ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠤᠷᠠᠨ ᠰᠠᠶ᠋ᠢᠬᠠᠨ᠎ᠤ ᠲᠣᠭᠯᠠᠯᠲᠠ 《ᠠᠭᠤᠤ ᠶᠡᠬᠡ ᠠᠶᠠᠨ》 ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠸ ᠵᠢᠢ ᠬᠠᠨ ᠵᠧᠩ ᠸᠠᠩ ᠴᠢ ᠱᠠᠨ ᠲᠣᠭᠯᠠᠯᠲᠠ ᠵᠢ ᠰᠣᠨᠢᠷᠬᠠᠵᠠᠢ
ᠨᠡᠶ᠋ᠢᠲᠡᠯᠡᠭᠰᠡᠨ ᠴᠠᠭ᠄ 2021-06-29

      ᠬᠦᠴᠢᠷ ᠪᠡᠷᠬᠡᠰᠢᠶᠡᠯ᠎ᠢ ᠢᠯᠠᠨ ᠳᠠᠪᠠᠵᠤ ᠠᠭᠤᠤ ᠦᠢ᠍ᠯᠡᠰ᠎ᠢ ᠴᠣᠭᠴᠠᠯᠠᠨ᠂ ᠤᠬ ᠰᠠᠨᠠᠭ᠎ᠠ᠎ᠪᠠᠨ ᠦᠯᠦ ᠮᠠᠷᠲᠠᠵᠤ ᠠᠶᠠᠨ ᠵᠠᠮ᠎ᠳᠠᠭᠠᠨ ᠲᠠᠬᠢᠨ ᠮᠣᠷᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠤᠷᠠᠨ ᠰᠠᠶ᠋ᠢᠬᠠᠨ᠎ᠤ ᠲᠣᠭᠯᠠᠯᠲᠠ 《ᠠᠭᠤᠤ ᠶᠡᠬᠡ ᠠᠶᠠᠨ》 28᠎ᠤ ᠤᠷᠤᠢ ᠤᠯᠤᠰ᠎ᠤᠨ ᠪᠡᠶ᠎ᠡ ᠵᠢᠨ ᠲᠠᠮᠢᠷ᠎ᠤᠨ ᠲᠠᠯᠠᠪᠠᠢ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ 2 ᠲᠦᠮᠡ ᠰᠢᠬᠠᠮ ᠦᠵᠡᠭᠴᠢᠳ᠎ᠲᠠᠢ ᠬᠠᠮᠲᠤ ᠲᠣᠭᠯᠠᠯᠲᠠ ᠵᠢ ᠰᠣᠨᠢᠷᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠲᠤᠷᠰᠢᠬᠢ ᠰᠦᠷ ᠳᠠᠯᠠᠶ᠋ᠢᠴᠠᠲᠠᠢ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠬᠠᠮᠲᠤ᠎ᠪᠠᠷ ᠡᠷᠭᠢᠴᠡᠭᠦᠯᠵᠦ᠂ ᠠᠭᠤᠤ ᠶᠡᠬᠡ ᠨᠠᠮ᠎ᠤᠨ ᠵᠶ᠋ᠠᠨ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠰᠢᠨ᠎ᠡ ᠠᠶᠠᠨ᠎ᠳᠠᠭᠠᠨ ᠮᠣᠷᠳᠠᠵᠤ᠂ ᠰᠢᠨ᠎ᠡ ᠴᠠᠭ ᠦᠶ᠎ᠡ᠎ᠳᠤ ᠡᠷᠡᠮᠡᠬᠡᠶ᠋ᠢᠯᠡᠨ ᠤᠷᠤᠭᠰᠢᠯᠠᠬᠤ ᠵᠢ ᠬᠠᠮᠲᠤ᠎ᠪᠠᠷ ᠵᠥᠩᠨᠡᠪᠡ᠃


1.jpg


      6 ᠰᠠᠷ᠎ᠠ ᠵᠢᠨ 28᠎ᠤ ᠤᠷᠤᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠤᠷᠠᠨ ᠰᠠᠶ᠋ᠢᠬᠠᠨ᠎ᠤ ᠲᠣᠭᠯᠠᠯᠲᠠ 《ᠠᠭᠤᠤ ᠶᠡᠬᠡ ᠠᠶᠠᠨ》 ᠤᠯᠤᠰ᠎ᠤᠨ ᠪᠡᠶ᠎ᠡ ᠵᠢᠨ ᠲᠠᠮᠢᠷ᠎ᠤᠨ ᠲᠠᠯᠠᠪᠠᠢ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ᠂

2 ᠲᠦᠮᠡ ᠰᠢᠬᠠᠮ ᠦᠵᠡᠭᠴᠢᠳ᠎ᠲᠠᠢ ᠬᠠᠮᠲᠤ ᠲᠣᠭᠯᠠᠯᠲᠠ ᠵᠢ ᠰᠤᠨᠢᠷᠬᠠᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠬᠦᠳᠡᠷᠯᠡᠪᠡ


      ᠰᠥᠨᠢ ᠵᠢᠨ ᠬᠥᠰᠢᠭᠡᠨ ᠳᠣᠣᠷᠠᠬᠢ ᠣᠯᠢᠮᠫᠢᠺ᠎ᠤᠨ ᠲᠥᠪ ᠲᠣᠭᠣᠷᠢᠭ᠎ᠲᠤ ᠭᠡᠷᠡᠯ ᠭᠢᠯᠪᠠᠭ᠎ᠠ ᠰᠠᠴᠤᠷᠠᠵᠤ᠂ ᠤᠨᠴᠠ ᠵᠢᠨ ᠭᠤᠢ᠍ᠢ᠍ᠳᠠ ᠰᠠᠢ᠍ᠢ᠍ᠬᠠᠨ ᠬᠠᠷᠠᠬᠳᠠᠨ᠎ᠠ᠂ ᠪᠠᠶᠠᠷ ᠪᠠᠶᠠᠰᠤᠯ᠎ᠲᠠᠢ ᠳᠤᠮᠳᠠᠳᠤ ᠤᠯᠤᠰ᠎ᠤᠨ ᠵᠠᠩᠭᠢᠶᠠᠳᠦ ᠳ᠋ᠧᠩ᠎ᠤᠨ ᠵᠠᠰᠠᠯ᠂ ᠨᠢᠳᠤᠨ᠎ᠳᠤ ᠢᠯᠡᠭᠡᠨ ᠪᠡᠯᠭᠡᠯᠡᠬᠦ ᠠᠵᠢᠯᠯᠠᠭ᠎ᠠ ᠵᠢᠨ ᠢᠯᠡᠷᠭᠡᠢ᠍ᠢ᠍ᠯᠡᠯ ᠲᠡᠮᠳᠡᠭ᠂ ᠲᠠᠩᠰᠤᠭ ᠰᠠᠶ᠋ᠢᠬᠠᠨ ᠣᠷᠢᠶᠠᠮᠠᠯ ᠯᠣᠣ ᠵᠢᠨ ᠭᠡ᠎ᠲᠠᠢ ᠴᠡᠴᠡᠭ᠎ᠤᠨ ᠪᠠᠭ᠋ᠠᠨ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ᠎ᠤᠨ ᠤᠢ ᠵᠢ ᠪᠠᠶᠠᠷᠯᠠᠨ ᠪᠡᠯᠭᠡᠯᠡᠵᠦ ᠪᠠᠶ᠋ᠢᠭ᠎ᠠ ᠵᠢ ᠬᠠᠷᠠᠭᠤᠯᠤᠨ᠎ᠠ᠃ ᠠᠯᠲᠠᠨ ᠭᠡᠷᠡᠯ ᠰᠠᠴᠤᠷᠠᠬᠰᠠᠨ ᠤᠯᠤᠰ᠎ᠤᠨ ᠪᠡᠶ᠎ᠡ ᠵᠢᠨ ᠲᠠᠮᠢᠷ᠎ᠤᠨ ᠲᠠᠯᠠᠪᠠᠢ ᠵᠢᠨ 《ᠰᠢᠪᠠᠭᠤᠨ ᠡᠭᠦᠷ》᠎ᠨᠢ ᠭᠦᠨ ᠬᠥᠬᠡ ᠥᠩᠭᠡᠲᠡᠶ ᠤᠯᠤᠰ᠎ᠤᠨ ᠤᠮᠪᠠᠯᠲᠠ ᠵᠢᠨ ᠲᠥᠪ᠎ᠤᠨ 《ᠪᠤᠯᠤᠷ ᠤᠷᠳᠤᠨ》᠎ᠲᠠᠢ ᠠᠯᠤᠰ᠎ᠠᠴᠠ ᠦᠩᠭᠡ ᠢᠯᠭ᠋ᠠᠷᠠᠨ ᠬᠠᠷᠠᠬᠳᠠᠨ᠎ᠠ᠃
      ᠤᠯᠤᠰ᠎ᠤᠨ ᠪᠡᠶ᠎ᠡ ᠵᠢᠨ ᠲᠠᠮᠢᠷ᠎ᠤᠨ  ᠲᠠᠯᠠᠪᠠᠢ᠎ᠳᠤ ᠦᠩᠭᠡᠳᠦ ᠳ᠋ᠧᠩ ᠭᠡᠷᠡᠯᠳᠦᠨ᠎ᠠ᠃ ᠭᠤᠤᠯ ᠲᠠᠶ᠋ᠢᠰᠠᠨ᠎ᠤ ᠲᠤᠮᠤ ᠳᠡᠯᠭᠡᠴᠡ ᠳᠡᠭᠡᠷ᠎ᠡ᠂ ᠠᠯᠳᠠᠨ ᠰᠢᠷᠭ᠋ᠠᠯ ᠨᠠᠮ᠎ᠤᠨ ᠰᠦᠯᠳᠡ ᠤᠯᠠᠭ᠋ᠠᠨ ᠬᠥᠰᠢᠭᠡᠨ ᠳᠡᠭᠡᠷ᠎ᠠ ᠬᠢᠯᠠᠯᠵᠠᠵᠤ᠂ ᠬᠣᠶᠠᠷ ᠲᠠᠯ᠎ᠠ᠎ᠳᠤᠨᠢ 《1921》 ᠪᠠ 《2021》 ᠭᠡᠬᠦ ᠠᠯᠳᠠᠨ ᠦᠰᠦᠭ᠎ᠢ ᠪᠢᠴᠢᠵᠥ ᠡᠯᠬᠦᠵᠡᠢ᠃ ᠲᠠᠶ᠋ᠢᠰᠠᠨ᠎ᠤ ᠬᠠᠮᠤᠭ᠎ᠤᠨ ᠥᠨᠳᠥᠷ ᠭᠠᠵᠠᠷ᠎ᠲᠤ᠂ 100 ᠨᠡᠷᠡᠰ ᠶᠣᠰᠣᠯᠠᠯ᠎ᠤᠨ ᠪᠦᠷᠢᠶᠡᠴᠢᠨ ᠳᠦᠪ ᠵᠤᠬᠰᠤᠵᠥ᠂ ᠬᠣᠶᠠᠷ ᠲᠠᠯ᠎ᠠ ᠵᠢᠨ ᠡᠷᠭᠢᠯᠳᠦᠬᠦ ᠳᠠᠢ᠍ᠢ᠍ᠰᠠᠨ ᠵᠠᠰᠠᠯ ᠳᠤᠮᠳᠠ᠂ ᠪᠠᠶ᠋ᠢᠯᠳᠤᠭᠴᠢᠳ᠎ᠤᠨ ᠬᠦᠷᠦᠭ᠎ᠤᠳ ᠰᠡᠬᠦᠶ᠋ᠢᠨ ᠰᠦᠨᠳᠡᠷᠯᠡᠨ᠎ᠡ᠃ ᠴᠤᠭ ᠵᠢᠪᠬᠤᠭ᠎ᠠ ᠳᠡᠬᠦᠯᠳᠡᠷ ᠵᠠᠯᠠᠭᠤᠴᠤᠳ ᠭᠠᠷ᠎ᠲᠠᠭᠠᠨ ᠤᠯᠠᠭ᠋ᠠᠨ ᠥᠩᠭᠡ ᠵᠢᠨ ᠴᠡᠴᠡᠭ ᠪᠠᠷᠢᠵᠤ᠂ ᠲᠠᠶ᠋ᠢᠰᠠᠨ᠎ᠤ ᠲᠥᠪ᠎ᠲᠤ ᠴᠤᠭᠯᠠᠷᠠᠵᠠᠭ᠋ᠠᠯ᠎ᠠ᠃
      19 ᠴᠠᠭ 57 ᠮᠢᠨᠦ᠋ᠲ᠎ᠤᠨ ᠦᠶ᠎ᠡ᠎ᠪᠠᠷ᠂ ᠪᠠᠶᠠᠰᠬᠤᠯᠠᠩᠲᠤ ᠰᠠᠶ᠋ᠢᠬᠠᠨ ᠬᠥᠭᠵᠢᠮ᠎ᠤᠨ ᠳᠤᠮᠳᠠ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠲᠡᠷᠢᠭᠦᠯᠡᠭᠴᠢ ᠵᠢᠨ ᠲᠠᠶ᠋ᠢᠰᠠᠨ᠎ᠳᠤ ᠭᠠᠷᠴᠤ᠂ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠬᠦ᠎ᠳᠤ ᠲᠠᠯᠠᠪᠠᠢ ᠳᠠᠶᠠᠭ᠋ᠠᠷ ᠵᠶ᠋ᠠᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠠᠷᠯᠠᠯᠳᠤᠨ ᠤᠤᠬᠠᠢ᠍ᠢ᠍ᠯᠠᠪᠠ᠃
      ᠬᠦᠷ ᠬᠦᠭᠵᠢᠶᠡᠨᠳᠠᠢ ᠳᠠᠭᠤᠤ ᠵᠢᠨ ᠠᠶᠠᠰ ᠠᠨᠢᠷᠳᠤᠬᠤᠶ᠎ᠠ᠂ ᠦᠩᠭᠡ ᠢᠯᠭ᠋ᠠᠷᠠᠭᠰᠠᠨ ᠬᠤᠸᠠᠷ ᠫᠤᠤᠵᠢᠩ᠎ᠠᠴᠠ 《100》 ᠬᠡᠮᠡᠬᠦ ᠲᠣᠭ᠋ᠠᠯᠠᠯ ᠢᠯᠡᠷᠡᠵᠦ᠂ ᠤᠯᠤᠰ᠎ᠤᠨ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠣᠭᠲᠠᠷᠭᠤᠢ᠎ᠳᠤ ᠪᠠᠳᠠᠷᠠᠨ ᠳᠡᠯᠭᠡᠷᠡᠪᠡ᠃ ᠲᠠᠶ᠋ᠢᠰᠠᠨ ᠳᠡᠭᠡᠷ᠎ᠡ᠂ ᠭᠢᠯᠠᠯᠵᠠᠭᠰᠠᠨ ᠤᠴᠢ᠎ᠨᠤᠭᠤᠳ ᠨᠠᠮ᠎ᠤᠨ ᠰᠦᠯᠳᠡ ᠵᠢᠨ ᠳᠦᠷᠰᠦ ᠪᠤᠯᠤᠨ ᠪᠦᠷᠢᠯᠳᠦᠵᠤ᠂ ᠲᠣᠭᠯᠠᠯᠲᠠ ᠵᠢᠨ ᠬᠥᠰᠢᠭᠡ ᠵᠢ ᠰᠡᠬᠦᠪᠡ᠃
      ᠲᠣᠭᠯᠠᠯᠲᠠ ᠵᠢ ᠲᠣᠮᠣ ᠬᠡᠯᠪᠡᠷᠢ ᠵᠢᠨ ᠦᠵᠡᠭᠳᠡᠯᠲᠦ ᠲᠤᠤᠯᠢᠰ᠎ᠤᠨ ᠬᠡᠯᠪᠡᠷᠢ᠎ᠪᠠᠷ ᠲᠤᠬᠯᠠᠨ ᠦᠵᠡᠬᠦᠯᠵᠦ᠂ ᠨᠡᠶ᠋ᠢᠲᠡ ᠳᠥᠷᠪᠡᠨ ᠪᠦᠯᠦᠭ ᠬᠤᠪᠢᠶᠠᠨ᠂ ᠣᠯᠠᠨ ᠵᠦᠢ᠍ᠯ᠎ᠤᠨ ᠤᠷᠠᠯᠢᠭ᠎ᠤᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠤᠷᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠬᠤᠪᠢᠰᠬᠠᠯ᠂ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠬᠢᠭᠰᠡᠨ ᠰᠦᠷ ᠳᠠᠯᠠᠢ᠍ᠢ᠍ᠴᠠᠳᠠᠢ ᠬᠠᠭᠤᠳᠠᠰᠤ ᠵᠢ ᠠᠮᠢᠳᠤᠯᠢᠭ ᠵᠶ᠋ᠠᠷ ᠳᠡᠯᠭᠡᠨ ᠦᠵᠡᠭᠦᠯᠵᠦ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠢᠳᠡᠷᠡᠬᠦᠨ ᠠᠯᠬᠤᠭ᠎ᠠ᠎ᠪᠠᠷ ᠤᠮᠤᠭ ᠲᠡᠭᠦᠯᠳᠡᠷ ᠵᠶ᠋ᠠᠷ ᠤᠷᠤᠭᠰᠢᠯᠠᠵᠦ ᠪᠠᠢ᠍ᠢ᠍ᠭ᠎ᠠ ᠪᠠᠢ᠍ᠢ᠍ᠳᠠᠯ᠎ᠢ ᠮᠠᠭᠳᠠᠨ ᠳᠠᠭᠤᠯᠠᠵᠠᠢ᠃
      《ᠡᠨᠡ ᠬᠦ᠌ ᠲᠦᠷᠦ ᠵᠢᠨ ᠨᠠᠮ ᠯᠠᠪᠲᠠᠢ ᠳᠤᠮᠳᠠᠳᠤ ᠤᠯᠤᠰ᠎ᠢ ᠭᠡᠭᠡᠨ ᠰᠠᠷᠠᠭᠤᠯ ᠢᠷᠡᠭᠡᠳᠦᠢ ᠵᠦᠭ ᠬᠥᠲᠥᠯᠵᠦ᠂ ᠳᠤᠮᠳᠠᠳᠤᠴᠤᠳ᠎ᠢ ᠰᠠᠢ᠍ᠢ᠍ᠨ ᠰᠠᠶ᠋ᠢᠬᠠᠨ ᠠᠮᠢᠳᠤᠷᠠᠭᠤᠯᠬᠤ ᠶᠤᠮ ᠁》 ᠭᠡᠵᠤ ᠰᠢ ᠵᠦᠴᠦᠭᠡ ᠪᠣᠯᠤᠨ ᠪᠥᠵᠢᠭ 《ᠥᠷ᠎ᠤᠨ ᠭᠡᠭᠡ》᠎ᠳᠤ ᠤᠢ᠍ᠢ᠍ᠷ᠎ᠠ ᠦᠶ᠎ᠡ᠎ᠠᠴᠠ ᠨᠠᠭ᠋ᠠᠰᠢ᠂ ᠳᠤᠮᠳᠠᠳᠤ ᠵᠢᠨ ᠦᠨᠳᠦᠰᠦᠲᠡᠨ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠵᠤ᠂ ᠲᠣᠭ᠎ᠠ ᠲᠣᠮᠰᠢ ᠦᠭᠡᠢ ᠴᠢᠩ ᠵᠤᠷᠢᠬᠳᠠᠨ ᠬᠣᠶ᠋ᠢᠨ᠎ᠠ ᠬᠣᠶ᠋ᠢᠨ᠎ᠠ᠎ᠠᠴᠠ᠎ᠪᠠᠨ ᠤᠯᠤᠰ ᠵᠶ᠋ᠠᠨ ᠠᠪᠤᠷᠠᠵᠤ ᠠᠷᠠᠳ ᠵᠶ᠋ᠠᠨ ᠠᠪᠤᠷᠠᠬᠤ ᠦᠨᠡᠨ ᠶᠣᠰᠣ ᠵᠢ ᠡᠷᠢᠯᠬᠢᠯᠡᠵᠦ᠂ 1921 ᠣᠨ ᠪᠤᠯᠬᠤ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠨ᠂ ᠳᠤᠮᠳᠠᠳᠤ ᠤᠯᠤᠰ᠎ᠤᠨ ᠬᠤᠪᠢᠰᠬᠠᠯ᠎ᠤᠨ ᠳᠦᠷᠰᠦ ᠪᠠᠶ᠋ᠢᠳᠠᠯ ᠴᠣ᠌ ᠰᠢᠨ᠎ᠡ ᠲᠦᠷᠰᠦ ᠪᠠᠶ᠋ᠢᠳᠠᠯ᠎ᠲᠠᠢ ᠪᠣᠯᠤᠭᠰᠠᠨ᠎ᠢ ᠳᠠᠬᠢᠨᠳᠠ ᠬᠠᠷᠠᠭᠤᠯᠵᠠᠢ᠃ ᠨᠢᠭᠡᠳᠦᠭᠡᠷ ᠪᠦᠯᠦᠭ 《ᠭᠠᠯ᠎ᠢ ᠰᠦᠷᠦᠨ ᠤᠷᠤᠭᠰᠢᠯᠠᠭᠰᠠᠨ᠎ᠨᠢ》᠎ᠳᠤ᠂ ᠦᠵᠡᠭᠳᠡᠯᠲᠦ ᠪᠥᠵᠢᠭ 《ᠪᠣᠰᠣᠯᠭ᠎ᠠ ᠪᠣᠰᠣᠯᠭ᠎ᠠ》᠂ ᠳᠠᠭᠤᠤ ᠪᠥᠵᠢᠭ 《ᠭᠠᠵᠠᠷ ᠰᠢᠷᠣᠢ》᠂ ᠰᠢ ᠵᠦᠴᠦᠭᠡ ᠪᠣᠯᠤᠨ ᠪᠥᠵᠢᠭ

《ᠤᠷᠳᠤ ᠵᠠᠮ᠎ᠤᠨ ᠠᠶᠠᠨ ᠲᠠᠢ᠍ᠢ᠍ᠨ》᠂ ᠦᠵᠡᠭᠳᠡᠯᠲᠦ ᠨᠠᠶ᠋ᠢᠷᠠᠯ ᠳᠠᠭᠤᠤ 《ᠤᠷᠠᠶ᠋ᠢᠯᠠᠨ ᠬᠠᠰᠬᠢᠷᠤᠭ᠋ᠠᠴᠢ ᠬᠠᠳᠤᠨ ᠭᠣᠣᠯ ᠮᠢᠨᠢ》᠂ ᠨᠠᠶ᠋ᠢᠷᠠᠯ ᠳᠠᠭᠤᠤ ᠪᠣᠯᠤᠨ ᠪᠥᠵᠢᠭ 《ᠤᠷᠤᠬᠰᠢ᠎ᠪᠠᠨ᠂ ᠤᠷᠤᠬᠰᠢ᠎ᠪᠠᠨ᠂ ᠤᠷᠤᠬᠰᠢ᠎ᠪᠠᠨ》 ᠵᠡᠷᠭᠡ ᠲᠣᠭᠯᠠᠯᠲᠠ᠎ᠪᠠᠷ ᠶᠡᠬᠡ ᠬᠤᠪᠢᠰᠬᠠᠯ᠎ᠤᠨ ᠲᠠᠢ᠍ᠢ᠍ᠨ᠎ᠤ ᠤᠳᠤᠭ᠎ᠠ ᠳᠤᠮᠳᠠ᠂ ᠪᠡᠷᠬᠡ ᠬᠠᠲᠠᠭᠤᠵᠢᠯᠲᠠᠢ ᠤᠷᠳᠤ ᠵᠠᠮ᠎ᠤᠨ ᠠᠶᠠᠨ ᠲᠠᠢ᠍ᠢ᠍ᠨ᠎ᠤ ᠵᠠᠮ ᠳᠡᠭᠡᠷ᠎ᠡ᠂ ᠶᠠᠫᠣᠨ᠎ᠢ ᠡᠰᠡᠷᠭᠦᠴᠡᠬᠦ ᠲᠠᠢ᠍ᠢ᠍ᠨ᠂ ᠴᠢᠯᠥᠭᠡᠯᠡᠬᠦ ᠲᠠᠢ᠍ᠢ᠍ᠨ᠎ᠤ ᠲᠠᠯᠠᠪᠤᠷ᠎ᠲᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠴᠢᠰᠤᠲᠤ ᠪᠠᠶ᠋ᠢᠯᠳᠤᠭ᠋ᠠᠨ ᠬᠢᠵᠦ᠂ ᠳᠤᠭᠰᠢᠨ ᠭᠠᠯ᠎ᠤᠨ ᠳᠤᠮᠳᠠ ᠪᠤᠯᠤᠳ ᠮᠡᠲᠦ ᠬᠠᠲᠠᠭᠤᠵᠢᠭᠰᠠᠨ ᠠᠭᠤᠤ ᠶᠡᠬᠡ ᠲᠡᠦᠬᠡᠨ ᠶᠠᠪᠤᠴᠠ ᠵᠢ ᠠᠮᠢᠳᠤᠯᠢᠭ ᠵᠶ᠋ᠠᠷ ᠢᠯᠡᠷᠡᠭᠦᠯᠪᠡ᠃
      ᠬᠠᠭᠤᠴᠢᠨ ᠶᠢᠷᠲᠢᠨᠴᠦ ᠵᠢ ᠦᠭᠡᠷᠡᠴᠢᠯᠡᠭᠰᠡᠨ ᠳᠤᠮᠳᠠᠳᠤ ᠤᠯᠤᠰ᠎ᠤᠨ ᠡᠪ ᠬᠠᠮᠲᠤᠴᠤᠳ ᠰᠢᠨ᠎ᠡ ᠶᠢᠷᠲᠢᠨᠴᠦ ᠵᠢ ᠪᠠᠶ᠋ᠢᠭᠤᠯᠵᠤ ᠴᠢᠳᠠᠨ᠎ᠠ ᠦᠦ ᠤᠢ᠍ᠭᠡᠢ ᠦᠦ? ᠬᠣᠶᠠᠳᠤᠭ᠋ᠠᠷ ᠪᠦᠯᠦᠭ 《ᠰᠠᠯᠬᠢ ᠪᠣᠷᠣᠭ᠋ᠠᠨ᠎ᠳᠤ ᠰᠠᠭ᠋ᠠᠲᠠᠯ ᠦᠭᠡᠢ ᠤᠷᠤᠬᠰᠢᠯᠠᠭᠰᠠᠨ᠎ᠨᠢ》 ᠪᠦᠯᠦᠭ᠎ᠨᠢ ᠪᠥᠵᠢᠭ 《ᠤᠯᠤᠰ ᠪᠠᠶ᠋ᠢᠭᠤᠯᠤᠭᠳᠠᠬᠤ ᠶᠡᠬᠡ ᠶᠣᠰᠣᠯᠠᠯ》 ᠵᠶ᠋ᠠᠷ ᠡᠬᠢᠯᠡᠵᠦ᠂ ᠬᠦᠷ ᠬᠥᠭᠵᠢᠶᠡᠨ᠎ᠲᠠᠢ ᠨᠡᠶ᠋ᠢᠭᠡᠮ ᠵᠢᠷᠤᠮᠲᠤ ᠬᠤᠪᠢᠰᠬᠠᠯ ᠪᠣᠯᠤᠨ ᠪᠦᠳᠦᠭᠡᠨ ᠪᠠᠶ᠋ᠢᠭᠤᠯᠤᠯᠲᠠ ᠵᠢᠨ ᠤᠨ ᠵᠢᠯ᠎ᠤᠳ᠎ᠢ ᠡᠷᠭᠢᠴᠡᠭᠦᠯᠪᠡ᠃ ᠬᠦᠩᠬᠢᠨᠠᠮ᠎ᠠ ᠫᠤᠤ ᠵᠢᠨ ᠲᠠᠭᠤᠨ᠎ᠤ ᠳᠤᠮᠳᠠ᠂ ᠦᠵᠡᠭᠳᠡᠯᠲᠦ ᠨᠠᠶ᠋ᠢᠷᠠᠯ ᠳᠠᠭᠤᠤ ᠪᠣᠯᠤᠨ ᠪᠥᠵᠢᠭ 《ᠪᠠᠶ᠋ᠢᠯᠳᠤᠭ᠋ᠠᠨ᠎ᠤ ᠲᠣᠭ ᠵᠢᠷᠤᠭ ᠮᠡᠲᠦ ᠭᠣᠶᠣᠬᠠᠨ》᠎ᠨᠢ ᠠᠮᠧᠷᠢᠺᠠ ᠵᠢ ᠡᠰᠡᠷᠭᠦᠴᠡᠵᠦ ᠰᠣᠯᠣᠩᠭᠣᠰ᠎ᠢ ᠲᠤᠰᠠᠯᠠᠬᠤ ᠣᠷᠭᠢᠯᠤᠮ᠎ᠠ ᠬᠠᠯᠠᠭᠤᠨ ᠲᠡᠶ᠋ᠢᠨ᠎ᠤ ᠲᠠᠯᠠᠪᠤᠷ᠎ᠢ ᠢᠯᠡᠷᠡᠭᠦᠯᠵᠦ᠂ ᠰᠠᠶ᠋ᠢᠨ ᠳᠤᠷ᠎ᠠ ᠵᠢᠨ ᠴᠡᠷᠢᠭ᠎ᠤᠨ ᠪᠠᠶ᠋ᠢᠯᠳᠤᠭᠴᠢ ᠵᠢᠨ ᠤᠯᠤᠰ ᠣᠷᠣᠨ ᠵᠶ᠋ᠠᠨ ᠬᠠᠮᠠᠭ᠋ᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠵᠢ ᠮᠠᠭᠲᠠᠨ ᠳᠠᠭᠤᠯᠠᠪᠠ᠃ ᠣᠮᠣᠭ ᠲᠡᠭᠦᠯᠳᠡᠷ ᠠᠶᠠᠯᠭᠤ ᠵᠢᠨ ᠳᠤᠮᠳᠠ᠂ ᠰᠢ ᠵᠦᠴᠦᠭᠡ ᠪᠠ ᠪᠥᠵᠢᠭ 《ᠣᠷᠭᠢᠯᠤᠮ᠎ᠠ ᠬᠠᠯᠠᠭᠤᠨ ᠤᠨ ᠰᠠᠷ᠎ᠠ》᠎ᠨᠢ ᠸᠠᠩ ᠵᠢᠨ ᠰᠢ᠂ ᠱ᠌ᠢ ᠯᠠᠶ ᠾᠧ᠂ ᠯᠸᠢ ᠹᠸᠩ᠂ ᠴᠢᠶᠠᠨ ᠰᠢᠤᠸᠠᠢ ᠰᠸᠨ᠂ ᠵᠢᠶᠤᠤ ᠢᠦᠶ ᠯᠦ᠍ ᠵᠡᠷᠭᠡ ᠨᠢᠭᠡ ᠪᠦᠯᠦᠭ ᠬᠣᠰᠢᠭᠤᠴᠢ ᠵᠢᠱ᠌ᠢᠶᠡᠴᠢ ᠵᠢᠨ ᠲᠡᠮᠡᠴᠡᠯ᠎ᠤᠨ ᠳᠦᠷᠢ ᠵᠢ ᠠᠮᠢᠳᠤᠯᠢᠭ ᠵᠢᠷᠤᠭᠯᠠᠭᠰᠠᠨ ᠪᠠᠶ᠋ᠢᠨ᠎ᠠ᠃
      ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠪᠣᠰᠴᠤ ᠵᠣᠭᠰᠣᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠳᠠᠭ᠋ᠠᠭᠤᠯᠤᠨ ᠪᠠᠶᠠᠵᠢᠨ ᠴᠢᠨᠡᠭᠡᠯᠢᠭᠵᠢᠵᠤ ᠴᠢᠳᠠᠨ᠎ᠠ ᠦᠦ ᠦᠭᠡᠢ ᠦᠦ? ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠠᠮᠵᠢᠯᠳᠠ᠎ᠲᠠᠢ᠎ᠪᠠᠷ ᠬᠤᠷᠠᠯᠳᠤᠵᠤ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡᠲᠦ ᠴᠢᠨᠠᠷᠲᠠᠢ ᠬᠠᠷᠢᠭᠤᠯᠲᠠ ᠥᠭᠪᠡ᠃ ᠭᠤᠷᠪᠠᠳᠤᠭ᠋ᠠᠷ ᠪᠦᠯᠦᠭ 《ᠬᠦᠴᠢᠷ᠎ᠢ ᠰᠦᠷᠤᠨ ᠡᠷᠡᠮᠡᠭᠡᠢ᠍ᠢ᠍ᠯᠡᠨ ᠤᠷᠤᠬᠰᠢᠯᠠᠭᠰᠠᠨ᠎ᠨᠢ》᠎ᠳᠤ᠂ ᠪᠥᠵᠢᠭ 《ᠬᠠᠪᠤᠷ᠎ᠤᠨ ᠲᠦᠯᠬᠢᠭᠡᠨ ᠣᠶ᠋ᠢᠯᠤᠨ ᠲᠤᠯᠬᠢᠶᠠᠯᠠᠬᠤᠢ》᠎ᠨᠢ ᠬᠠᠪᠤᠷ᠎ᠤᠨ ᠦᠯᠢᠬᠡᠷ᠎ᠢ ᠬᠦᠰᠡᠯᠡᠩ᠎ᠤᠨ ᠬᠥᠳᠡᠭᠡ ᠲᠠᠯ᠎ᠠ᠎ᠳᠤ ᠳᠡᠯᠭᠡᠵᠦ᠂ ᠳᠠᠭᠤᠤ ᠪᠥᠵᠢᠭ 《ᠣᠨᠴᠠᠭ᠋ᠠᠢ ᠣᠷᠣᠨ᠎ᠤ ᠬᠦᠰᠡᠯ᠎ᠤᠨ ᠠᠶᠠᠯᠭᠤᠨ》᠎ᠨᠢ ᠣᠨᠴᠠᠭ᠋ᠠᠢ ᠣᠷᠣᠨ᠎ᠤ 《ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ》 ᠴᠠᠭ ᠦᠶ᠎ᠡ ᠵᠢᠨ ᠰᠤᠳᠠᠰᠤ ᠵᠢᠨ ᠯᠤᠬᠰᠢᠯᠳᠠ ᠵᠢ ᠢᠯᠡᠷᠡᠭᠦᠯᠦᠨ᠂ ᠦᠵᠡᠭᠳᠡᠯᠲᠦ ᠨᠠᠶ᠋ᠢᠷᠠᠯ ᠳᠠᠭᠤᠤ ᠪᠣᠯᠤᠨ ᠪᠥᠵᠢᠭ 《ᠡᠬᠡ ᠤᠯᠤᠰ᠎ᠲᠠᠭᠠᠨ ᠪᠤᠴᠠᠵᠤ ᠢᠷᠡᠭᠰᠡᠨ ᠴᠠᠭ ᠮᠥᠴᠡ》᠎ᠨᠢ ᠰᠢᠶᠠᠩᠭ᠋ᠠᠩ᠂ ᠤᠦᠮᠸᠨ ᠡᠬᠡ ᠤᠯᠤᠰ᠎ᠤᠨ ᠵᠶ᠋ᠠᠨ ᠡᠯᠢᠭᠡᠨ᠎ᠳᠤ ᠪᠤᠴᠠᠨ ᠢᠷᠡᠭᠰᠡᠨ᠎ᠢ ᠪᠠᠶᠠᠷᠯᠠᠨ ᠪᠡᠯᠭᠡᠯᠡᠵᠦ᠂ ᠤᠷᠠᠨ ᠤᠩᠰᠢᠯᠭ᠎ᠠ ᠪᠣᠯᠤᠨ ᠨᠠᠶ᠋ᠢᠷᠠᠯ ᠳᠠᠭᠤᠤ 《ᠳᠠᠪᠠᠯᠲᠠ》᠎ᠨᠢ ᠪᠠᠷᠠᠭᠤᠡᠳᠡᠬᠢ ᠬᠡᠢ ᠵᠢ ᠵᠡᠭᠦᠨᠰᠢ ᠳᠠᠮᠵᠢᠭᠤᠯᠬᠤ᠂ ᠪᠠᠷᠠᠭᠤᠨᠳᠡᠬᠢ ᠴᠠᠬᠢᠯᠭ᠋ᠠᠨ᠎ᠢ ᠵᠡᠭᠦᠨᠰᠢ ᠬᠦᠷᠭᠡᠬᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠂ ᠤᠮᠠᠷᠠᠲᠤ ᠵᠢᠨ ᠨᠡᠭᠦᠷᠡᠰᠦ ᠵᠢ ᠡᠮᠦᠨᠡᠰᠢ ᠵᠥᠭᠡᠭᠡᠪᠦᠷᠢᠯᠡᠬᠦ ᠵᠡᠷᠭᠡ ᠴᠢᠬᠤᠯᠠ ᠶᠡᠬᠡ ᠤᠯᠤᠰ᠎ᠤᠨ ᠢᠨᠵᠧᠨᠧᠷᠢᠩ᠎ᠢ ᠮᠠᠭᠲᠠᠨ ᠳᠠᠭᠤᠯᠠᠪᠠ᠃ ᠦᠵᠡᠭᠳᠡᠯᠳᠤ ᠪᠦᠵᠢᠭ 《ᠮᠢᠨᠤ ᠰᠡᠳᠬᠢᠯ᠎ᠳᠠᠬᠢ ᠨᠠᠮ᠎ᠤᠨ ᠲᠤᠭ》᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ 《ᠰᠠᠷᠰ》᠎ᠢ ᠡᠰᠡᠷᠭᠦᠴᠡᠵᠦ᠂ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠭᠤᠤ ᠶᠡᠬᠡ ᠢᠯᠠᠯᠲᠠ ᠤᠯᠤᠭᠰᠠᠨ᠎ᠢ ᠢᠯᠡᠷᠡᠬᠦᠯᠵᠠᠢ᠃ ᠨᠠᠶ᠋ᠢᠷᠠᠯ ᠳᠠᠭᠤᠤ ᠪᠠ ᠪᠥᠵᠢᠭ 《ᠤᠷᠤᠭᠰᠢᠯᠠᠯᠳᠠ ᠵᠢᠨ ᠭᠠᠯ ᠪᠠᠮᠪᠠᠷ》᠎ᠨᠢ ᠪᠡᠭᠡᠵᠢᠩ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠂ ᠬᠤᠪᠢᠯᠭ᠋ᠠᠨ ᠣᠩᠭᠣᠴᠠ ᠳᠣᠯᠣᠳᠤᠭ᠋ᠠᠷ ᠨᠢᠰᠬᠦ ᠣᠩᠭᠣᠴᠠ ᠵᠢ ᠬᠠᠷᠪᠤᠭᠰᠠᠨ ᠵᠡᠷᠭᠡ ᠬᠥᠮᠦᠰ᠎ᠤᠨ ᠰᠡᠳᠬᠢᠯ᠎ᠢ ᠬᠦᠳᠡᠯᠭᠡᠮ᠎ᠡ ᠲᠡᠦᠬᠡᠨ ᠪᠠᠶ᠋ᠢᠳᠠᠯ᠎ᠢ ᠬᠥᠮᠦᠰ᠎ᠲᠤ ᠳᠠᠬᠢᠡᠳᠠ ᠪᠣᠳᠣᠭᠳᠠᠭᠤᠯᠤᠬᠰᠡᠨ ᠪᠠᠢ᠍ᠢ᠍ᠨ᠎ᠡ᠃
      ᠳᠥᠷᠪᠡᠳᠦᠭᠡᠷ ᠪᠦᠯᠦᠭ 《ᠦᠵᠡᠰᠬᠦᠯᠡᠩᠲᠦ ᠰᠠᠶ᠋ᠢᠬᠠᠨ ᠢᠷᠡᠭᠡᠳᠦᠢ》᠎ᠨᠢ ᠰᠢᠨ᠎ᠡ ᠴᠠᠭ ᠦᠶ᠎ᠡ ᠵᠢᠨ ᠠᠤᠭ᠎ᠠ ᠵᠢᠷᠤᠭ ᠲᠥᠰᠦᠪ᠎ᠢ ᠳᠡᠯᠭᠡᠨ ᠦᠵᠡᠭᠦᠯᠵᠦ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢ᠍ᠯᠡᠰ᠂ ᠠᠭᠤᠤ ᠶᠡᠬᠡ ᠬᠦᠰᠡᠯ ᠵᠡᠭᠦᠳᠦ ᠵᠢ ᠶᠡᠷᠦᠩᠬᠡᠶ᠋ᠢᠯᠡᠨ ᠵᠢᠯᠣᠭᠣᠳᠴᠤ᠂ ᠨᠠᠮ ᠪᠣᠯᠤᠨ ᠤᠯᠤᠰ᠎ᠤᠨ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠢ ᠡᠷᠭᠢᠴᠡᠭᠦᠯᠪᠡ᠃ ᠰᠢ ᠵᠦᠴᠦᠭᠡ ᠪᠣᠯᠤᠨ ᠳᠠᠭᠤᠤ ᠪᠥᠵᠢᠭ

