ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠵᠤ ᠪᠠᠢ᠍ᠢ᠍ᠭ᠎ᠠ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶ᠎ᠠ 6 ᠰᠠᠷ᠎ᠠ ᠵᠢᠨ 25᠎ᠤ ᠦᠳᠡ ᠵᠢᠨ ᠬᠣᠶ᠋ᠢᠨ᠎ᠠ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠬᠯᠠᠵᠤ᠂ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠬᠤ ᠳᠤᠬᠠᠢ ᠭᠤᠴᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ
ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠬᠦ᠎ᠳᠡᠭᠡᠨ᠂ ᠬᠤᠪᠢᠰᠬᠠᠯ᠎ᠤᠨ ᠡᠬᠢ ᠪᠠᠶᠠᠯᠢᠭ ᠪᠣᠯ ᠮᠠᠨ᠎ᠤ ᠨᠠᠮ᠎ᠤᠨ ᠰᠢᠷᠭ᠋ᠠᠭᠤ ᠬᠠᠲᠠᠭᠤᠵᠢᠯᠲᠠᠶ ᠪᠥᠭᠡᠳ ᠬᠡᠷᠡᠯ ᠰᠠᠴᠤᠷᠠᠩᠭᠤᠶ ᠲᠡᠮᠡᠴᠡᠯ᠎ᠤᠨ ᠥᠩᠭᠡᠷᠡᠯᠲᠡ ᠵᠢᠨ ᠭᠡᠷᠡᠴᠢ ᠮᠥᠨ᠂ ᠬᠠᠮᠤᠭ᠎ᠤᠨ ᠡᠷᠬᠢᠮ ᠨᠠᠨᠳᠢᠨ ᠣᠶᠤᠨ ᠰᠠᠨᠠᠭ᠋ᠠᠨ᠎ᠤ ᠥᠪ ᠬᠥᠷᠥᠩᠭᠡ ᠮᠥᠨ᠃ ᠬᠤᠪᠢᠰᠬᠠᠯ᠎ᠤᠨ ᠠᠮᠢᠨ ᠰᠤᠳᠠᠰᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠦᠷᠦ ᠵᠢᠨ ᠤᠤᠷ ᠴᠢᠨᠠᠷ᠎ᠤᠨ ᠲᠥᠪᠯᠡᠷᠡᠩᠭᠦᠢ ᠢᠯᠡᠷᠡᠯ ᠮᠥᠨ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠬᠦᠴᠦᠨ ᠴᠢᠳᠠᠯ᠎ᠤᠨ ᠡᠬᠢ ᠪᠤᠯᠠᠭ ᠮᠥᠨ᠃ ᠥᠩᠭᠡᠷᠡᠭᠰᠡᠨ᠎ᠤ ᠥᠩᠭᠡᠷᠡᠯᠲᠡ᠎ᠪᠠᠨ ᠡᠷᠭᠢᠴᠡᠭᠦᠯᠵᠦ᠂ ᠤᠷᠤᠭᠰᠢᠯᠠᠯᠲᠠ ᠵᠢᠨ ᠵᠠᠮ ᠵᠶ᠋ᠠᠨ ᠪᠠᠷᠠᠯᠠᠬᠤᠶ᠎ᠠ᠂ ᠪᠢᠳᠡ ᠡᠷᠬᠡᠪᠰᠢ ᠬᠤᠪᠢᠰᠬᠠᠯ᠎ᠤᠨ ᠠᠮᠢᠨ ᠰᠤᠳᠠᠰᠤ ᠵᠢ ᠦᠷᠬᠦᠯᠵᠢᠯᠡᠨ ᠵᠠᠯᠭ᠋ᠠᠮᠵᠢᠯᠠᠵᠥ᠂ ᠨᠠᠮ᠎ᠤᠨ ᠲᠡᠮᠡᠴᠡᠯ᠎ᠤᠨ ᠥᠩᠭᠡᠷᠡᠯᠲᠡ ᠪᠠ ᠠᠭᠤᠤ ᠶᠡᠬᠡ ᠠᠮᠵᠢᠯᠲᠠ ᠪᠦᠲᠦᠮᠵᠢ᠎ᠪᠠᠷ ᠲᠡᠮᠡᠴᠡᠯ᠎ᠤᠨ ᠵᠣᠷᠢᠭ ᠵᠶ᠋ᠠᠨ ᠬᠥᠪᠴᠢᠯᠡᠵᠦ᠂ ᠴᠢᠭᠯᠡᠯ ᠵᠶ᠋ᠠᠨ ᠵᠢᠭ᠋ᠠᠨ ᠵᠢᠯᠣᠭᠣᠳᠴᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠵᠶ᠋ᠠᠷ ᠢᠲᠡᠭᠡᠯ ᠵᠣᠷᠢᠭ ᠵᠶ᠋ᠠᠨ ᠪᠠᠲᠤᠳᠬᠠᠵᠤ᠂ ᠬᠦᠴᠦᠨ ᠴᠢᠳᠠᠯ ᠵᠶ᠋ᠠᠨ ᠨᠢᠭᠲᠠᠷᠠᠭᠤᠯᠵᠤ᠂ ᠨᠠᠮ᠎ᠤᠨ ᠲᠡᠦᠬᠡᠨ ᠲᠤᠷᠰᠢᠯᠭ᠎ᠠ ᠪᠠ ᠦᠢ᠍ᠯᠡᠳᠦᠯᠭᠡ ᠵᠢᠨ ᠡᠬᠦᠳᠦᠯᠳᠡ᠎ᠪᠠᠷ ᠤᠶᠤᠨ ᠤᠬᠠᠭ᠋ᠠᠨ ᠵᠶ᠋ᠠᠨ ᠰᠡᠩᠬᠡᠷᠡᠭᠦᠯᠵᠦ᠂ ᠵᠠᠩ ᠴᠢᠨᠠᠷ ᠵᠶ᠋ᠠᠨ ᠬᠠᠲᠠᠭᠤᠵᠢᠭᠤᠯᠵᠤ᠂ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠵᠦ᠂ ᠵᠠᠮ ᠨᠡᠭᠡᠭᠡᠨ ᠤᠷᠤᠭᠰᠢᠯᠠᠵᠤ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠴᠢᠰᠤ᠎ᠪᠠᠨ ᠤᠷᠤᠰᠬᠠᠵᠤ ᠠᠮᠢ ᠪᠡᠶ᠎ᠡ᠎ᠪᠠᠨ ᠦᠷᠡᠭᠳᠡᠭᠦᠯᠦᠨ ᠪᠠᠶ᠋ᠢᠭᠤᠯᠤᠭᠰᠠᠨ ᠬᠤᠪᠢᠰᠬᠠᠯᠳᠤ ᠲᠦᠷᠦ ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠰᠠᠶ᠋ᠢᠲᠤᠷ ᠪᠦᠳᠦᠭᠡᠨ ᠪᠠᠶ᠋ᠢᠭᠤᠯᠵᠤ᠂ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ᠂ ᠲᠡᠦᠬᠡ ᠪᠤᠯᠤᠨ ᠠᠷᠠᠳ ᠲᠦᠮᠡᠨ᠎ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠵᠢ ᠴᠢᠷᠮᠠᠶ᠋ᠢᠨ ᠡᠭᠦᠳᠬᠦ ᠬᠡᠷᠡᠭᠲᠡᠢ ᠬᠡᠵᠤ ᠴᠢᠬᠤᠯᠠᠴᠢᠯᠠᠪᠠ᠃

