ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 24᠎ᠤ ᠴᠠᠬᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 6 ᠰᠠᠷ᠎ᠠ ᠵᠢᠨ 24᠎ᠤ ᠡᠳᠦᠷ ᠹᠢᠵᠢ ᠵᠢᠨ ᠶᠡᠷᠦᠩᠬᠡᠢ ᠰᠠᠶ᠋ᠢᠳ ᠮᠦᠪᠠᠢ᠍ᠢ᠍ᠨᠢᠮᠠᠯᠠᠮᠠ᠎ᠲᠠᠢ ᠤᠲᠠᠰᠤ᠎ᠪᠠᠷ ᠶᠠᠷᠢᠯᠴᠠᠪᠠ᠃
ᠰᠢ ᠵᠢᠨ ᠫᠢᠩ᠂ ᠹᠢᠵᠢ ᠪᠣᠯ ᠰᠢᠨ᠎ᠡ ᠳᠤᠮᠳᠠᠳᠤ ᠤᠯᠤᠰ᠎ᠲᠠᠢ ᠬᠠᠮᠤᠭ᠎ᠤᠨ ᠡᠷᠲᠡ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ ᠨᠣᠮᠣᠬᠠᠨ ᠲᠠᠯᠠᠢ ᠵᠢᠨ ᠠᠷᠠᠯᠲᠤ ᠤᠯᠤᠰ ᠪᠣᠯᠤᠨ᠎ᠠ᠃ ᠬᠠᠷᠢᠯᠴᠠᠭ᠎ᠠ ᠪᠠᠶ᠋ᠢᠭᠤᠯᠤᠭᠰᠠᠨ 46 ᠵᠢᠯ᠎ᠤᠨ ᠲᠤᠷᠰᠢ᠂ ᠳᠤᠮᠳᠠᠳᠤ ᠹᠢᠵᠢ ᠵᠢᠨ ᠬᠠᠷᠢᠯᠴᠠᠭ᠎ᠠ ᠯᠤᠲᠤ ᠶᠡᠬᠡ ᠬᠥᠭᠵᠢᠯᠲᠡ᠎ᠲᠠᠢ ᠪᠣᠯᠵᠠᠢ᠂ ᠡᠭᠦᠨ᠎ᠳᠤ ᠴᠢᠬᠤᠯᠠ ᠨᠢᠭᠡᠨ ᠲᠤᠷᠰᠢᠯᠭ᠎ᠠ ᠭᠡᠪᠡᠯ ᠬᠣᠶᠠᠷ ᠲᠠᠯ᠎ᠠ᠎ᠪᠠᠷ ᠵᠶ᠋ᠠᠨ ᠢᠮᠠᠭᠲᠠ ᠨᠦᠬᠦᠬᠡ ᠨᠢᠭᠡ ᠲᠠᠯ᠎ᠠ ᠵᠢᠨ ᠵᠶ᠋ᠠᠨ ᠭᠣᠣᠯᠯᠠᠬᠤ ᠠᠰᠢᠭ ᠲᠤᠰᠠ ᠪᠠ ᠴᠢᠬᠤᠯᠠ ᠶᠡᠬᠡ ᠠᠩᠬᠠᠷᠴᠤ ᠪᠠᠶ᠋ᠢᠭ᠎ᠠ ᠠᠰᠠᠭᠤᠳᠠᠯ ᠲᠡᠭᠡᠷ᠎ᠡ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠹᠢᠵᠢ ᠵᠢᠨ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠲᠤᠬᠢᠷᠠᠬᠰᠠᠨ ᠬᠥᠭᠵᠢᠯᠲᠡ ᠵᠢᠨ ᠵᠠᠮ ᠵᠶ᠋ᠠᠨ ᠪᠡᠶ᠎ᠡ᠎ᠪᠠᠨ ᠳᠠᠭ᠋ᠠᠭ᠋ᠠᠵᠤ ᠰᠦᠪᠡᠭᠴᠢᠯᠡᠬᠦ ᠵᠢ ᠬᠦᠨᠳᠦᠳᠬᠡᠵᠦ᠂ ᠳᠤᠷᠠᠲᠠᠶ᠎ᠠ ᠹᠢᠵᠢ᠎ᠲᠠᠢ ᠬᠠᠮᠲᠤ᠎ᠪᠠᠷ ᠳᠤᠮᠳᠠᠳᠤ ᠹᠢᠵᠢ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠲᠠᠰᠤᠷᠠᠯᠳᠠ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠴᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠲᠤ᠎ᠪᠠᠷ ᠬᠠᠮᠠᠭ᠋ᠠᠯᠠᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠳᠠᠷᠠᠭ᠎ᠠ᠂ ᠳᠤᠮᠳᠠᠳᠤ ᠹᠢᠵᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠯᠵᠤ᠂ ᠭᠠᠷ ᠬᠣᠯᠪᠣᠨ ᠬᠢᠵᠢᠭ᠎ᠲᠠᠢ ᠲᠡᠮᠡᠴᠡᠵᠦ᠂ ᠬᠣᠶᠠᠷ ᠤᠯᠤᠰ᠎ᠤᠨ ᠨᠥᠬᠥᠷᠯᠡᠯ ᠪᠣᠯᠤᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶ᠋ᠢᠷᠡᠪᠡ᠃ ᠳᠤᠮᠳᠠᠳᠤ ᠤᠯᠤᠰ ᠳᠤᠷᠠᠲᠠᠶ᠎ᠠ ᠹᠢᠵᠢ ᠵᠢᠨ ᠬᠢᠵᠢᠭ᠎ᠲᠠᠢ ᠲᠡᠮᠡᠴᠡᠬᠦ᠎ᠳᠤ ᠦᠷᠭᠦᠯᠵᠢᠯᠡᠨ ᠸᠠᠺᠼᠢᠨ ᠵᠡᠷᠭᠡ ᠳᠡᠮᠵᠢᠯᠭᠡ ᠬᠠᠩᠭ᠋ᠠᠵᠤ᠂ ᠳᠤᠮᠳᠠᠳᠤ ᠤᠯᠤᠰ — ᠨᠣᠮᠣᠬᠠᠨ ᠲᠠᠯᠠᠢ ᠵᠢᠨ ᠠᠷᠠᠯᠲᠤ ᠤᠯᠤᠰ᠎ᠤᠳ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠵᠢ ᠪᠠᠶ᠋ᠢᠭᠤᠯᠵᠤ᠂ ᠹᠢᠵᠢ ᠵᠡᠷᠭᠡ ᠠᠷᠠᠯᠲᠤ ᠤᠯᠤᠰ᠎ᠤᠳ᠎ᠢ ᠬᠠᠪᠰᠤᠷᠤᠨ ᠤᠯᠠᠨ ᠨᠡᠶ᠋ᠢᠲᠡ ᠵᠢᠨ ᠬᠦᠨᠳᠦ ᠶᠡᠬᠡ ᠡᠷᠡᠭᠦᠯ ᠬᠠᠮᠠᠭ᠋ᠠᠯᠠᠯ᠎ᠤᠨ ᠬᠡᠷᠡᠭ ᠪᠣᠯᠤᠨ ᠪᠠᠶ᠋ᠢᠭ᠋ᠠᠯᠢ ᠵᠢᠨ ᠭᠠᠮᠰᠢᠭ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠹᠢᠵᠢ᠎ᠲᠠᠢ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠠᠷᠠᠯᠵᠢᠶ᠎ᠠ ᠪᠠᠯᠠ ᠣᠷᠣᠭᠤᠯᠤᠯᠲᠠ᠂ ᠰᠠᠭᠤᠷᠢ ᠲᠥᠬᠥᠭᠡᠷᠦᠮᠵᠢ᠂ ᠵᠠᠮ ᠬᠠᠷᠢᠯᠴᠠᠭ᠎ᠠ ᠴᠢᠮᠡᠭᠡ ᠬᠣᠯᠪᠣᠭ᠎ᠠ᠂ ᠵᠢᠭᠤᠯᠴᠢᠯᠠᠯ ᠵᠡᠷᠭᠡ ᠬᠦᠷᠢᠶ᠎ᠠ ᠴᠠᠷᠠᠭ᠋ᠠᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠮᠥᠭᠥ ᠵᠢᠨ ᠡᠪᠡᠰᠦ᠂ ᠲᠠᠷᠢᠶᠠᠯᠠᠩ᠎ᠤᠨ ᠮᠡᠷᠭᠡᠵᠢᠯ᠎ᠤᠨ ᠬᠠᠮᠲᠤᠷᠠᠯᠴᠠᠭ᠎ᠠ ᠵᠡᠷᠭᠡ ᠲᠥᠷᠥᠯ ᠵᠦᠢ᠍ᠯ᠎ᠢ ᠦᠷᠭᠦᠯᠵᠢᠯᠡᠨ ᠰᠠᠶ᠋ᠢᠲᠤᠷ ᠬᠡᠷᠡᠭᠵᠢᠭᠦᠯᠵᠦ᠂ ᠹᠢᠵᠢ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠹᠢᠵᠢ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠦᠷᠭᠦᠯᠵᠢᠯᠡᠨ ᠳᠡᠮᠵᠢᠨ᠎ᠡ ᠭᠡᠵᠤ ᠴᠢᠬᠤᠯᠠᠴᠢᠯᠠᠪᠠ᠃
