯᠠᠵᠤ ᠪᠠᠶ᠋ᠢᠨ᠎ᠠ᠃ ᠰᠠᠨᠰᠠᠷ᠎ᠤᠨ ᠦᠷᠳᠡᠭᠡ ᠵᠢ ᠪᠠᠶ᠋ᠢᠭᠤᠯᠬᠤ ᠪᠣᠯ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠴᠢᠬᠤᠯᠠ ᠬᠦᠰᠢᠶ᠎ᠡ ᠲᠡᠮᠳᠡᠭ ᠮᠥᠨ᠂ ᠲᠡᠷᠡ᠎ᠨᠢ ᠬᠥᠮᠦᠨ ᠲᠥᠷᠥᠯᠬᠢᠲᠡᠨ᠎ᠤ ᠰᠠᠨᠰᠠᠷ᠎ᠢ ᠡᠩᠬᠡ ᠲᠠᠶ᠋ᠢᠪᠤᠩ ᠵᠶ᠋ᠠᠷ ᠠᠰᠢᠬᠯᠠᠬᠤ᠎ᠳᠤ ᠨᠡᠭᠡᠭᠡᠯᠲᠡᠲᠦ ᠴᠢᠨᠠᠷᠲᠠᠢ ᠬᠤᠪᠢ ᠨᠡᠮᠡᠷᠢ ᠦᠵᠡᠭᠦᠯᠬᠦ ᠪᠣᠯᠤᠨ᠎ᠠ᠃ ᠲᠠ ᠨᠠᠷ ᠪᠣᠯ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠲᠤᠭ᠎ᠠ ᠲᠣᠮᠰᠢ ᠦᠭᠡᠢ ᠲᠡᠮᠡᠴᠡᠭᠴᠢ᠂ ᠠᠪᠠᠷᠢᠭᠴᠢ ᠵᠢᠨ ᠲᠥᠯᠥᠭᠡᠯᠡᠭᠴᠢ ᠮᠥᠨ᠃ ᠲᠠ ᠨᠠᠷ ᠨᠢᠭᠲᠠ ᠬᠠᠮᠵᠢᠯᠴᠠᠵᠤ᠂ ᠲᠠᠷᠠᠭ᠋ᠠᠴᠢ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠬᠦᠰᠡᠵᠦ ᠪᠠᠶ᠋ᠢᠨ᠎ᠠ! ᠲᠠ ᠨᠠᠷ᠎ᠤᠨ ᠰᠠᠨᠰᠠᠷ᠎ᠤᠨ ᠠᠵᠢᠯ ᠠᠮᠢᠳᠤᠷᠠᠯ ᠤᠷᠤᠭᠰᠢᠲᠠᠶ ᠪᠠᠶ᠋ᠢᠬᠤ ᠵᠢ ᠵᠥᠩᠨᠡᠶ᠎ᠡ᠂ ᠪᠢᠳᠡ ᠪᠡᠭᠡᠵᠢᠩ᠎ᠳᠤ ᠲᠠ ᠨᠠᠷ᠎ᠤᠨ ᠢᠯᠠᠯᠲᠠ᠎ᠲᠠᠢ᠎ᠪᠠᠷ ᠪᠤᠴᠠᠵᠤ ᠢᠷᠡᠬᠦ ᠵᠢ ᠬᠦᠯᠢᠶᠡᠶᠠ!
ᠨᠢᠶᠧ ᠬᠠᠢ ᠱᠧᠩ᠄ ᠪᠢᠳᠠ ᠶᠡᠷᠦᠩᠬᠡᠢ ᠱᠦᠵᠢ ᠵᠢᠨ ᠵᠢᠭ᠋ᠠᠪᠤᠷᠢ ᠵᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠦᠭᠡᠢ᠂ ᠬᠦᠨᠳᠦ ᠨᠠᠶ᠋ᠢᠳᠠᠯᠭ᠎ᠠ ᠵᠢ ᠬᠥᠰᠡᠷᠳᠡᠭᠦᠯᠬᠦ ᠦᠭᠡᠢ᠎ᠪᠠᠷ ᠡᠯ᠎ᠡ ᠵᠦᠢ᠍ᠯ᠎ᠤᠨ ᠡᠭᠦᠷᠭᠡ᠎ᠪᠠᠨ ᠡᠷᠡᠰ ᠪᠡᠶᠡᠯᠡᠭᠦᠯᠦᠨ᠎ᠡ᠃ ᠶᠡᠷᠦᠩᠬᠡᠶ ᠱᠦᠵᠢ ᠰᠠᠨᠠᠭ᠎ᠠ ᠠᠮᠤᠷ ᠪᠠᠶ᠋ᠢᠭ᠋ᠠᠷᠠᠶ᠂ ᠪᠥᠬᠦ ᠤᠯᠤᠰ᠎ᠤᠨ ᠠᠷᠠᠳ ᠲᠦᠮᠡᠨ ᠰᠠᠨᠠᠭ᠎ᠠ ᠠᠮᠤᠷ ᠪᠠᠶ᠋ᠢᠭ᠋ᠠᠷᠠᠶ!
ᠳᠠᠷᠠᠭ᠎ᠠ᠎ᠨᠢ᠂ 3 ᠰᠠᠨᠰᠠᠷᠴᠢᠨ ᠶᠤᠰᠤᠯᠠᠪᠡ᠃ ᠰᠢ ᠵᠢᠨ ᠫᠢᠩ ᠭᠠᠷ ᠳᠠᠯᠠᠯᠤᠨ ᠳᠡᠳᠡᠨ᠎ᠳᠤ ᠮᠡᠨᠳᠦᠴᠢᠯᠡᠯ ᠳᠡᠪᠰᠢᠭᠦᠯᠵᠤ᠂ ᠲᠤᠬᠠᠢ ᠵᠢᠨ ᠲᠠᠯᠠᠪᠠᠢ ᠵᠢᠨ ᠲᠤᠷᠰᠢᠯᠳᠠ᠎ᠳᠤ ᠤᠷᠤᠯᠴᠠᠵᠤ ᠪᠠᠶ᠋ᠢᠭ᠎ᠠ ᠬᠦᠮᠦᠰ᠎ᠢ ᠲᠤᠬᠤᠨᠢᠭᠤᠯᠵᠤ ᠪᠠᠶ᠋ᠢᠬᠤ᠎ᠪᠠᠨ ᠢᠯᠡᠳᠭᠡᠪᠡ᠃ ᠲᠠᠯᠠᠪᠠᠢ ᠲᠦᠬᠦᠷᠡᠩ ᠬᠠᠯᠠᠭᠤᠨ ᠠᠯᠠᠭ᠎ᠠ ᠲᠠᠰᠢᠯᠳᠠ ᠵᠢᠨ ᠳᠠᠭᠤᠨ ᠤᠳᠠᠳᠠᠯ᠎ᠠ ᠨᠢᠵᠢᠭᠢᠨᠡᠪᠡ᠃
ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠵᠠᠩ ᠶᠢᠤ ᠰᠢᠶᠠ᠂ ᠸᠧᠢ ᠹᠧᠩ ᠾᠧ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠭᠦᠨ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠶᠠᠷᠢᠯᠴᠠᠬᠤ ᠠᠵᠢᠯᠯᠠᠭ᠎ᠠ᠎ᠳᠤ ᠤᠷᠤᠯᠴᠠᠵᠠᠢ᠃