6 ᠰᠠᠷ᠎ᠠ ᠵᠢᠨ 25᠎ᠤ ᠡᠳᠤᠷ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠬᠯᠠᠵᠤ᠂ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠬᠤ ᠳᠤᠬᠠᠢ ᠭᠤᠴᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠳᠤᠰ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ᠎ᠨᠢ ᠲᠣᠭᠣᠷᠢᠨ ᠦᠵᠡᠬᠦ ᠪᠠ ᠶᠠᠷᠢᠯᠴᠠᠬᠤ ᠵᠢ ᠬᠠᠷᠢᠯᠴᠠᠨ ᠤᠶᠠᠯᠳᠤᠭᠤᠯᠤᠬᠰᠠᠨ ᠬᠡᠯᠪᠡᠷᠢ᠎ᠪᠠᠷ ᠶᠠᠪᠤᠭᠳᠠᠪᠠ᠂ ᠡᠨᠡ ᠪᠤᠯ ᠰᠢ ᠵᠢᠨ ᠫᠢᠩ᠂
ᠯᠢ ᠻᠸ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠸᠩ ᠨᠠᠷ ᠪᠡᠭᠡᠵᠢᠩ ᠶᠡᠬᠡ ᠰᠤᠷᠭ᠋ᠠᠭᠤᠯᠢ ᠵᠢᠨ ᠤᠯᠠᠭ᠋ᠠᠨ ᠠᠰᠠᠷ᠎ᠲᠤ
《ᠭᠡᠷᠡᠯ ᠰᠠᠴᠤᠷᠠᠩᠭᠤᠢ ᠠᠤᠭ᠎ᠠ ᠦᠢ᠍ᠯᠡᠰ ᠬᠤᠪᠢᠰᠬᠠᠯ᠎ᠤᠨ ᠡᠬᠦᠰᠦᠯ — ᠪᠡᠭᠡᠵᠢᠩ ᠶᠡᠬᠡ ᠰᠤᠷᠭ᠋ᠠᠭᠤᠯᠢ ᠵᠢᠨ ᠤᠯᠠᠭ᠋ᠠᠨ ᠠᠰᠠᠷ ᠬᠢᠬᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠨ᠎ᠤ ᠬᠤᠭᠤᠴᠠᠭ᠋ᠠᠨ᠎ᠤ ᠪᠡᠭᠡᠵᠢᠩ᠎ᠤᠨ ᠬᠤᠪᠢᠰᠬᠠᠯ᠎ᠤᠨ ᠠᠵᠢᠯᠯᠠᠭ᠎ᠠ ᠵᠢᠨ ᠭᠣᠣᠯ ᠰᠡᠳᠦᠪᠲᠦ ᠦᠵᠡᠰᠬᠦᠯᠡᠩ》᠎ᠢ ᠲᠣᠭᠣᠷᠢᠨ ᠦᠵᠡᠵᠦ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠬᠦᠳᠡᠷᠯᠡᠪᠡ
ᠲᠤᠰ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠪᠣᠯ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠲᠦᠷᠦᠭᠦᠯᠡᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠴᠢᠬᠤᠯᠠ ᠲᠤᠬᠢᠷᠠᠭᠤᠯᠤᠯᠳᠠ ᠪᠠᠢ᠍ᠢ᠍ᠵᠥ᠂ ᠲᠣᠭᠣᠷᠢᠨ ᠦᠵᠡᠬᠦ ᠪᠠ ᠶᠠᠷᠢᠯᠴᠠᠬᠤ ᠵᠢ ᠬᠠᠷᠢᠯᠴᠠᠨ ᠤᠶᠠᠯᠳᠤᠭᠤᠯᠬᠤ ᠬᠡᠯᠪᠡᠷᠢ᠎ᠪᠠᠷ ᠶᠠᠪᠤᠭᠳᠠᠭᠤᠯᠪᠠ᠃
25᠎ᠤ ᠦᠳᠡ ᠵᠢᠨ ᠬᠣᠶ᠋ᠢᠨ᠎ᠠ᠂ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠥᠳ᠎ᠢ ᠳᠠᠭ᠋ᠠᠭᠤᠯᠤᠨ ᠪᠡᠭᠡᠵᠢᠩ ᠶᠡᠬᠡ ᠰᠤᠷᠭ᠋ᠠᠭᠤᠯᠢ ᠵᠢᠨ ᠤᠯᠠᠭ᠋ᠠᠨ ᠠᠰᠠᠷ᠎ᠲᠤ ᠬᠦᠷᠴᠦ᠂ 《ᠭᠡᠷᠡᠯ ᠰᠠᠴᠤᠷᠠᠩᠭᠤᠢ ᠠᠤᠭ᠎ᠠ ᠦᠢ᠍ᠯᠡᠰ ᠬᠤᠪᠢᠰᠬᠠᠯ᠎ᠤᠨ ᠡᠬᠦᠰᠦᠯ — ᠪᠡᠭᠡᠵᠢᠩ ᠶᠡᠬᠡ ᠰᠤᠷᠭ᠋ᠠᠭᠤᠯᠢ ᠵᠢᠨ ᠤᠯᠠᠭ᠋ᠠᠨ ᠠᠰᠠᠷ ᠬᠢᠬᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠨ᠎ᠤ ᠬᠤᠭᠤᠴᠠᠭ᠋ᠠᠨ᠎ᠤ ᠪᠡᠭᠡᠵᠢᠩ᠎ᠤᠨ ᠬᠤᠪᠢᠰᠬᠠᠯ᠎ᠤᠨ ᠠᠵᠢᠯᠯᠠᠭ᠎ᠠ ᠵᠢᠨ ᠭᠣᠣᠯ ᠰᠡᠳᠦᠪᠲᠦ ᠦᠵᠡᠰᠬᠦᠯᠡᠩ》᠎ᠢ ᠲᠣᠭᠣᠷᠢᠨ ᠦᠵᠡᠵᠦ᠂ ᠯᠢ ᠳ᠋ᠡ ᠵᠤᠤ᠂ ᠴᠧᠨ ᠳ᠋ᠦ᠋ ᠰᠢᠤ ᠨᠡᠷ᠎ᠤᠨ ᠬᠤᠪᠢᠰᠬᠠᠯ᠎ᠤᠨ ᠠᠵᠢᠯᠯᠠᠭ᠎ᠠ ᠥᠷᠨᠢᠭᠦᠯᠦᠭᠰᠡᠨ᠂ ᠮᠠᠷᠺᠰ᠎ᠤᠨ ᠦᠵᠡᠯ᠎ᠢ ᠳᠤᠮᠳᠠᠳᠤ ᠤᠯᠤᠰ᠎ᠲᠤ ᠠᠩᠬᠠᠨ᠎ᠤ ᠦᠶ᠎ᠠ᠎ᠳᠤ ᠤᠯᠠᠮᠵᠢᠯᠠᠬᠤ ᠵᠢ ᠠᠬᠢᠭᠤᠯᠤᠬᠰᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠡᠯᠡᠳᠬᠡᠵᠤ ᠡᠬᠦᠰᠬᠡᠨ ᠪᠠᠶ᠋ᠢᠭᠤᠯᠤᠬᠰᠠᠨ ᠵᠡᠷᠭᠡ ᠬᠤᠪᠢᠰᠬᠠᠯ᠎ᠤᠨ ᠲᠡᠦᠬᠡ ᠵᠢ ᠲᠠᠬᠢᠨ ᠡᠷᠭᠢᠴᠡᠭᠦᠯᠪᠡ᠃ ᠦᠵᠡᠰᠬᠦᠯᠡᠩ᠎ᠤᠨ ᠲᠢᠩᠬᠢᠮ᠎ᠳᠤ᠂ ᠭᠡᠷᠡᠯ ᠵᠢᠷᠤᠭ᠎ᠤᠳ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠳ᠎ᠨᠢ ᠲᠤᠬᠠᠢ ᠵᠢᠨ ᠴᠠᠬ ᠦᠶ᠎ᠡ ᠵᠢᠨ ᠭᠡᠷᠡᠯ ᠰᠠᠴᠤᠷᠠᠩᠭᠤᠢ ᠲᠡᠦᠬᠡ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠰᠢ ᠵᠢᠨ ᠫᠢᠩ ᠨᠢᠬᠡᠳ ᠨᠢᠬᠡ᠎ᠪᠠᠷ ᠦᠵᠡᠵᠤ᠂ ᠬᠠᠮᠢᠶ᠎ᠠ ᠪᠦᠬᠦᠢ ᠨᠠᠷᠢᠨ ᠵᠦᠢ᠍ᠯᠡᠰ᠎ᠢ ᠠᠰᠠᠭᠤᠨ ᠯᠠᠪᠯᠠᠵᠤ ᠪᠠᠶ᠋ᠢᠯ᠎ᠠ᠃ ᠲᠡᠷᠡ᠂ ᠪᠡᠭᠡᠵᠢᠩ ᠶᠡᠬᠡ ᠰᠤᠷᠭ᠋ᠠᠭᠤᠯᠢ ᠪᠣᠯ ᠰᠢᠨ᠎ᠡ ᠰᠣᠶᠣᠯ᠎ᠤᠨ ᠬᠥᠳᠡᠯᠭᠡᠭᠡᠨ᠎ᠤ ᠲᠥᠪ ᠪᠠ ᠲᠠᠪᠤᠨ ᠰᠠᠷ᠎ᠠ ᠵᠢᠨ ᠳᠦᠷᠪᠡᠨ᠎ᠤ ᠬᠥᠳᠡᠯᠭᠡᠭᠡᠨ᠎ᠤ ᠡᠬᠦᠰᠦᠭᠰᠡᠨ ᠭᠠᠵᠠᠷ ᠮᠥᠨ᠂ ᠬᠠᠮᠤᠭ᠎ᠤᠨ ᠡᠷᠲᠡ ᠮᠠᠨ᠎ᠤ ᠤᠯᠤᠰ᠎ᠲᠤ ᠮᠠᠷᠺᠰ᠎ᠤᠨ ᠦᠵᠡᠯ᠎ᠤᠨ ᠦᠵᠡᠯ ᠰᠠᠨᠠᠭ᠎ᠠ ᠵᠢ ᠤᠯᠠᠮᠵᠢᠯᠠᠬᠰᠠᠨ ᠶᠤᠮ᠂ ᠮᠥᠨ ᠴᠦ᠍ ᠮᠠᠨ᠎ᠤ ᠨᠠᠮ᠎ᠤᠨ ᠪᠡᠭᠡᠵᠢᠩ᠎ᠳᠠᠬᠢ ᠠᠩᠬᠠᠨ᠎ᠤ ᠬᠤᠭᠤᠴᠠᠭ᠋ᠠᠨ᠎ᠤ ᠬᠤᠪᠢᠰᠬᠠᠯ᠎ᠤᠨ ᠠᠵᠢᠯᠯᠠᠭ᠎ᠠ ᠵᠢᠨ ᠲᠡᠦᠬᠡ ᠵᠢ ᠭᠡᠷᠡᠴᠢᠯᠡᠭᠰᠡᠨ ᠭᠠᠵᠠᠷ ᠪᠠᠢ᠍ᠢ᠍ᠵᠥ᠂ ᠨᠠᠮ ᠪᠠᠶ᠋ᠢᠭᠤᠯᠬᠤ ᠶᠠᠪᠤᠴᠠ᠎ᠳᠤ ᠴᠢᠬᠤᠯᠠ ᠪᠠᠶ᠋ᠢᠷᠢ ᠰᠠᠭᠤᠷᠢ᠎ᠲᠠᠢ ᠶᠤᠮ᠃ ᠬᠤᠪᠢᠰᠬᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠠᠰᠢᠬᠯᠠᠯᠲᠠ ᠵᠢ ᠴᠢᠩᠭ᠋ᠠᠳᠬᠠᠵᠤ᠂ ᠲᠡᠦᠬᠡ ᠵᠢᠨ ᠪᠣᠳᠠᠲᠤ ᠶᠠᠪᠤᠳᠠᠯ᠎ᠢ ᠬᠦᠨᠳᠦᠳᠬᠡᠵᠦ᠂ ᠲᠡᠦᠬᠡ ᠵᠢ ᠣᠨᠣᠪᠴᠢᠲᠠᠢ ᠦᠨᠡᠯᠡᠵᠦ᠂ ᠲᠡᠦᠬᠡ ᠵᠢ ᠵᠦᠪ ᠰᠤᠷᠤᠯᠴᠠᠵᠤ ᠵᠦᠪ ᠬᠡᠷᠡᠭᠯᠡᠬᠦ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃
ᠹᠧᠩ ᠽᠧ ᠶᠤᠸᠠᠨ᠎ᠳᠠᠬᠢ ᠮᠠᠤ ᠽᠧ ᠳ᠋ᠦᠩ ᠨᠥᠬᠥᠷ᠎ᠤᠨ ᠬᠠᠭᠤᠴᠢᠨ ᠰᠠᠭᠤᠴᠠ ᠪᠣᠯ ᠮᠠᠤ ᠽᠧ ᠳ᠋ᠦᠩ ᠨᠥᠬᠥᠷ 1949 ᠣᠨ᠎ᠤ 9 ᠰᠠᠷ᠎ᠠ ᠵᠢᠨ 21᠎ᠤ ᠡᠳᠦᠷ᠎ᠠᠴᠠ ᠡᠬᠢᠯᠡᠨ 17 ᠵᠢᠯ ᠠᠵᠢᠯᠯᠠᠵᠤ ᠠᠮᠢᠳᠤᠷᠠᠬᠰᠡᠨ ᠭᠠᠵᠠᠷ ᠪᠣᠯᠤᠨ᠎ᠠ᠃ ᠮᠠᠤ ᠽᠸ ᠳ᠋ᠦᠩ ᠨᠥᠬᠥᠷ ᠡᠨᠳᠡ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ ᠪᠠ ᠪᠦᠳᠦᠭᠡᠨ ᠪᠠᠶ᠋ᠢᠭᠤᠯᠬᠤ ᠠᠯᠢ ᠤᠯᠠᠨ ᠴᠢᠬᠤᠯᠠ ᠶᠡᠬᠡ ᠠᠷᠭ᠎ᠠ ᠪᠤᠳᠤᠯᠭ᠎ᠠ ᠵᠢ ᠲᠥᠯᠥᠪᠵᠢᠬᠦᠯᠦᠭᠰᠡᠨ ᠶᠤᠮ᠃ ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠥᠳ᠎ᠢ ᠳᠠᠭ᠋ᠠᠭᠤᠯᠤᠨ ᠡᠨᠳᠡ ᠢᠷᠡᠵᠦ ᠲᠣᠭᠣᠷᠢᠨ ᠦᠵᠡᠵᠥ ᠪᠠᠷᠠᠳᠠᠵᠥ᠂ ᠢ ᠨᠢᠶᠠᠨ ᠳᠠᠩ ᠶᠡᠬᠡ ᠲᠢᠩᠬᠢᠮ᠎ᠤᠨ ᠲᠤᠬᠠᠶ ᠵᠢᠨ ᠲᠠᠯᠠᠪᠠᠢ ᠵᠢᠨ ᠳᠡᠯᠭᠡᠨ ᠦᠵᠡᠭᠦᠯᠭᠡ ᠵᠢ ᠪᠠᠢ᠍ᠢ᠍ᠴᠠᠭ᠋ᠠᠨ ᠦᠵᠡᠪᠡ᠂ ᠮᠠᠤ ᠽᠧ ᠳ᠋ᠦᠩ ᠨᠥᠬᠥᠷ᠎ᠤᠨ ᠹᠧᠩ ᠽᠧ ᠶᠤᠸᠠᠨ᠎ᠳᠤ ᠠᠵᠢᠯᠯᠠᠵᠤ ᠠᠮᠢᠳᠤᠷᠠᠵᠤ ᠪᠠᠢ᠍ᠢ᠍ᠬᠰᠠᠨ ᠵᠢᠷᠤᠭ ᠰᠡᠭᠦᠳᠡᠷ᠎ᠤᠨ ᠣᠬᠣᠷ ᠹᠢᠯᠢᠮ᠎ᠢ ᠰᠤᠨᠢᠷᠬᠠᠵᠤ᠂ ᠮᠠᠤ ᠽᠸ ᠳ᠋ᠦᠩ ᠨᠥᠬᠥᠷ᠎ᠤᠨ ᠡᠨᠳᠡ ᠡᠷᠬᠢᠯᠡᠨ ᠬᠤᠷᠠᠯᠳᠤᠭᠤᠯᠤᠭᠰᠠᠨ ᠴᠢᠬᠤᠯᠠ ᠬᠤᠷᠠᠯ᠂ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ᠂ ᠭᠠᠳᠠᠭ᠋ᠠᠳᠤ ᠵᠢᠨ ᠴᠢᠬᠤᠯᠠ ᠵᠣᠴᠢᠨ᠎ᠲᠠᠢ ᠠᠭᠤᠯᠵᠠᠬᠰᠠᠨ ᠪᠠᠢ᠍ᠢ᠍ᠳᠠᠯ᠎ᠢ ᠡᠷᠬᠢᠴᠡᠬᠦᠯᠵᠥ᠂ ᠮᠠᠤ ᠽᠸ ᠳ᠋ᠦᠩ ᠨᠥᠬᠥᠷ᠎ᠤᠨ ᠠᠵᠢᠯᠯᠠᠬᠤ ᠭᠠᠵᠠᠷ᠂ ᠬᠤᠷᠠᠯ᠎ᠤᠨ ᠭᠡᠷ ᠪᠠ ᠨᠣᠮ ᠬᠠᠳᠠᠭ᠋ᠠᠯᠠᠬᠤ ᠦᠷᠦᠬᠡ ᠵᠢ ᠳᠤᠭᠤᠷᠢᠨ ᠦᠵᠡᠵᠥ᠂ ᠮᠠᠤ ᠽᠸ ᠳ᠋ᠦᠩ ᠨᠥᠬᠥᠷ᠎ᠤᠨ ᠵᠠᠰᠠᠪᠤᠷᠢ ᠣᠷᠣᠭᠤᠯᠵᠤ ᠦᠩᠬᠡᠷᠡᠭᠰᠡᠨ ᠴᠢᠬᠤᠯᠠ ᠪᠢᠴᠢᠭ ᠮᠠᠲ᠋ᠧᠷᠢᠶᠠᠯ᠂ ᠤᠩᠰᠢᠵᠤ ᠥᠩᠭᠡᠷᠡᠭᠰᠡᠨ ᠨᠣᠮ ᠪᠢᠴᠢᠭ᠂ ᠡᠮᠦᠰᠴᠦ ᠥᠩᠭᠡᠷᠡᠭᠰᠡᠨ ᠬᠤᠪᠴᠠᠰᠤ ᠬᠤᠨᠠᠷ᠂ ᠬᠡᠷᠡᠭᠯᠡᠵᠦ ᠥᠩᠭᠡᠷᠡᠭᠰᠡᠨ ᠡᠳᠦᠷ ᠲᠤᠲᠤᠮ᠎ᠤᠨ ᠬᠡᠷᠡᠭᠰᠡᠯ ᠪᠠ ᠵᠠᠬᠢᠳᠠᠯ᠂ ᠡᠬᠡ ᠪᠢᠴᠢᠭ᠂ ᠬᠡᠷᠡᠯ ᠵᠢᠷᠤᠭ ᠵᠡᠷᠭᠡ ᠵᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠦᠵᠡᠵᠥ᠂ ᠮᠠᠤ ᠽᠸ ᠳ᠋ᠦᠩ ᠨᠥᠬᠥᠷ᠎ᠤᠨ ᠭᠠᠷᠮᠠᠭ᠋ᠠᠢ ᠭᠠᠪᠢᠶ᠎ᠠ ᠵᠢᠳᠬᠦᠯ ᠪᠠ ᠡᠷᠬᠢᠮ ᠳᠡᠭᠡᠳᠦ ᠬᠡᠪ ᠰᠤᠷᠲᠠᠯ᠎ᠢ ᠡᠷᠭᠢᠴᠡᠭᠦᠯᠪᠡ᠃ ᠰᠢ ᠵᠢᠨ ᠫᠢᠩ᠂ ᠪᠡᠭᠡᠵᠢᠩ ᠶᠡᠬᠡ ᠰᠤᠷᠭ᠋ᠠᠭᠤᠯᠢ ᠵᠢᠨ ᠤᠯᠠᠭ᠋ᠠᠨ ᠠᠰᠠᠷ ᠪᠣᠯᠤᠨ ᠹᠸᠩ ᠽᠸ ᠶᠤᠸᠠᠨ ᠬᠦᠷᠢᠶᠡᠯᠡᠩ᠎ᠨᠢ ᠨᠠᠮ᠎ᠤᠨ ᠲᠡᠦᠬᠡᠨ ᠳᠡᠭᠡᠷ᠎ᠡ ᠴᠥᠮ ᠪᠡᠯᠭᠡ ᠳᠡᠮᠳᠡᠭ᠎ᠤᠨ ᠴᠢᠨᠠᠷᠲᠠᠢ ᠠᠴᠢ ᠬᠣᠯᠪᠣᠭᠳᠠᠯ᠎ᠲᠠᠢ ᠪᠠᠶ᠋ᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠵᠤ ᠢᠷᠡᠭᠰᠡᠨ᠂ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠶᠠᠭ᠋ᠠᠬᠢᠵᠤ ᠢᠷᠡᠭᠰᠡᠨ᠎ᠢ ᠠᠮᠢᠳᠤᠯᠢᠭ ᠵᠶ᠋ᠠᠷ ᠲᠠᠶ᠋ᠢᠯᠪᠤᠷᠢᠯᠠᠵᠤ᠂ ᠪᠢᠳᠠᠨ᠎ᠳᠤ ᠰᠢᠨ᠎ᠡ ᠰᠣᠷᠭᠣᠭ ᠮᠥᠷᠲᠡᠭᠡᠨ ᠠᠮᠢᠳᠤᠯᠢᠭ ᠨᠠᠮ᠎ᠤᠨ ᠲᠡᠦᠬᠡ ᠵᠢᠨ ᠬᠢᠴᠢᠶᠡᠯ ᠤᠷᠤᠭᠰᠠᠨ ᠪᠠᠶ᠋ᠢᠨ᠎ᠠ ᠬᠡᠵᠤ ᠴᠢᠬᠤᠯᠠᠴᠢᠯᠠᠬᠰᠠᠨ ᠪᠠᠢ᠍ᠢ᠍ᠨ᠎ᠠ᠃

6 ᠰᠠᠷ᠎ᠠ ᠵᠢᠨ 25᠎ᠤ ᠡᠳᠤᠷ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠬᠯᠠᠵᠤ᠂ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠬᠤ ᠳᠤᠬᠠᠢ ᠭᠤᠴᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠳᠤᠰ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ᠎ᠨᠢ ᠲᠣᠭᠣᠷᠢᠨ ᠦᠵᠡᠬᠦ ᠪᠠ ᠶᠠᠷᠢᠯᠴᠠᠬᠤ ᠵᠢ ᠬᠠᠷᠢᠯᠴᠠᠨ ᠤᠶᠠᠯᠳᠤᠭᠤᠯᠤᠬᠰᠠᠨ ᠬᠡᠯᠪᠡᠷᠢ᠎ᠪᠠᠷ ᠶᠠᠪᠤᠭᠳᠠᠪᠠ᠂ ᠡᠨᠡ ᠪᠤᠯ ᠰᠢ ᠵᠢᠨ ᠫᠢᠩ᠂
ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠸᠩ ᠨᠠᠷ ᠵᠦᠩ ᠨᠠᠨ ᠬᠠᠢ ᠵᠢᠨ ᠹᠧᠩ ᠽᠧ ᠶᠤᠸᠠᠨ᠎ᠳᠤ ᠮᠠᠤ ᠽᠸ ᠳ᠋ᠦᠩ ᠨᠦᠬᠦᠷ᠎ᠤᠨ ᠬᠠᠭᠤᠴᠢᠨ ᠰᠠᠭᠤᠴᠠ ᠵᠢ ᠳᠤᠭᠤᠷᠢᠨ ᠦᠵᠡᠵᠦ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠬᠦᠳᠡᠷᠯᠡᠪᠡ
ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠰᠢ ᠵᠢᠨ ᠫᠢᠩ ᠨᠡᠷ ᠵᠦᠩ ᠨᠠᠨ ᠬᠠᠢ ᠵᠢᠨ ᠬᠤᠸᠠᠢ ᠷᠧᠨ ᠲᠠᠩ ᠲᠠᠩᠬᠢᠮ᠎ᠳᠤ ᠪᠤᠴᠠᠵᠤ᠂ ᠭᠣᠣᠯ ᠰᠡᠳᠦᠪ᠎ᠤᠨ ᠲᠣᠭᠣᠷᠢᠨ᠎ᠳᠤ ᠴᠢᠨᠠᠭᠰᠢᠳᠠ ᠰᠤᠷᠤᠯᠴᠠᠵᠠᠢ᠃ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠭ᠋ᠠᠨ ᠥᠩᠭᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠮᠤᠭ᠎ᠤᠨ ᠬᠤᠷᠴᠠ ᠲᠣᠳᠣ ᠳᠡᠪᠢᠰᠬᠡᠷ ᠥᠩᠭᠡ ᠮᠥᠨ᠂ ᠮᠠᠨ᠎ᠤ ᠤᠯᠤᠰ᠎ᠤᠨ 960 ᠭᠠᠷᠤᠶ ᠲᠦᠮᠡᠨ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠬᠤᠪᠢᠰᠬᠠᠯ᠎ᠤᠨ ᠡᠬᠢ ᠪᠠᠶᠠᠯᠢᠭ ᠣᠳᠣᠨ ᠮᠡᠴᠢᠳ ᠰᠢᠭ ᠲᠦᠭᠡᠵᠦ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠵᠠᠭᠤᠨ ᠵᠢᠯ᠎ᠤᠨ ᠲᠡᠮᠡᠴᠡᠯ ᠬᠢᠬᠦ ᠠᠭᠤᠤ ᠶᠡᠬᠡ ᠲᠡᠦᠬᠡᠨ ᠶᠠᠪᠤᠴᠠ᠎ᠳᠤ ᠬᠤᠪᠢᠰᠬᠠᠯ᠎ᠤᠨ ᠠᠮᠢᠨ ᠰᠤᠳᠠᠰᠤ ᠦᠶ᠎ᠡ ᠵᠢᠨ ᠦᠶ᠎ᠡ᠎ᠳᠤ ᠤᠯᠠᠮᠵᠢᠯᠠᠭᠳᠠᠵᠠᠢ᠃ ᠲᠡᠦᠬᠡᠨ ᠬᠡᠷᠡᠭ ᠶᠠᠪᠤᠳᠠᠯ ᠨᠢᠭᠡ ᠪᠦᠷᠢ᠂ ᠬᠤᠪᠢᠰᠬᠠᠯ᠎ᠤᠨ ᠪᠠᠭ᠋ᠠᠲᠤᠷ ᠨᠢᠭᠡ ᠪᠦᠷᠢ᠂ ᠬᠤᠪᠢᠰᠬᠠᠯ᠎ᠤᠨ ᠵᠣᠷᠢᠭ ᠰᠠᠨᠠᠭ᠎ᠠ ᠨᠢᠭᠡ ᠪᠦᠷᠢ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ ᠨᠢᠭᠡ ᠪᠦᠷᠢ᠎ᠨᠢ ᠴᠥᠮ ᠮᠠᠨ᠎ᠤ ᠨᠠᠮ᠎ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠶᠠᠪᠤᠴᠠ᠂ ᠣᠯᠤᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠵᠢ ᠲᠥᠯᠥᠭᠡᠯᠡᠵᠦ᠂ ᠮᠠᠨ᠎ᠤ ᠨᠠᠮ᠎ᠤᠨ ᠬᠦᠰᠡᠯ ᠵᠡᠭᠦᠳᠦ ᠪᠠ ᠬᠥᠭᠡᠭᠡᠴᠡᠯᠳᠦᠯ᠂ ᠬᠠᠶ᠋ᠢᠷ᠎ᠠ ᠰᠡᠳᠬᠢᠯᠭᠡ ᠪᠠ ᠡᠭᠦᠷᠭᠡᠯᠡᠯ᠂ ᠦᠷᠡᠭᠳᠡᠯ ᠪᠠ ᠬᠤᠪᠢ ᠨᠡᠮᠡᠷᠢ ᠵᠢ ᠬᠠᠷᠠᠭᠤᠯᠵᠤ᠂ ᠮᠠᠨ᠎ᠤ ᠨᠠᠮ᠎ᠤᠨ ᠬᠤᠪᠢᠰᠬᠠᠯ᠎ᠤᠨ ᠠᠮᠢᠨ ᠰᠤᠳᠠᠰᠤ ᠵᠢ ᠪᠦᠷᠢᠯᠳᠦᠭᠦᠯᠵᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢ ᠣᠷᠣᠨ ᠨᠤᠲᠤᠭ᠎ᠲᠤ ᠬᠦᠷᠴᠤ ᠰᠢᠨᠵᠢᠯᠡᠨ ᠪᠠᠶ᠋ᠢᠴᠠᠭ᠋ᠠᠬᠤ᠎ᠳᠠᠭᠠᠨ ᠮᠠᠨ᠎ᠤ ᠨᠠᠮ᠎ᠤᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠲᠠᠢ ᠬᠤᠪᠢᠰᠬᠠᠯ᠎ᠤᠨ ᠭᠤᠯᠤᠮᠳᠠ᠂ ᠬᠤᠪᠢᠰᠬᠠᠯ᠎ᠤᠨ ᠬᠠᠭᠤᠴᠢᠨ ᠪᠠᠭᠤᠷᠢ᠂ ᠬᠤᠪᠢᠰᠬᠠᠯ᠎ᠤᠨ ᠲᠡᠦᠬᠡ ᠵᠢᠨ ᠳᠤᠷᠠᠰᠬᠠᠯ᠎ᠤᠨ ᠲᠠᠯᠠᠪᠤᠷ ᠵᠶ᠋ᠠᠷ ᠴᠦᠮ ᠲᠤᠭᠤᠷᠢᠨ ᠦᠵᠡᠳᠡᠭ᠂ ᠭᠤᠤᠯ ᠭᠤᠤᠯ ᠭᠠᠵᠠᠷ ᠵᠶ᠋ᠠᠷ ᠦᠨᠳᠦᠰᠦᠨ᠎ᠳᠡᠭᠡᠨ ᠴᠦᠮ ᠤᠴᠢᠵᠤ ᠦᠩᠭᠡᠷᠡᠵᠠᠢ᠃ ᠬᠦᠷᠦᠭᠰᠡᠨ ᠭᠠᠵᠠᠷ ᠪᠣᠯᠭ᠋ᠠᠨ᠎ᠳᠤ᠂ ᠲᠡᠷᠡ ᠬᠦ᠌ ᠭᠠᠶ᠋ᠢᠬᠠᠮᠰᠢᠭᠲᠤ ᠤᠨ ᠰᠠᠷ᠎ᠠ ᠵᠢ ᠡᠷᠭᠢᠴᠡᠭᠦᠯᠵᠦ᠂ ᠨᠠᠮ᠎ᠤᠨ ᠲᠤᠭᠤᠯᠵᠤ ᠢᠷᠡᠭᠰᠡᠨ ᠬᠦᠴᠢᠷ ᠪᠡᠷᠬᠡᠰᠢᠶᠡᠯᠲᠦ ᠥᠩᠭᠡᠷᠡᠯᠲᠡ ᠵᠢ ᠬᠠᠷᠠᠬᠤ ᠪᠦᠷᠢ ᠵᠢᠷᠦᠬᠡ ᠰᠡᠳᠬᠢᠯ ᠮᠢᠨᠢ ᠲᠤᠬᠳᠤᠯᠵᠤ᠂ ᠤᠶᠤᠨ ᠰᠠᠨᠠᠭ᠎ᠠ ᠮᠢᠨᠢ ᠠᠷᠢᠭᠤᠰᠳᠠᠭ᠃ ᠤᠳᠠᠭ᠎ᠠ ᠪᠣᠯᠭ᠋ᠠᠨ ᠪᠢᠰᠢᠷᠡᠨ ᠬᠦᠨᠳᠦᠳᠬᠡᠬᠦ ᠰᠡᠳᠬᠢᠯ᠎ᠢ ᠡᠪᠦᠷᠯᠡᠨ ᠬᠦᠷᠴᠤ᠂ ᠮᠠᠰᠢ ᠣᠯᠠᠨ ᠲᠥᠷᠥᠭᠳᠡᠯ᠎ᠲᠠᠢ ᠪᠤᠴᠠᠵᠤ ᠢᠷᠡᠳᠡᠭ ᠶᠤᠮ ᠭᠡᠵᠤ ᠢᠯᠡᠳᠭᠡᠵᠠᠢ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠤᠭᠤᠳᠤᠯᠭ᠎ᠠ ᠬᠢᠬᠦ ᠵᠢ ᠢᠮᠠᠭᠲᠠ ᠪᠠᠷᠢᠮᠲᠠᠯᠠᠬᠤ ᠵᠢ ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠮᠠᠷᠺᠰ᠎ᠤᠨ ᠦᠵᠡᠯ ᠳᠤᠮᠳᠠᠳᠤ ᠤᠯᠤᠰ᠎ᠲᠤ ᠥᠷᠭᠡᠨ ᠵᠶ᠋ᠠᠷ ᠤᠯᠠᠮᠵᠢᠯᠠᠭᠳᠠᠭᠰᠠᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠮᠡᠨᠳᠦᠯᠡᠬᠦᠯᠵᠤ᠂ ᠮᠠᠷᠺᠰ᠎ᠤᠨ ᠦᠵᠡᠯ᠎ᠨᠢ ᠮᠠᠨ᠎ᠤ ᠨᠠᠮ᠎ᠢ ᠰᠢᠨᠵᠢᠯᠡᠬᠦ ᠤᠬᠠᠭ᠋ᠠᠨᠴᠢ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠤᠨᠤᠯ᠎ᠲᠠᠢ ᠪᠣᠯᠭ᠋ᠠᠵᠤ᠂ ᠶᠢᠷᠲᠢᠨᠴᠦ ᠵᠢ ᠲᠠᠨᠢᠬᠤ᠂ ᠶᠢᠷᠲᠢᠨᠴᠦ ᠵᠢ ᠥᠭᠡᠷᠡᠴᠢᠯᠡᠬᠦ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ᠎ᠲᠠᠢ ᠪᠣᠯᠭ᠋ᠠᠵᠠᠢ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠨ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠎ᠢ ᠡᠭᠦᠳᠴᠤ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠦᠷᠢᠯᠳᠦᠬᠦᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠡᠭᠦᠳᠴᠤ᠂ ᠨᠠᠮ ᠪᠠ ᠠᠷᠠᠳ ᠲᠦᠮᠡᠨ᠎ᠤ ᠦᠢ᠍ᠯᠡᠰ᠎ᠢ ᠵᠢᠯᠣᠭᠣᠳᠤᠨ ᠲᠠᠰᠤᠷᠠᠯᠳᠠ ᠦᠭᠡᠢ ᠰᠢᠨ᠎ᠡ ᠪᠠᠶ᠋ᠢᠳᠠᠯ᠎ᠢ ᠨᠡᠭᠡᠭᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠴᠢᠳᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ ᠰᠠᠶ᠋ᠢᠨ ᠭᠡᠳᠡᠭ᠎ᠢ ᠦᠨᠳᠦᠰᠦᠨ᠎ᠠᠴᠠ᠎ᠨᠢ ᠠᠪᠴᠤ ᠬᠡᠯᠡᠪᠡᠯ ᠮᠠᠷᠺᠰ᠎ᠤᠨ ᠦᠵᠡᠯ ᠪᠤᠯᠤᠨ᠎ᠠ ᠬᠡᠳᠡᠭ᠎ᠠᠴᠠ ᠰᠢᠯᠳᠠᠭ᠋ᠠᠯᠠᠬᠳᠠᠬᠰᠠᠨ ᠶᠤᠮ᠃ ᠪᠢᠳᠡ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ᠎ᠠᠴᠠ ᠦᠨᠡᠨ ᠶᠣᠰᠣᠨ᠎ᠤ ᠬᠦᠴᠦᠨ᠎ᠢ ᠣᠬᠠᠪᠤᠷᠢᠯᠠᠵᠤ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ ᠵᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯᠲᠡ ᠵᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ᠎ᠪᠠᠷ ᠮᠠᠨ᠎ᠤ ᠤᠷᠤᠭᠰᠢᠯᠠᠯᠲᠠ ᠵᠢᠨ ᠵᠠᠮ ᠵᠶ᠋ᠠᠨ ᠬᠡᠷᠡᠯᠳᠦᠬᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠬᠦᠰᠡᠯᠡᠩ ᠢᠲᠡᠭᠡᠯ ᠪᠢᠰᠢᠷᠡᠯ ᠵᠶ᠋ᠠᠨ ᠢᠮᠠᠭᠲᠠ ᠪᠠᠷᠢᠮᠲᠠᠯᠠᠬᠤ ᠵᠢ ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠬᠤᠪᠢᠰᠬᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ᠂ ᠨᠠᠮ᠎ᠤᠨ ᠵᠠᠭᠤᠨ ᠵᠢᠯ᠎ᠤᠨ ᠲᠡᠦᠬᠡ ᠵᠢ ᠡᠷᠭᠢᠴᠡᠭᠦᠯᠬᠦᠶ᠎ᠡ᠂ ᠲᠦᠭ ᠲᠦᠮᠡᠨ ᠡᠪ ᠬᠠᠮᠲᠤᠴᠤᠳ ᠬᠦᠰᠡᠯᠡᠩ ᠢᠲᠡᠭᠡᠯ ᠪᠢᠰᠢᠷᠡᠯ᠎ᠤᠨ ᠵᠶ᠋ᠠᠨ ᠲᠥᠯᠥᠭᠡ ᠠᠮᠢ ᠨᠠᠰᠤ᠎ᠪᠠᠨ ᠬᠠᠷᠠᠮ ᠦᠭᠡᠢ ᠵᠣᠷᠢᠭᠤᠯᠵᠤ᠂ ᠠᠷᠢᠭᠤᠨ ᠴᠢᠰᠤ᠎ᠪᠠᠨ ᠤᠷᠤᠰᠬᠠᠬᠰᠠᠨ ᠶᠤᠮ᠃ ᠡᠪ ᠬᠠᠮᠲᠤ ᠶᠣᠰᠣ ᠪᠣᠯ ᠮᠠᠨ᠎ᠤ ᠨᠠᠮ᠎ᠤᠨ ᠠᠯᠤᠰ ᠬᠡᠳᠦ ᠵᠢᠨ ᠬᠦᠰᠡᠯᠡᠩ ᠮᠥᠨ᠂ ᠡᠨᠡ ᠬᠦ᠌ ᠠᠯᠤᠰ ᠬᠡᠳᠦ ᠵᠢᠨ ᠬᠦᠰᠡᠯᠡᠩ᠎ᠢ ᠪᠡᠶᠡᠯᠡᠭᠦᠯᠬᠦ ᠵᠢᠨ ᠲᠥᠯᠥᠭᠡ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠢᠲᠡᠭᠡᠯ ᠵᠣᠷᠢᠭ᠎ᠢ ᠪᠠᠲᠤᠳᠬᠠᠬᠤ ᠬᠡᠷᠡᠭᠲᠡᠢ᠃ ᠪᠦᠬᠦ ᠨᠠᠮ᠎ᠤᠨ ᠨᠥᠬᠥᠳ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂
《ᠲᠦᠷᠪᠡᠨ ᠢᠲᠡᠭᠡᠯ》 ᠵᠶ᠋ᠠᠨ ᠪᠠᠲᠤᠳᠬᠠᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠬᠠᠷᠰᠢ ᠰᠠᠭ᠋ᠠᠳ᠎ᠢ ᠢᠯᠠᠨ ᠳᠠᠪᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠢᠯᠠᠯᠲᠠ ᠵᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠊ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠷᠢᠮᠲᠠᠯᠠᠬᠤ ᠵᠢ ᠬᠥᠮᠦᠵᠢᠭᠦᠯᠦᠨ ᠵᠢᠯᠣᠭᠣᠳᠬᠤ ᠬᠡᠷᠡᠭᠲᠡᠢ᠃ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠦᠢ᠍ᠯᠡᠳᠦᠯᠭᠡᠵᠢᠭᠦᠯᠬᠦ ᠪᠣᠯ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ᠎ᠳᠤ ᠲᠤᠭᠤᠰᠢᠯᠠᠭᠤᠯᠤᠬᠰᠠᠨ ᠤᠯᠠᠭ᠋ᠠᠨ ᠱᠤᠭᠤᠮ ᠮᠥᠨ᠃ ᠲᠥᠷᠥ ᠵᠠᠰᠠᠭ ᠪᠣᠯ ᠠᠷᠠᠳ ᠲᠦᠮᠡᠨ᠂ ᠠᠷᠠᠳ ᠲᠦᠮᠡᠨ ᠪᠣᠯ ᠲᠠᠷᠤᠢ ᠲᠥᠷᠥ ᠵᠠᠰᠠᠭ᠂ ᠲᠥᠷᠥ ᠵᠠᠰᠠᠭ᠎ᠢ ᠴᠤᠬ᠍ᠴᠠᠯᠠᠵᠤ᠂ ᠲᠥᠷᠥ ᠵᠠᠰᠠᠭ᠎ᠢ ᠰᠠᠬᠢᠬᠤ᠂ ᠰᠠᠬᠢᠵᠤ ᠪᠠᠢ᠍ᠢ᠍ᠭ᠎ᠠ᠎ᠨᠢ ᠠᠷᠠᠳ ᠲᠦᠮᠡᠨ᠎ᠤ ᠰᠡᠳᠬᠢᠯ ᠪᠤᠯᠤᠨ᠎ᠠ᠂ ᠮᠠᠨ᠎ᠤ ᠡᠨᠡ ᠬᠦ᠌ ᠣᠷᠳᠣ ᠬᠤᠭᠤᠴᠠᠭ᠎ᠠ᠎ᠪᠠᠷ ᠲᠥᠷᠥ ᠪᠠᠷᠢᠵᠤ ᠪᠠᠶ᠋ᠢᠭ᠎ᠠ ᠨᠠᠮ᠎ᠳᠤ ᠠᠪᠴᠤ ᠬᠡᠯᠡᠪᠡᠯ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠮᠠᠷᠲᠠᠬᠤ᠂ ᠣᠯᠠᠨ ᠲᠦᠮᠡᠨ᠎ᠠᠴᠠ ᠬᠥᠨᠳᠡᠶ᠋ᠢᠷᠡᠬᠦᠠᠴᠠ ᠨᠠᠩ ᠶᠡᠬᠡ ᠠᠶᠤᠯ ᠲᠦᠭᠰᠢᠭᠦᠷᠢ ᠭᠡᠵᠦ ᠪᠠᠢ᠍ᠢ᠍ᠬᠤ ᠥᠬᠡᠶ᠃ ᠪᠦᠬᠦ ᠨᠠᠮ᠎ᠤᠨ ᠨᠥᠬᠥᠳ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ᠎ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠣᠶ᠋ᠢᠯᠠᠭ᠋ᠠᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠰᠠᠶ᠋ᠢᠲᠤᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠢᠷᠠᠭᠤ ᠠᠯᠳᠠᠷᠲᠤ ᠬᠤᠪᠢᠰᠬᠠᠯ᠎ᠤᠨ ᠤᠯᠠᠮᠵᠢᠯᠠᠯ᠎ᠢ ᠢᠮᠠᠭᠲᠠ ᠪᠠᠷᠢᠮᠲᠠᠯᠠᠬᠤ ᠵᠢ ᠬᠥᠮᠦᠵᠢᠭᠦᠯᠦᠨ ᠵᠢᠯᠤᠭᠤᠳᠬᠤ ᠬᠡᠷᠡᠭᠳᠡᠢ᠃ ᠨᠠᠮ᠎ᠤᠨ ᠠᠭᠤᠤ ᠶᠡᠬᠡ ᠵᠣᠷᠢᠭ ᠰᠠᠨᠠᠭ᠎ᠠ ᠪᠠ ᠢᠷᠠᠭᠤ ᠠᠯᠳᠠᠷᠲᠤ ᠤᠯᠠᠮᠵᠢᠯᠠᠯ ᠪᠣᠯ ᠮᠠᠨ᠎ᠤ ᠡᠷᠬᠢᠮ ᠨᠠᠨᠳᠢᠨ ᠤᠶᠤᠨ ᠰᠠᠨᠠᠭ᠋ᠠᠨ᠎ᠤ ᠦᠪ ᠬᠦᠷᠦᠩᠬᠡ ᠮᠥᠨ᠂ ᠪᠢᠳᠡᠨ᠎ᠢ ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠥᠳᠡᠯᠭᠡᠬᠦ ᠬᠦᠴᠦᠨ ᠮᠥᠨ᠃ ᠤᠳᠤ ᠵᠢᠨ ᠳᠤᠮᠳᠠᠳᠤ ᠤᠯᠤᠰ ᠶᠠᠭ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ᠂ ᠤᠯᠤᠰ ᠬᠦᠷᠦᠨ ᠬᠦᠴᠦᠷᠬᠡᠭᠵᠢᠨ ᠮᠠᠨᠳᠤᠵᠤ᠂ ᠦᠨᠳᠦᠰᠦᠲᠡᠨ ᠰᠡᠷᠭᠦᠨ ᠮᠠᠨᠳᠤᠬᠤ᠎ᠳᠤ ᠪᠣᠳᠠᠰ᠎ᠤᠨ ᠪᠣᠯᠪᠠᠰᠤᠨ᠎ᠤ ᠬᠤᠷᠠᠮᠳᠤᠭᠤᠯᠤᠯ ᠱᠠᠭ᠋ᠠᠷᠳᠠᠭᠳᠠᠵᠤ᠂ ᠨᠡᠩ ᠴᠤ᠌ ᠤᠶᠤᠨ᠎ᠤ ᠪᠣᠯᠪᠠᠰᠤᠨ᠎ᠤ ᠳᠡᠭᠡᠭᠰᠢᠯᠡᠯᠲᠡ ᠱᠠᠭ᠋ᠠᠷᠳᠠᠭᠳᠠᠨ᠎ᠠ᠂ ᠬᠤᠪᠢᠰᠬᠠᠯ ᠬᠢᠬᠦ ᠵᠢᠨ ᠬᠠᠮᠳᠤ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠵᠢ ᠶᠠᠭ᠋ᠠᠬᠢᠭᠰᠠᠨ ᠴᠤ᠌ ᠲᠠᠶᠠᠭᠳᠠᠵᠤ ᠪᠣᠯᠬᠤ ᠦᠭᠡᠢ᠂ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠤᠯᠠᠮᠵᠢᠯᠠᠯ ᠵᠶ᠋ᠠᠨ ᠶᠠᠭ᠋ᠠᠬᠢᠭᠰᠠᠨ ᠴᠤ᠌ ᠲᠠᠶᠠᠭᠳᠠᠵᠤ ᠪᠣᠯᠬᠤ ᠦᠭᠡᠢ᠂ ᠬᠦᠴᠦᠷᠬᠡᠭ ᠳᠠᠶ᠋ᠢᠰᠤᠨ᠎ᠠᠴᠠ ᠰᠦᠷᠳᠡᠬᠦ ᠦᠭᠡᠢ᠂ ᠠᠶᠤᠯ ᠲᠦᠭᠰᠢᠭᠦᠷᠢ᠎ᠠᠴᠠ ᠪᠡᠷᠬᠡᠰᠢᠶᠡᠬᠦ ᠦᠭᠡᠢ᠂ ᠵᠣᠷᠢᠭᠲᠠᠢ᠎ᠪᠠᠷ ᠲᠡᠮᠡᠴᠡᠵᠦ᠂ ᠵᠣᠷᠢᠭᠲᠠᠢ᠎ᠪᠠᠷ ᠢᠯᠠᠯᠲᠠ ᠤᠯᠬᠤ ᠰᠥᠰᠥ ᠵᠣᠷᠢᠭ ᠵᠶ᠋ᠠᠨ ᠶᠠᠭ᠋ᠠᠬᠢᠭᠰᠠᠨ ᠴᠤ᠌ ᠲᠠᠶᠠᠭᠳᠠᠵᠤ ᠪᠣᠯᠬᠤ ᠦᠭᠡᠢ᠃ ᠪᠦᠬᠦ ᠨᠠᠮ᠎ᠤᠨ ᠨᠥᠬᠥᠳ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠳᠤᠮᠳᠠ ᠪᠦᠷᠢᠯᠳᠦᠭᠰᠡᠨ ᠠᠭᠤᠤ ᠶᠡᠬᠡ ᠵᠣᠷᠢᠭ ᠰᠠᠨᠠᠭ᠎ᠠ᠎ᠪᠠᠷ ᠥᠪᠡᠷ᠎ᠢ᠎ᠪᠠᠨ ᠰᠢᠮᠡᠵᠢᠬᠦᠯᠵᠤ᠂ ᠥᠪᠡᠷ᠎ᠢ᠎ᠪᠠᠨ ᠵᠣᠷᠢᠭᠵᠢᠭᠤᠯᠵᠤ᠂ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠨᠠᠮ ᠪᠣᠯᠤᠨ ᠤᠯᠤᠰ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠪᠦᠬᠦ ᠨᠠᠮ ᠵᠶ᠋ᠠᠷ ᠵᠶ᠋ᠠᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠢ ᠠᠬᠢᠭᠤᠯᠬᠤ ᠵᠢ ᠢᠮᠠᠭᠲᠠ ᠪᠠᠷᠢᠮᠲᠠᠯᠠᠬᠤ ᠵᠢ ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠮᠠᠨ᠎ᠤ ᠨᠠᠮ ᠵᠠᠭᠤᠨ ᠵᠢᠯ᠎ᠤᠨ ᠤᠯᠠᠷᠢᠯ ᠬᠤᠪᠢᠰᠤᠯᠲᠠ ᠵᠢ ᠲᠤᠭᠤᠯᠤᠭᠰᠠᠨ ᠴᠤ᠌ ᠮᠥᠨ ᠯᠡ ᠴᠤᠭ ᠪᠠᠳᠠᠷᠠᠩᠭᠤᠢ ᠬᠡᠪ ᠵᠶ᠋ᠠᠷ ᠵᠶ᠋ᠠᠨ᠂ ᠲᠡᠭᠦᠨ᠎ᠤ ᠨᠢᠭᠤᠴᠠ᠎ᠨᠢ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠰᠢᠨᠡᠴᠢᠯᠡᠬᠦ᠂ ᠥᠪᠡᠷ᠎ᠢ᠎ᠪᠠᠨ ᠳᠡᠭᠡᠭᠰᠢᠯᠡᠭᠦᠯᠬᠦ ᠬᠦᠴᠦᠷᠬᠡᠭ ᠶᠡᠬᠡ ᠴᠢᠳᠠᠪᠤᠷᠢ᠎ᠲᠠᠢ ᠪᠠᠶ᠋ᠢᠬᠤ᠎ᠳᠤ ᠪᠤᠢ᠂ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠣᠯ ᠨᠠᠮ᠎ᠤᠨ ᠲᠦᠷᠦ ᠪᠠᠷᠢᠬᠤ ᠴᠢᠳᠠᠪᠤᠷᠢ ᠵᠢᠨ ᠬᠦᠴᠦᠷᠬᠡᠭ ᠶᠡᠬᠡ ᠲᠤᠯᠭ᠋ᠠᠭᠤᠷᠢᠯᠠᠯ ᠮᠥᠨ᠃ ᠪᠦᠬᠦ ᠨᠠᠮ᠎ᠤᠨ ᠨᠥᠬᠥᠳ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠡᠵᠢᠶᠡᠳᠡ ᠵᠤᠬᠰᠤᠰᠢ ᠦᠬᠡᠢ ᠡᠷᠡᠰ ᠪᠠᠲᠤ ᠪᠠᠷᠢᠮᠲᠠᠯᠠᠯ ᠵᠶ᠋ᠠᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠥᠪᠡᠷ᠎ᠢ᠎ᠪᠠᠨ ᠴᠢᠩᠭ᠎ᠠ ᠱᠠᠭ᠋ᠠᠷᠳᠠᠨ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠬᠢᠷᠢ ᠲᠡᠩᠴᠡᠭᠰᠡᠨ ᠡᠪ ᠬᠠᠮᠲᠤ ᠨᠠᠮ᠎ᠤᠨ ᠭᠡᠰᠢᠭᠦᠨ ᠪᠤᠯᠵᠤ᠂ ᠨᠠᠮ ᠵᠶ᠋ᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠶ᠋ᠢᠭᠤᠯᠬᠤ᠎ᠳᠤ ᠦᠵᠡᠭᠦᠯᠪᠡᠰᠦ ᠵᠣᠬᠢᠬᠤ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠤᠪᠢᠰᠬᠠᠯ᠎ᠤᠨ ᠡᠬᠢ ᠪᠠᠶᠠᠯᠢᠭ᠎ᠢ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠠᠢ ᠬᠦᠴᠦᠯᠡᠨ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠠᠮᠢᠶᠠᠷᠴᠤ᠂ ᠰᠠᠶ᠋ᠢᠲᠤᠷ ᠬᠡᠷᠡᠭᠯᠡᠬᠦ ᠬᠡᠷᠡᠭᠲᠡᠢ᠃ ᠬᠤᠪᠢᠰᠬᠠᠯ᠎ᠤᠨ ᠡᠬᠢ ᠪᠠᠶᠠᠯᠢᠭ᠎ᠤᠨ ᠲᠤᠰᠬᠠᠢ ᠪᠠᠶ᠋ᠢᠴᠠᠭ᠋ᠠᠯᠲᠠ ᠵᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ᠃ ᠰᠢᠰᠲ᠋ᠧᠮ᠎ᠲᠠᠢ ᠰᠤᠳᠤᠯᠭ᠋ᠠᠨ ᠥᠷᠨᠢᠭᠦᠯᠵᠦ᠂ ᠨᠠᠮ᠎ᠤᠨ ᠲᠡᠦᠬᠡ ᠵᠢᠨ ᠬᠥᠭᠵᠢᠯᠲᠡ ᠵᠢᠨ ᠭᠣᠣᠯ ᠰᠡᠳᠦᠪ ᠭᠣᠣᠯ ᠰᠢᠵᠢᠮ᠂ ᠭᠣᠣᠯ ᠤᠷᠤᠰᠬᠠᠯ᠎ᠤᠨ ᠮᠥᠨ ᠴᠢᠨᠠᠷ᠎ᠢ ᠣᠨᠣᠪᠴᠢᠲᠠᠢ ᠡᠵᠡᠮᠰᠢᠵᠦ᠂ ᠲᠡᠦᠬᠡ ᠵᠢᠨ ᠦᠭᠡᠶ᠋ᠢᠰᠬᠡᠬᠦ ᠦᠵᠡᠯ᠎ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠣᠷᠢᠠᠠᠯᠠᠬᠤ ᠬᠡᠷᠡᠭᠲᠡᠢ᠃ ᠰᠣᠳᠣᠨ ᠳᠡᠯᠭᠡᠨ ᠦᠵᠡᠭᠦᠯᠭᠡ ᠵᠢ ᠡᠬᠦᠳᠴᠤ᠂ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠤᠷᠠᠯᠢᠭᠴᠢ ᠴᠢᠨᠠᠷ᠎ᠢ ᠨᠢᠭᠡᠳᠦᠯᠲᠠᠢ ᠪᠤᠯᠭ᠋ᠠᠬᠤ ᠵᠢ ᠪᠠᠷᠢᠮᠲᠠᠯᠠᠵᠤ᠂ ᠲᠡᠦᠬᠡ ᠵᠢᠨ ᠦᠨᠡᠨ ᠪᠣᠳᠠᠲᠤ ᠶᠠᠪᠤᠳᠠᠯ ᠵᠶ᠋ᠠᠷ ᠦᠭᠡ ᠬᠡᠯᠡᠵᠦ᠂ ᠢᠯᠡᠷᠡᠭᠦᠯᠬᠦ ᠬᠦᠴᠦᠨ᠂ ᠳᠠᠮᠵᠢᠭᠤᠯᠭ᠎ᠠ ᠵᠢᠨ ᠬᠦᠴᠦᠨ᠂ ᠨᠥᠯᠥᠭᠡᠯᠡᠬᠦ ᠬᠦᠴᠦᠨ ᠵᠶ᠋ᠠᠨ ᠴᠢᠩᠭ᠋ᠠᠳᠬᠠᠵᠤ᠂ ᠬᠤᠪᠢᠰᠬᠠᠯᠲᠦ ᠰᠣᠶᠣᠯ᠎ᠢ ᠠᠮᠢᠳᠤᠯᠢᠭ ᠵᠶ᠋ᠠᠷ ᠤᠯᠠᠮᠵᠢᠯᠠᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠴᠢᠳᠠᠮᠵᠢ ᠵᠢ ᠴᠢᠩᠭ᠋ᠠᠳᠬᠠᠵᠤ᠂ ᠬᠤᠪᠢᠰᠬᠠᠯ᠂ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠴᠠᠭ ᠦᠶ᠎ᠡ ᠵᠢᠨ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠶᠡᠬᠡ ᠵᠠᠩᠭᠢᠯᠠᠭ᠎ᠠ ᠵᠢᠨ ᠴᠡᠭ᠎ᠤᠨ ᠲᠣᠭᠣᠷᠢᠨ᠎ᠳᠤ᠂ ᠨᠢᠭᠡ ᠪᠦᠯᠦᠭ ᠴᠢᠬᠤᠯᠠ ᠲᠡᠮᠳᠡᠭ ᠢᠯᠡᠷᠬᠡᠢ᠍ᠢ᠍ᠯᠡᠯᠳᠤ ᠭᠠᠵᠠᠷ᠎ᠢ ᠰᠤᠳᠤᠯᠤᠨ ᠲᠤᠭᠳᠠᠭ᠋ᠠᠵᠤ᠂ ᠨᠠᠮ᠎ᠤᠨ ᠥᠯᠢᠭᠡᠷ᠂ ᠬᠤᠪᠢᠰᠬᠠᠯ᠎ᠤᠨ ᠥᠯᠢᠭᠡᠷ᠂ ᠪᠠᠭ᠋ᠠᠲᠤᠷᠴᠤᠳ᠎ᠤᠨ ᠥᠯᠢᠭᠡᠷ᠎ᠢ ᠰᠠᠶ᠋ᠢᠲᠤᠷ ᠶᠠᠷᠢᠵᠤ᠂ ᠵᠠᠯᠠᠭᠤᠴᠤᠳ ᠪᠠᠭ᠋ᠠᠴᠤᠳ᠎ᠤᠨ ᠲᠠᠨᠢᠨ ᠮᠡᠳᠡᠬᠦᠶ ᠵᠢᠨ ᠣᠨᠴᠠᠯᠢᠭᠲᠤ ᠨᠡᠶ᠋ᠢᠴᠡᠭᠰᠡᠨ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢ ᠵᠢᠷᠤᠭᠯᠠᠨ ᠲᠥᠰᠦᠪᠯᠡᠵᠤ᠂ ᠣᠨᠴᠠᠯᠢᠭ ᠵᠶ᠋ᠠᠷ ᠪᠠᠶᠠᠯᠢᠭ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠂ ᠵᠠᠯᠠᠭᠤᠴᠤᠳ ᠪᠠᠭ᠋ᠠᠴᠤᠳ᠎ᠤᠨ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ᠎ᠤᠨ ᠰᠠᠭᠤᠷᠢᠨ᠎ᠢ ᠪᠥᠲᠥᠭᠡᠨ ᠪᠠᠶ᠋ᠢᠭᠤᠯᠵᠤ᠂ ᠲᠡᠳᠡᠨ᠎ᠢ ᠬᠠᠷᠠᠬᠠᠨ ᠪᠠᠭ᠎ᠠ᠎ᠠᠴᠠ᠎ᠪᠠᠨ ᠰᠡᠳᠬᠢᠯ᠎ᠳᠡᠭᠡᠨ ᠬᠤᠪᠢᠰᠬᠠᠯ᠎ᠤᠨ ᠬᠦᠰᠡᠯᠡᠩ᠎ᠲᠠᠢ ᠪᠣᠯᠬᠤ ᠵᠢ ᠬᠥᠲᠥᠯᠥᠨ ᠵᠢᠯᠣᠭᠣᠳᠬᠤ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