ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 24᠎ᠤ ᠴᠠᠬᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 6 ᠰᠠᠷ᠎ᠠ ᠵᠢᠨ 24᠎ᠤ ᠡᠳᠦᠷ ᠰᠸᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠤᠲᠠᠰᠤ᠎ᠪᠠᠷ ᠶᠠᠷᠢᠯᠴᠠᠪᠠ᠃
ᠰᠢ ᠵᠢᠨ ᠫᠢᠩ᠂ ᠰᠸᠷᠪᠢᠶ᠎ᠠ ᠵᠢᠨ ᠠᠷᠠᠳ ᠲᠦᠮᠡᠨ ᠪᠣᠯ ᠨᠠᠢ᠍ᠢ᠍ᠷ ᠵᠢᠷᠤᠮ᠎ᠢ ᠴᠢᠬᠤᠯᠠᠴᠢᠯᠠᠳᠠᠭ ᠦᠨᠳᠦᠰᠦᠲᠡᠨ ᠮᠥᠨ᠂ ᠳᠤᠮᠳᠠᠳᠤ ᠰᠸᠷᠪᠢᠶ᠎ᠠ ᠵᠢᠨ 《ᠪᠠᠳᠤ ᠦᠨᠡᠨᠴᠢ ᠨᠥᠬᠥᠷᠯᠡᠯ》 ᠪᠣᠯ ᠡᠷᠬᠢᠮ ᠨᠠᠨᠳᠢᠨ ᠶᠤᠮ᠂ ᠪᠢᠳᠡ ᠡᠷᠡᠰ ᠬᠠᠮᠠᠭ᠋ᠠᠯᠠᠵᠤ᠂ ᠦᠶ᠎ᠡ ᠵᠢᠨ ᠦᠶ᠎ᠡ᠎ᠳᠤ ᠪᠠᠳᠠᠷᠠᠭᠤᠯᠤᠭᠤᠰᠢᠲᠠᠢ ᠶᠤᠮ᠃ ᠣᠳᠣᠬᠠᠨ᠎ᠳᠤ᠂ ᠳᠤᠮᠳᠠᠳᠤ ᠰᠸᠷᠪᠢᠶ᠎ᠠ ᠬᠣᠶᠠᠷ ᠤᠯᠤᠰ᠎ᠲᠤ ᠴᠥᠮ ᠰᠢᠨ᠎ᠡ ᠠᠵᠠ ᠲᠣᠬᠢᠶᠠᠯ ᠪᠣᠯᠤᠨ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠂ ᠳᠤᠮᠳᠠᠳᠤ ᠤᠯᠤᠰ ᠳᠤᠷᠠᠲᠠᠶ᠎ᠠ ᠰᠸᠷᠪᠢᠶ᠎ᠠ ᠵᠢᠨ᠎ᠬᠢᠨ᠎ᠲᠠᠢ ᠬᠠᠮᠲᠤ᠎ᠪᠠᠷ᠂ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ ᠪᠣᠯᠤᠨ ᠠᠯᠤᠰ ᠬᠡᠳᠤ ᠵᠢᠨ ᠬᠠᠷᠠᠭ᠋ᠠᠰᠤ᠎ᠠᠴᠠ ᠬᠣᠶᠠᠷ ᠲᠠᠯ᠎ᠠ ᠵᠢᠨ ᠬᠠᠷᠢᠯᠴᠠᠭ᠎ᠠ᠎ᠳᠤ ᠬᠠᠨᠳᠤᠵᠤ ᠬᠦᠭᠵᠢᠬᠦᠯᠦᠨ᠂ ᠳᠤᠮᠳᠠᠳᠤ ᠰᠸᠷᠪᠢᠶ᠎ᠠ ᠵᠢᠨ ᠨᠥᠬᠥᠷᠰᠡᠭ ᠬᠠᠷᠢᠯᠴᠠᠭ᠎ᠠ ᠵᠢ ᠦᠨᠢᠳᠡ ᠪᠠᠲᠤ ᠪᠣᠯᠭ᠋ᠠᠨ᠎ᠠ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠪᠢᠳᠡ ᠲᠤᠰ ᠲᠤᠰ᠎ᠤᠨ ᠤᠯᠤᠰ᠎ᠤᠨ ᠡᠷᠬᠡ ᠮᠡᠳᠡᠯ ᠪᠣᠯᠤᠨ ᠠᠮᠤᠷ ᠲᠦᠪᠰᠢᠨ᠎ᠢ ᠬᠠᠮᠠᠭ᠋ᠠᠯᠠᠬᠤ ᠴᠢᠷᠮᠠᠶ᠋ᠢᠯᠭ᠎ᠠ ᠳᠤᠮᠳᠠ ᠬᠠᠷᠢᠯᠴᠠᠨ ᠡᠷᠡᠰ ᠳᠡᠮᠵᠢᠶ᠎ᠠ᠃ ᠳᠤᠮᠳᠠᠳᠤ ᠤᠯᠤᠰ ᠰᠧᠷᠪᠢᠶ᠎ᠠ ᠵᠢᠨ ᠠᠷᠠᠳ ᠲᠦᠮᠡᠨ᠎ᠤ ᠥᠪᠡᠷ᠎ᠤᠨ ᠤᠯᠤᠰ᠎ᠤᠨ ᠪᠠᠶ᠋ᠢᠳᠠᠯ ᠵᠶ᠋ᠠᠨ ᠦᠨᠳᠦᠰᠦᠯᠡᠨ ᠰᠣᠩᠭᠣᠭᠰᠠᠨ ᠬᠥᠭᠵᠢᠯᠲᠡ ᠵᠢᠨ ᠵᠠᠮ᠎ᠢ ᠳᠡᠮᠵᠢᠨ᠎ᠡ᠃ ᠬᠣᠶᠠᠷ ᠲᠠᠯ᠎ᠠ᠎ᠪᠠᠷ ᠵᠶ᠋ᠠᠨ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠳᠦᠬᠡᠨ ᠪᠠᠶ᠋ᠢᠭᠤᠯᠬᠤ ᠵᠢ ᠲᠦᠷᠭᠡᠳᠬᠡᠨ ᠠᠬᠢᠭᠤᠯᠵᠤ᠂ ᠬᠠᠮᠲᠤᠷᠠᠯᠴᠠᠭ᠋ᠠᠨ᠎ᠤ ᠰᠢᠨ᠎ᠡ ᠨᠡᠮᠡᠭᠳᠡᠯ᠎ᠤᠨ ᠴᠡᠭ᠎ᠢ ᠪᠣᠶ᠋ᠢᠵᠢᠭᠤᠯᠵᠤ᠂ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠂ ᠬᠥᠭᠵᠢᠯᠲᠡ ᠵᠢ ᠬᠠᠮᠲᠤ᠎ᠪᠠᠷ ᠰᠦᠪᠡᠭᠴᠢᠯᠡᠶ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠂ ᠠᠵᠤ ᠠᠬᠤᠢ ᠵᠢᠨ ᠰᠡᠷᠭᠦᠯᠲᠡ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ᠎ᠢ ᠭᠠᠷ ᠬᠣᠯᠪᠣᠨ ᠠᠷᠭ᠋ᠠᠴᠠᠭ᠋ᠠᠶ᠎ᠠ᠃ ᠰᠸᠷᠪᠢᠶ᠎ᠠ ᠵᠢᠨ᠎ᠬᠢᠨ ᠬᠡᠷᠡᠭᠴᠡᠭᠡ᠎ᠲᠠᠢ ᠯᠡ ᠶᠤᠮ ᠪᠣᠯ ᠳᠤᠮᠳᠠᠳᠤ ᠤᠯᠤᠰ ᠳᠤᠷᠠᠲᠠᠶ᠎ᠠ ᠰᠸᠷᠪᠢᠶ᠎ᠠ ᠵᠢᠨ᠎ᠬᠢᠨ᠎ᠤ ᠬᠢᠵᠢᠭ᠎ᠲᠠᠢ ᠲᠡᠮᠡᠴᠡᠬᠦ᠎ᠳᠤ ᠦᠷᠭᠦᠯᠵᠢᠯᠡᠨ ᠬᠠᠪᠰᠤᠷᠤᠯᠭ᠎ᠠ ᠬᠠᠩᠭ᠋ᠠᠨ᠎ᠠ᠃ ᠤᠯᠠᠨ ᠲᠠᠯᠠᠲᠤ ᠬᠡᠷᠡᠭ ᠶᠠᠪᠤᠳᠠᠯ᠎ᠳᠠᠬᠢ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ᠎ᠪᠠᠷ ᠭᠣᠣᠯ ᠪᠣᠯᠭ᠋ᠠᠭᠰᠠᠨ ᠤᠯᠠᠨ ᠤᠯᠤᠰ᠎ᠤᠨ ᠰᠢᠰᠲ᠋ᠧᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠬᠠᠤᠯᠢ ᠪᠣᠯᠤᠨ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠲᠦᠷᠢᠮ᠎ᠢ ᠬᠠᠮᠠᠭ᠋ᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠦᠶ᠎ᠡ᠃ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠵᠢᠨ ᠤᠯᠤᠰ᠎ᠤᠳ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠤᠨ ᠬᠠᠮᠲᠤ ᠵᠢᠨ ᠲᠠᠨᠢᠯᠲᠠ ᠪᠣᠯᠤᠨ ᠦᠷ᠎ᠡ ᠪᠦᠲᠦᠭᠡᠯ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠵᠢᠨ ᠤᠯᠤᠰ᠎ᠤᠳ᠎ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ᠎ᠲᠠᠢ ᠪᠣᠯᠬᠤ ᠵᠢ ᠠᠬᠢᠭᠤᠯᠤᠶ᠎ᠠ ᠭᠡᠵᠤ ᠴᠢᠬᠤᠯᠠᠴᠢᠯᠠᠵᠠᠢ᠃
ᠥᠴᠢᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠤᠢ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠭᠤᠤ ᠶᠡᠬᠡ ᠠᠮᠵᠢᠯᠲᠠ ᠵᠢ ᠣᠯᠵᠤ᠂ ᠤᠯᠤᠰ᠎ᠤᠨ ᠪᠠᠶᠠᠵᠢᠯ ᠬᠦᠴᠦᠷᠬᠡᠭᠵᠢᠯᠢ ᠪᠡᠶᠡᠯᠡᠭᠦᠯᠵᠤ᠂ ᠳᠡᠯᠡᠬᠡᠢ ᠵᠢᠨ ᠡᠩᠬᠡ ᠲᠠᠶ᠋ᠢᠪᠤᠩ ᠪᠠ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠪᠣᠯᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠦᠷᠭᠦᠯᠵᠢᠯᠡᠨ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠲᠤᠮᠤ ᠠᠯᠬᠤᠭ᠎ᠠ᠎ᠪᠠᠷ ᠤᠷᠤᠭᠰᠢᠯᠠᠬᠤ ᠵᠢ ᠪᠢ ᠪᠠᠲᠤ ᠢᠲᠡᠭᠡᠵᠦ ᠪᠠᠶ᠋ᠢᠨ᠎ᠠ᠃ ᠳᠤᠮᠳᠠᠳᠤ ᠤᠯᠤᠰ ᠪᠣᠯ ᠰᠸᠷᠪᠢᠶ᠎ᠠ ᠵᠢᠨ ᠠᠭᠤᠤ ᠶᠡᠬᠡ ᠨᠠᠶ᠋ᠢᠵᠠ ᠮᠥᠨ᠂ ᠰᠸᠷᠪᠢᠶ᠎ᠠ ᠳᠤᠮᠳᠠᠳᠤ ᠵᠢᠨ ᠬᠠᠷᠢᠯᠴᠠᠭ᠎ᠠ ᠣᠳᠣᠬᠠᠨ᠎ᠳᠤ ᠲᠡᠦᠬᠡ ᠵᠢᠨ ᠬᠠᠮᠤᠭ᠎ᠤᠨ ᠰᠠᠢ᠍ᠢ᠍ᠨ ᠲᠦᠪᠰᠢᠨ᠎ᠳᠤ ᠣᠷᠣᠰᠢᠵᠤ ᠪᠠᠶ᠋ᠢᠨ᠎ᠠ᠂ ᠰᠸᠷᠪᠢᠶ᠎ᠠ ᠵᠢᠨ᠎ᠬᠢᠨ ᠰᠸᠷᠪᠢᠶ᠎ᠠ ᠳᠤᠮᠳᠠᠳᠤ ᠵᠢᠨ 《ᠪᠠᠳᠤ ᠦᠨᠡᠨᠴᠢ ᠨᠥᠬᠥᠷᠯᠡᠯ》᠎ᠳᠤ ᠣᠮᠣᠭᠰᠢᠵᠤ ᠪᠠᠶ᠋ᠢᠨ᠎ᠠ᠃ ᠳᠤᠮᠳᠠᠳᠤ ᠤᠯᠤᠰ ᠰᠧᠷᠪᠢᠶ᠎ᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠡᠷᠬᠢᠮ ᠨᠠᠨᠳᠢᠨ ᠲᠤᠰᠠᠯᠠᠮᠵᠢ ᠬᠠᠩᠭ᠋ᠠᠵᠤ᠂ ᠤᠯᠠᠮᠵᠢᠯᠠᠯᠲᠤ ᠨᠥᠬᠥᠷᠯᠡᠯ᠎ᠢ ᠭᠦᠨᠵᠡᠭᠡᠶ᠋ᠢᠷᠡᠭᠦᠯᠦᠨ ᠪᠡᠬᠢᠵᠢᠭᠦᠯᠪᠡ᠂ ᠸᠠᠺᠼᠢᠨ ᠵᠡᠷᠭᠡ ᠲᠠᠯ᠎ᠠ᠎ᠪᠠᠷ ᠦᠷᠭᠦᠯᠵᠢᠯᠡᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ᠃ ᠰᠸᠷᠪᠢᠶ᠎ᠠ ᠵᠢᠨ᠎ᠬᠢᠨ ᠳᠤᠷᠠᠲᠠᠶ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠠ ᠴᠠᠷᠠᠭ᠋ᠠᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠥᠷᠭᠡᠳᠬᠡᠨ᠎ᠡ᠃ ᠰᠸᠷᠪᠢᠶ᠎ᠠ ᠵᠢᠨ᠎ᠬᠢᠨ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠵᠢᠨ ᠤᠯᠤᠰ᠎ᠤᠳ᠎ᠤᠨ ᠬᠠᠮᠲᠤᠷᠠᠯᠴᠠᠭ᠎ᠠ ᠵᠢ ᠡᠷᠡᠰ ᠳᠡᠮᠵᠢᠬᠦ ᠪᠥᠭᠡᠳ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠰᠸᠷᠪᠢᠶ᠎ᠠ ᠳᠤᠮᠳᠠᠳᠤ ᠵᠢᠨ ᠨᠥᠬᠥᠷᠯᠡᠯ ᠥᠨᠢ ᠮᠥᠩᠬᠡ ᠣᠷᠣᠰᠢᠬᠤ ᠵᠢ ᠵᠥᠩᠨᠡᠶ᠎ᠡ ᠭᠡᠵᠤ ᠢᠯᠡᠳᠭᠡᠪᠡ᠃