ᠮᠦᠪᠠᠢ᠍ᠢ᠍ᠨᠢᠮᠠᠯᠠᠮᠠ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ᠃ ᠲᠡᠷᠢᠭᠦᠯᠡᠭᠴᠢ ᠰᠢ ᠵᠢᠨ ᠫᠢᠩ᠎ᠤᠨ ᠬᠤᠯᠠ ᠵᠢᠨ ᠬᠠᠷᠠᠴᠠ ᠰᠡᠴᠡᠨ ᠤᠬᠠᠭ᠋ᠠᠨ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠬᠡ ᠬᠥᠭᠵᠢᠯᠲᠡ ᠵᠢᠨ ᠠᠮᠵᠢᠯᠲᠠ ᠵᠢ ᠣᠯᠵᠤ᠂ ᠳᠡᠯᠡᠬᠡᠢ ᠳᠡᠭᠡᠷ᠎ᠡ ᠴᠢᠬᠤᠯᠠ ᠤᠳᠤᠷᠢᠳᠬᠤ ᠦᠢ᠍ᠯᠡᠳᠦᠯ ᠦᠵᠡᠭᠦᠯᠵᠦ ᠪᠠᠶ᠋ᠢᠨ᠎ᠠ᠃ ᠳᠤᠮᠳᠠᠳᠤ ᠤᠯᠤᠰ ᠹᠢᠵᠢ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠨ᠎ᠠ᠃ ᠹᠢᠵᠢ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠤᠲᠤᠯᠭ᠎ᠠ ᠵᠢ ᠡᠷᠡᠰ ᠪᠠᠷᠢᠮᠳᠠᠯᠠᠵᠤ᠂ ᠲᠠᠶ᠋ᠢᠸᠠᠨ᠎ᠳᠤ ᠬᠣᠯᠪᠣᠭᠳᠠᠬᠤ᠂ ᠰᠢᠶᠠᠩᠭ᠋ᠠᠩ᠎ᠳᠤ ᠬᠣᠯᠪᠣᠭᠳᠠᠬᠤ᠂ ᠰᠢᠨᠵᠢᠶᠠᠩ᠎ᠳᠤ ᠬᠣᠯᠪᠣᠭᠳᠠᠬᠤ ᠵᠡᠷᠭᠡ ᠠᠰᠠᠭᠤᠳᠠᠯ ᠳᠡᠭᠡᠷ᠎ᠡ ᠪᠤᠰᠤᠳᠴᠢ ᠲᠥᠪ ᠭᠣᠣᠯᠴᠢ ᠵᠣᠭᠰᠣᠯᠲᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠰᠢᠭ ᠲᠤᠰᠠ ᠵᠢ ᠬᠣᠬᠢᠷᠠᠭᠤᠯᠬᠤ ᠶᠠᠪᠤᠳᠠᠯ᠎ᠢ ᠬᠢᠬᠦ ᠦᠭᠡᠢ᠃ ᠹᠢᠵᠢ ᠵᠢᠨ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ᠎ᠯᠤᠭ᠎ᠠ ᠶᠠᠪᠤᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠤᠯᠤᠯᠴᠠᠭ᠎ᠠ ᠬᠠᠮᠵᠢᠯᠴᠠᠭ᠎ᠠ᠎ᠪᠠᠨ ᠨᠢᠭᠲᠠᠷᠠᠭᠤᠯᠤᠨ᠎ᠠ᠃ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠦᠲᠦᠭᠡᠨ ᠪᠠᠢ᠍ᠢ᠍ᠭᠤᠯᠬᠤ ᠵᠢᠨ ᠢᠷᠡᠭᠡᠳᠦᠢ ᠰᠠᠷᠠᠭᠤᠯ ᠠᠭᠤᠳᠠᠮ ᠪᠠᠢ᠍ᠢ᠍ᠵᠦ᠂ ᠹᠢᠵᠢ ᠳᠤᠮᠳᠠᠳᠤ ᠵᠢᠨ ᠬᠠᠮᠳᠤᠷᠠᠯᠴᠠᠭ᠎ᠠ᠎ᠳᠤ ᠴᠢᠬᠤᠯᠠ ᠠᠵᠠ ᠳᠤᠬᠢᠶᠠᠯ᠎ᠢ ᠠᠪᠴᠢᠷᠠᠬᠤ ᠪᠤᠯᠤᠨ᠎ᠠ᠂ ᠹᠢᠵᠢ ᠵᠢᠨ᠎ᠬᠢᠨ ᠦᠷᠭᠦᠯᠵᠢᠯᠡᠨ ᠢᠳᠡᠪᠬᠢᠳᠠᠢ ᠤᠷᠤᠯᠴᠠᠨ᠎ᠠ ᠭᠡᠵᠤ ᠢᠯᠡᠷᠬᠡᠢ᠍ᠢ᠍ᠯᠡᠪᠡ᠃