ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠠᠷ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ ᠬᠥᠭᠵᠢᠯᠲᠡ ᠵᠢ ᠠᠬᠢᠭᠤᠯᠵᠤ ᠠᠵᠢᠯ ᠣᠯᠭᠣᠯᠲᠠ ᠵᠢ ᠥᠷᠭᠡᠳᠬᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-06-25

      ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠠᠷ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ ᠬᠥᠭᠵᠢᠯᠲᠡ ᠵᠢ ᠠᠬᠢᠭᠤᠯᠵᠤ ᠠᠵᠢᠯ ᠣᠯᠭᠣᠯᠲᠠ ᠵᠢ ᠥᠷᠭᠡᠳᠬᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
      ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠢ ᠲᠦᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ ᠠᠷᠠᠯᠵᠢᠶᠠᠨ᠎ᠤ ᠲᠠᠰ ᠳᠡᠪᠰᠢᠬᠦ ᠵᠢ ᠠᠬᠢᠭᠤᠯᠵᠤ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠢ᠌ᠵᠢᠭᠤᠯᠤᠨ᠎ᠠ


      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 6 ᠳ᠋ᠤᠭ᠋ᠠᠷ ᠰᠠᠷ᠎ᠠ ᠵᠢᠨ 22᠎ᠤᠨ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠠᠷ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ᠂ ᠬᠥᠭᠵᠢᠯᠲᠡ ᠵᠢ ᠠᠬᠢᠭᠤᠯᠬᠤ᠂ ᠠᠵᠢᠯ ᠣᠯᠭᠣᠯᠲᠠ ᠵᠢ ᠥᠷᠭᠡᠳᠬᠡᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ; ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠢ ᠲᠥᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ ᠠᠷᠠᠯᠵᠢᠶᠠᠨ᠎ᠤ ᠲᠡᠰ ᠳᠡᠪᠰᠢᠬᠦ ᠵᠢ ᠠᠬᠢᠭᠤᠯᠤᠨ᠂ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠶ᠋ᠢᠵᠢᠭᠤᠯᠤᠨ᠎ᠠ᠃
      ᠬᠤᠷᠠᠯ᠎ᠠᠴᠠ ᠵᠢᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠤᠢ᠍ᠢ᠍ᠷ᠎ᠠ ᠵᠢᠨ ᠵᠢᠯ᠎ᠤᠨ ᠲᠤᠷᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠶᠡᠬᠡ᠎ᠪᠠᠷ ᠠᠬᠢᠭᠤᠯᠤᠨ᠂ ᠶᠡᠬᠡ ᠬᠡᠮᠵᠢᠶᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠤᠢ ᠪᠣᠯᠭ᠋ᠠᠵᠤ᠂ ᠠᠵᠢᠯ ᠣᠯᠭᠣᠯᠲᠠ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠳᠤ ᠬᠦᠴᠦᠲᠡᠢ ᠲᠤᠯᠭ᠋ᠠᠭᠤᠷᠢᠯᠠᠵᠤ᠂ ᠰᠢᠨ᠎ᠡ ᠬᠦᠳᠡᠯᠭᠡᠭᠴᠢ ᠴᠢᠳᠠᠪᠤᠷᠢ ᠵᠢᠨ ᠲᠦᠷᠭᠡᠨ ᠪᠣᠶ᠋ᠢᠵᠢᠯᠲᠠ ᠵᠢ ᠠᠬᠢᠭᠤᠯᠤᠨ᠂ ᠠᠵᠤ ᠠᠬᠤᠢ ᠵᠢᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠳᠬᠠᠵᠠᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠦᠨ ᠠᠬᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠣᠨ᠎ᠤ ᠱᠠᠭ᠋ᠠᠷᠳᠠᠯᠭ᠎ᠠ ᠵᠢ ᠨᠡᠩ ᠰᠠᠶ᠋ᠢᠲᠤᠷ ᠲᠤᠭᠤᠰᠢᠯᠠᠭᠤᠯᠬᠤ ᠬᠡᠷᠡᠭᠲᠡᠶ᠃ ᠨᠢᠭᠡ᠎ᠳᠤ᠂ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢ ᠪᠠᠷᠢᠮᠲᠠᠯᠠᠬᠤ ᠬᠡᠷᠡᠭᠲᠡᠢ᠃ ᠬᠥᠳᠡᠯᠮᠦᠷᠢ ᠬᠦᠴᠦᠨ᠎ᠤ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠵᠢ ᠭᠦᠨᠵᠡᠭᠡᠶ ᠲᠣᠬᠢᠷᠠᠭᠤᠯᠬᠤ᠂ ᠠᠵᠢᠯ ᠣᠯᠭᠣᠬᠤ ᠠᠷᠭ᠎ᠠ ᠮᠠᠶᠢᠭ᠎ᠢ ᠨᠡᠩ ᠤᠯᠠᠨ ᠡᠰᠢᠵᠢᠭᠦᠯᠬᠦ᠂ ᠵᠠᠬ᠎ᠠ ᠳᠡᠯᠭᠡᠭᠦᠷ᠎ᠤᠨ ᠠᠮᠢᠳᠤᠯᠢᠭ ᠴᠢᠨᠠᠷ᠎ᠢ ᠨᠡᠮᠡᠭᠳᠡᠭᠦᠯᠬᠦ ᠵᠡᠷᠭᠡ ᠰᠢᠨ᠎ᠡ ᠪᠠᠶ᠋ᠢᠳᠠᠯ᠎ᠳᠤ ᠵᠣᠬᠢᠴᠠᠭᠤᠯᠤᠨ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠤᠯᠠᠮ ᠨᠢᠭᠡ ᠠᠯᠬᠤᠮ ᠠᠬᠢᠭᠤᠯᠵᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠦᠷᠭᠦᠯᠵᠢᠯᠡᠨ ᠲᠣᠭᠲᠠᠭᠤᠨ ᠵᠶ᠋ᠠᠷ ᠡᠵᠡᠩᠨᠡᠬᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠨᠡᠩ ᠤᠯᠠᠨ ᠪᠣᠶ᠋ᠢᠵᠢᠭᠤᠯᠵᠤ᠂ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠴᠢᠳ ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠤᠯᠠᠨ ᠠᠷᠭ᠎ᠠ ᠵᠠᠮ ᠵᠶ᠋ᠠᠷ ᠦᠢ᠍ᠯᠡᠰ ᠴᠣᠭᠴᠠᠯᠠᠨ ᠠᠵᠢᠯ ᠤᠯᠬᠤ ᠵᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯ ᠣᠯᠭᠣᠯᠲᠠ ᠵᠢ ᠰᠢᠩᠭᠡᠭᠡᠨ ᠠᠪᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠢ᠃ ᠬᠣᠶᠠᠷ᠎ᠲᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠨᠡᠩ ᠰᠢᠯᠢᠳᠡᠭ ᠬᠥᠭᠵᠢᠯᠲᠡ ᠵᠢᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠦᠶ ᠵᠣᠬᠢᠰ ᠦᠭᠡᠶ ᠬᠠᠷᠰᠢ ᠰᠠᠭ᠋ᠠᠳ᠎ᠢ ᠠᠷᠢᠯᠭ᠋ᠠᠨ᠂ ᠲᠣᠮᠣ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠎ᠳᠠᠬᠢ ᠭᠣᠤᠯᠯᠠᠬᠤ ᠪᠠᠶ᠋ᠢᠷᠢ ᠵᠢ ᠡᠵᠡᠯᠡᠵᠦ ᠪᠠᠢ᠌ᠭ᠎ᠠ 《ᠬᠡᠯᠬᠢᠶᠡᠵᠢᠯ᠎ᠤᠨ ᠡᠵᠡᠨ》 ᠪᠣᠯᠬᠤ ᠠᠵᠤ ᠠᠬᠤᠶ᠋ᠢᠯᠠᠯ᠎ᠤᠨ ᠬᠥᠲᠥᠯᠦᠨ ᠳᠠᠭ᠋ᠠᠭᠤᠯᠵᠦ ᠲᠤᠯᠭ᠋ᠠᠭᠤᠷᠢᠯᠠᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠤᠨ᠂ ᠵᠠᠬ᠎ᠠ ᠳᠡᠯᠭᠡᠭᠦᠷ᠂ ᠰᠢᠨ᠎ᠡ ᠵᠢ ᠡᠭᠦᠳᠬᠦ᠂ ᠪᠠᠯᠠ ᠮᠥᠩᠭᠥ ᠵᠡᠷᠭᠡ ᠬᠦᠴᠦᠨ ᠵᠦᠢ᠍ᠯ᠎ᠤᠨ ᠡᠬᠢ ᠪᠠᠶᠠᠯᠢᠭ᠎ᠢ ᠨᠡᠭᠡᠭᠡᠵᠦ᠂ ᠰᠤᠳᠤᠯᠤᠨ ᠬᠥᠭᠵᠢᠭᠦᠯᠬᠦ᠂ ᠨᠡᠪᠴᠢᠭᠦᠯᠬᠦ᠂ ᠪᠠᠯᠠ ᠣᠷᠣᠭᠤᠯᠬᠤ ᠵᠢ ᠨᠢᠭᠡ ᠴᠤᠭᠴᠠᠵᠢᠭᠤᠯᠤᠭᠰᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠦᠨ ᠪᠣᠶ᠋ᠢᠵᠢᠭᠤᠯᠬᠤ ᠲᠥᠪ᠎ᠢ ᠪᠥᠲᠥᠭᠡᠨ ᠪᠠᠶ᠋ᠢᠭᠤᠯᠵᠤ᠂ ᠨᠠᠩ ᠣᠯᠠᠨ 《ᠲᠤᠰᠬᠠᠶ ᠰᠣᠳᠣᠨ ᠥᠪᠡᠷᠮᠢᠴᠡ ᠰᠢᠨ᠎ᠡ》᠂ 《ᠵᠢᠭ᠋ᠠᠬᠠᠨ ᠠᠪᠤᠷᠭᠤ》᠂ ᠦᠢ᠍ᠯᠡᠳᠬᠡᠯ᠎ᠤᠨ ᠦᠢ᠍ᠯᠡᠰ᠎ᠤᠨ ᠭᠠᠭᠴᠠ ᠵᠦᠢ᠍ᠯ᠎ᠤᠨ ᠮᠠᠩᠯᠠᠶ ᠵᠡᠷᠭᠡ ᠳᠤᠮᠳᠠ ᠵᠢᠵᠢᠭ ᠠᠵᠤ ᠠᠬᠤᠶ᠋ᠢᠯᠠᠯ᠎ᠤᠨ ᠦᠰᠦᠨ ᠪᠤᠵᠠᠭ᠋ᠠᠶ᠋ᠢᠷᠠᠬᠤ ᠵᠢ ᠠᠬᠢᠭᠤᠯᠤᠨ᠎ᠠ᠃ ᠲᠥᠪ ᠭᠣᠣᠯᠴᠢ᠎ᠪᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠭᠤᠷᠪᠠ᠎ᠳᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠯ᠎ᠢ ᠴᠢᠩᠭ᠋ᠠᠳᠬᠠᠬᠤ ᠬᠡᠷᠡᠭᠲᠡᠢ᠃ ᠭᠠᠶ᠋ᠢᠯᠢ ᠲᠠᠲᠠᠪᠤᠷᠢ ᠵᠢ ᠬᠥᠩᠭᠡᠯᠡᠵᠦ ᠬᠡᠯᠲᠦᠷᠢᠭᠦᠯᠬᠦ᠂ ᠰᠤᠳᠤᠯᠤᠨ ᠬᠥᠭᠵᠢᠭᠦᠯᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠬᠠᠰᠤᠬᠤ᠂ ᠦᠷᠳᠡᠭ ᠨᠡᠮᠡᠭᠳᠡᠯ᠎ᠤᠨ ᠭᠠᠶ᠋ᠢᠯᠢ ᠵᠢᠨ ᠨᠡᠮᠡᠭᠳᠡᠯ᠎ᠤᠨ ᠬᠡᠮᠵᠢᠶ᠎ᠡ ᠵᠢ ᠦᠯᠡᠳᠡᠭᠡᠵᠦ ᠭᠠᠶ᠋ᠢᠯᠢ ᠵᠢ ᠲᠤᠯᠭ᠋ᠠᠨ ᠪᠤᠴᠠᠭ᠋ᠠᠬᠤ ᠵᠡᠷᠭᠡ ᠲᠦᠷᠦ ᠵᠢᠨ ᠪᠤᠳᠤᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠦᠢ᠍ᠯᠡᠰ ᠴᠣᠭᠴᠠᠯᠠᠬᠤ ᠪᠠᠯᠠ ᠣᠷᠣᠭᠤᠯᠤᠯᠲᠠ ᠵᠢ ᠬᠥᠲᠥᠯᠦᠨ ᠵᠢᠯᠣᠭᠣᠳᠬᠤ ᠰᠠᠭᠤᠷᠢ ᠮᠥᠩᠭᠥ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠳᠥᠷᠢᠮ᠎ᠤᠨ ᠲᠤᠷᠰᠢᠯᠲᠠ᠎ᠳᠤ ᠣᠷᠤᠯᠴᠠᠬᠤ ᠵᠢ ᠠᠬᠢᠭᠤᠯᠤᠨ᠎ᠠ᠃ ᠭᠠᠳᠠᠭ᠋ᠠᠳᠤ ᠵᠢᠨ ᠨᠡᠩ ᠤᠯᠠᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠤ ᠦᠢ᠍ᠯᠡᠰ ᠴᠣᠭᠴᠠᠯᠠᠬᠤ ᠵᠢ ᠲᠠᠲᠠᠵᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠨᠥᠬᠥᠴᠡᠯ᠎ᠲᠠᠢ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠳᠡᠯᠡᠬᠡᠢ᠌ᠴᠢᠯᠡᠭᠰᠡᠨ ᠬᠥᠭᠵᠢᠯᠲᠡ ᠵᠢ ᠳᠡᠮᠵᠢᠬᠦ ᠬᠡᠷᠡᠭᠲᠡᠢ ᠭᠡᠵᠡᠢ᠃
      ᠬᠤᠷᠠᠯ᠎ᠠᠴᠠ ᠱᠠᠭ᠋ᠠᠷᠳᠠᠭᠰᠠᠨ᠎ᠨᠢ᠂ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ ᠪᠣᠯ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠭᠣᠣᠯ ᠬᠦᠴᠦᠨ ᠮᠥᠨ᠂ ᠪᠠᠰᠠ ᠴᠦ᠍ ᠤᠯᠠᠨ ᠤᠯᠤᠰ᠎ᠤᠨ ᠠᠷᠠᠯᠵᠢᠶᠠᠨ᠎ᠤ ᠬᠥᠭᠵᠢᠯᠲᠡ ᠵᠢᠨ ᠴᠢᠬᠤᠯᠠ ᠬᠠᠨᠳᠤᠰᠢ ᠮᠥᠨ᠃ ᠣᠶ᠋ᠢᠷ᠎ᠠ ᠵᠢᠨ ᠵᠢᠯ᠎ᠤᠨ ᠲᠤᠷᠰᠢ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ ᠲᠦᠷᠭᠡᠨ ᠵᠶ᠋ᠠᠷ ᠬᠥᠭᠵᠢᠵᠦ᠂ ᠡᠭᠦᠨ᠎ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠡᠪᠴᠢᠶ᠎ᠡ 5 ᠵᠢᠯ᠎ᠳᠤ 10 ᠳᠠᠬᠢᠨ ᠰᠢᠬᠠᠮ ᠨᠡᠮᠡᠭᠳᠡᠵᠦ᠂ ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ ᠢᠯᠠᠩᠭᠤᠶ᠎ᠠ ᠬᠢᠵᠢᠭ᠎ᠤᠨ ᠪᠠᠶ᠋ᠢᠳᠠᠯ᠎ᠤᠨ ᠲᠠᠭ᠋ᠠᠷᠢᠯᠲᠠ ᠵᠢᠨ ᠳᠣᠤᠷ᠎ᠠ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠵᠡᠷᠭᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠨᠢᠭᠡ᠎ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠪᠦᠷᠢᠨᠰᠢᠭᠦᠯᠬᠦ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ᠎ᠠᠴᠠ ᠣᠷᠤᠭᠤᠯᠤᠭᠰᠠᠨ ᠲᠠᠸᠠᠷ᠎ᠤᠨ  ᠵᠢᠵᠢᠭᠯᠡᠨ ᠬᠤᠳᠠᠯᠳᠤᠬᠤ ᠨᠠᠷᠢᠨ ᠬᠠᠭᠤᠳᠠᠰᠤ ᠵᠢ ᠰᠢᠯᠢᠳᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ᠎ᠠᠴᠠ ᠣᠷᠤᠭᠤᠯᠵᠤ ᠭᠠᠷᠭ᠋ᠠᠭᠰᠠᠨ ᠪᠠᠷᠠᠭ᠎ᠠ ᠵᠢ ᠪᠤᠴᠠᠭ᠋ᠠᠵᠦ ᠰᠣᠯᠢᠬᠤ ᠬᠠᠮᠢᠶᠠᠷᠤᠯᠲᠠ᠎ᠳᠤ ᠳᠥᠭᠥᠮ ᠦᠵᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠦᠭᠯᠡᠭᠦᠷ᠎ᠢ ᠲᠣᠭᠲᠠᠭ᠋ᠠᠵᠤ᠂ ᠬᠠᠭᠤᠷᠮᠠᠭ ᠮᠠᠭᠤ ᠲᠠᠸᠠᠷ᠎ᠢ ᠰᠡᠷᠭᠡᠶ᠋ᠢᠯᠡᠨ᠎ᠡ᠃ ᠬᠣᠶᠠᠷ᠎ᠲᠤ᠂ ᠭᠠᠳᠠᠭ᠋ᠠᠳᠤ᠎ᠳᠠᠬᠢ ᠬᠥᠮᠥᠷᠭᠡ ᠵᠢᠨ ᠬᠥᠭᠵᠢᠯᠲᠡ ᠵᠢ ᠢᠳᠡᠪᠬᠢᠲᠡᠶ᠎ᠪᠠᠷ ᠠᠬᠢᠭᠤᠯᠬᠤ ᠬᠡᠷᠡᠭᠲᠡᠶ᠃ ᠤᠯᠠᠮᠵᠢᠯᠠᠯᠲᠤ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ ᠵᠡᠷᠭᠡ ᠵᠢᠨ ᠭᠠᠳᠠᠭ᠋ᠠᠳᠤ᠎ᠳᠠᠬᠢ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠭᠠᠳᠠᠭ᠋ᠠᠳᠤ᠎ᠳᠠᠬᠢ ᠬᠥᠮᠥᠷᠭᠡ ᠵᠢᠨ ᠲᠣᠭ᠋ᠠᠵᠢᠭᠤᠯᠤᠯᠲᠠ᠂ ᠤᠶᠤᠨᠴᠢᠯᠠᠯᠲᠠ ᠵᠢᠨ ᠬᠢᠷᠢ ᠲᠥᠪᠰᠢᠨ᠎ᠢ ᠳᠡᠭᠡᠭᠰᠢᠯᠡᠭᠦᠯᠦᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠣᠩᠭᠣᠴᠠ ᠵᠢᠭᠡᠯᠡᠨ ᠲᠡᠯᠡᠶ᠎ᠳᠤ ᠭᠠᠷᠬᠤ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠲᠥᠷᠥᠯ ᠲᠡᠮᠳᠡᠭᠲᠦ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠦᠢ᠍ᠯᠡᠳᠬᠦᠨ᠎ᠤ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠣᠷᠣᠨ ᠵᠠᠶ ᠵᠢ ᠥᠷᠭᠡᠳᠬᠡᠬᠦ ᠵᠢ ᠳᠠᠶ᠋ᠢᠴᠢᠯᠠᠨ᠎ᠠ᠃ ᠭᠤᠷᠪᠠ᠎ᠳᠤ᠂ ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠠᠷᠠᠯᠵᠢᠶᠠᠨ᠎ᠤ ᠠᠷᠭ᠎ᠠ ᠬᠡᠯᠪᠡᠷᠢ ᠵᠢ ᠢᠳᠡᠪᠬᠢᠲᠡᠢ ᠬᠥᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠭᠠᠶ᠋ᠢᠯᠢ ᠵᠢ ᠪᠤᠴᠠᠭ᠋ᠠᠬᠤ ᠠᠵᠢᠯ᠎ᠢ ᠲᠥᠪᠯᠡᠷᠡᠭᠦᠯᠵᠦ ᠣᠷᠣᠯᠠᠨ ᠭᠦᠢ᠍ᠴᠡᠳᠬᠡᠬᠦ ᠠᠵᠢᠯ᠎ᠤᠨ ᠦᠷ᠎ᠡ ᠪᠦᠲᠦᠮᠵᠢ ᠪᠠ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠬᠦᠳᠦᠯᠦᠨ ᠵᠢᠯᠣᠭᠣᠳᠴᠤ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠳᠣᠲᠣᠷᠠᠬᠢ ᠠᠵᠤ ᠠᠬᠤᠶ᠋ᠢᠯᠠᠯ᠎ᠤᠨ ᠭᠠᠶ᠋ᠢᠯᠢ ᠵᠢ ᠪᠠᠲᠤᠯᠠᠬᠤ ᠵᠠᠰᠠᠯᠲᠠ ᠥᠷᠨᠢᠭᠦᠯᠬᠦ ᠵᠢ ᠳᠡᠮᠵᠢᠵᠦ᠂ ᠨᠥᠬᠥᠴᠡᠯ᠎ᠲᠠᠢ ᠭᠠᠵᠠᠷ ᠣᠷᠣᠨ᠎ᠤ ᠬᠢᠯᠢ ᠵᠢᠨ ᠭᠠᠳᠠᠨᠠᠬᠢ ᠠᠷᠠᠯᠵᠢᠶ᠎ᠠ ᠵᠢ ᠬᠥᠭᠵᠢᠭᠦᠯᠬᠦ ᠵᠢ ᠳᠡᠮᠵᠢᠬᠦ ᠬᠡᠷᠡᠭᠲᠡᠢ᠃ ᠲᠦᠷᠪᠡ᠎ᠳᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠤᠨ ᠤᠯᠠᠨ ᠤᠯᠤᠰ᠎ᠤᠨ ᠲᠦᠷᠢᠮ ᠪᠠ ᠪᠠᠷᠢᠮᠵᠢᠶ᠎ᠠ ᠵᠢ ᠲᠣᠭᠲᠠᠭ᠋ᠠᠬᠤ᠎ᠳᠤ ᠢᠳᠡᠪᠬᠢᠲᠡᠶ ᠣᠷᠣᠯᠴᠠᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠂ ᠤᠯᠤᠰ ᠠᠯᠤᠰᠯᠠᠭᠰᠠᠨ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶᠡᠨ᠎ᠳᠠᠬᠢ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠹᠢᠵᠢ ᠵᠢᠨ ᠶᠡᠷᠦᠩᠬᠡᠢ ᠰᠠᠶ᠋ᠢᠳ ᠮᠦᠪᠠᠢ᠍ᠢ᠍ᠨᠢᠮᠠᠯᠠᠮᠠ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠤᠴᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠬᠯᠠᠵᠤ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠵᠥ ᠲᠡᠦᠬᠡ ᠪᠤᠯᠤᠨ ᠠᠷᠠᠳ ᠲᠦᠮᠡᠨ᠎ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠵᠢ ᠴᠢᠷᠮᠠᠶ᠋ᠢᠨ ᠡᠭᠦᠳᠬᠦ ᠬᠡᠷᠡᠭᠲᠡᠢ
ᠰᠢ ᠵᠢᠨ ᠫᠢᠩ ᠵᠠᠬᠢᠳᠠᠯ ᠢᠯᠡᠭᠡᠵᠦ ᠵᠢᠨ ᠱᠠ ᠵᠢᠶᠠᠩ ᠮᠥᠷᠡᠨ᠎ᠤ ᠪᠠᠢ ᠾᠧ ᠲᠠᠨ ᠤᠰᠤᠨ ᠴᠠᠬᠢᠯᠭ᠋ᠠᠨ᠎ᠤ ᠥᠷᠲᠡᠭᠡᠨ᠎ᠤ ᠲᠦᠷᠦᠭᠦᠦ ᠪᠦᠯᠦᠭ᠎ᠤᠨ ᠮᠠᠰᠢᠨ ᠴᠣᠭᠴᠠᠯᠠᠪᠤᠷᠢ ᠠᠰᠢᠬᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠭᠰᠠᠨ᠎ᠳᠤ ᠪᠠᠶᠠᠷ ᠬᠦᠷᠭᠡᠪᠡ ᠯᠢ ᠺᠸ ᠴᠢᠶᠠᠩ ᠴᠣᠬᠣᠯᠠᠪᠤᠷᠢ ᠥᠭᠴᠦ ᠬᠠᠨ ᠵᠧᠩ ᠠᠰᠢᠬᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠬᠤ ᠶᠣᠰᠣᠯᠠᠯ᠎ᠳᠤ ᠣᠷᠣᠯᠴᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠤᠷᠠᠨ ᠰᠠᠶ᠋ᠢᠬᠠᠨ᠎ᠤ ᠲᠣᠭᠯᠠᠯᠲᠠ 《ᠠᠭᠤᠤ ᠶᠡᠬᠡ ᠠᠶᠠᠨ》 ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠸ ᠵᠢᠢ ᠬᠠᠨ ᠵᠧᠩ ᠸᠠᠩ ᠴᠢ ᠱᠠᠨ ᠲᠣᠭᠯᠠᠯᠲᠠ ᠵᠢ ᠰᠣᠨᠢᠷᠬᠠᠵᠠᠢ
 
            