《ᠳᠣᠷᠣᠨᠠᠳᠠᠬᠢᠨ᠎ᠤ ᠭᠠᠶ᠋ᠢᠬᠠᠮᠰᠢᠭ》᠎ᠨᠢ ᠮᠢᠨᠨᠢᠩ ᠪᠠᠯᠭ᠋ᠠᠰᠤ᠂ ᠱ᠌ᠢ ᠪᠠ ᠳ᠋ᠦᠩ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠯᠢᠭᠡᠷ᠎ᠢ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠵᠢᠨ ᠦᠨᠳᠦᠰᠦᠲᠡᠨ᠎ᠨᠦᠭᠦᠳ᠎ᠢ ᠬᠦᠳᠦᠯᠦᠨ ᠳᠠᠭ᠋ᠠᠭᠤᠯᠵᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠭᠰᠡᠨ ᠠᠭᠤᠤ ᠶᠡᠬᠡ ᠢᠯᠠᠯᠲᠠ ᠵᠢ ᠲᠤᠩᠬᠠᠭᠯᠠᠪᠠ᠃ ᠦᠵᠡᠭᠳᠡᠯᠲᠤ ᠨᠠᠶ᠋ᠢᠷᠠᠯ ᠲᠠᠭᠤᠤ ᠪᠥᠵᠢᠭ 《ᠠᠷᠠᠳ ᠲᠦᠮᠡᠨ᠎ᠢ ᠳᠡᠭᠡᠳᠦᠯᠡᠬᠦ》᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠲᠠᠷᠠᠭ᠎ᠠ᠂ ᠤᠯᠤᠰ ᠳᠠᠶᠠᠭ᠋ᠠᠷ  ᠬᠥᠳᠡᠯᠦᠯᠴᠡᠵᠦ᠂ ᠳᠡᠭᠡᠳᠦ ᠲᠤᠤᠷᠠᠳᠤ ᠱᠠᠳᠤ᠎ᠪᠠᠷ ᠵᠶ᠋ᠠᠨ ᠰᠡᠳᠬᠢᠯ ᠨᠢᠭᠡᠳᠦᠨ ᠪᠦᠬᠦ ᠠᠷᠠᠳ ᠵᠶ᠋ᠠᠷ ᠵᠶ᠋ᠠᠨ 《ᠬᠢᠵᠢᠭ》᠎ᠲᠠᠢ ᠲᠡᠮᠡᠴᠡᠭᠰᠡᠨ᠎ᠢ ᠲᠠᠬᠢᠨ ᠢᠯᠡᠷᠡᠭᠦᠯᠪᠡ᠃ ᠦᠵᠡᠭᠳᠡᠯᠲᠦ ᠳᠠᠭᠤᠤ ᠪᠥᠵᠢᠭ 《ᠴᠡᠷᠢᠭ᠎ᠢ ᠬᠦᠴᠦᠷᠬᠡᠭᠵᠢᠭᠦᠯᠬᠦ ᠲᠠᠢ᠍ᠢ᠍ᠴᠢᠨ ᠳᠠᠭᠤᠤ》᠎ᠨᠢ ᠤᠯᠠᠨ ᠴᠡᠷᠢᠭ᠎ᠤᠨ ᠲᠦᠷᠦᠯ᠎ᠤᠨ ᠨᠢᠭᠡ ᠴᠤᠬ᠍ᠴᠠᠵᠢᠬᠰᠠᠨ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢᠨ ᠪᠣᠳᠠᠲᠤ ᠲᠡᠮᠳᠡᠭᠯᠡᠯ᠎ᠤᠨ ᠲᠣᠭᠯᠠᠯᠲᠠ᠎ᠪᠠᠷ ᠳᠠᠮᠵᠢᠭᠤᠯᠵᠤ᠂ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠋ᠠᠨ᠎ᠤ ᠵᠢᠯᠤᠭᠤᠳᠤᠯᠭ᠎ᠠ ᠳᠣᠣᠷ᠎ᠠ᠂ ᠠᠷᠠᠳ᠎ᠤᠨ ᠴᠡᠷᠢᠭ ᠠᠩᠬᠢ ᠵᠢᠨ ᠲᠤᠮᠤ ᠠᠯᠬᠤᠮ ᠵᠶ᠋ᠠᠷ ᠤᠷᠤᠭᠰᠢᠯᠠᠬᠤ ᠣᠮᠣᠭ ᠲᠡᠭᠦᠯᠳᠡᠷ ᠳᠦᠷᠰᠦ ᠪᠠᠶ᠋ᠢᠳᠠᠯ᠎ᠢ ᠢᠯᠡᠷᠡᠭᠦᠯᠪᠡ᠃ ᠤᠷᠠᠨ ᠤᠩᠰᠢᠯᠭ᠎ᠠ ᠪᠠ ᠨᠠᠶ᠋ᠢᠷᠠᠯ ᠳᠠᠭᠤᠤ 《ᠤᠯᠤᠰ ᠵᠶ᠋ᠠᠨ ᠬᠦᠴᠦᠷᠬᠡᠭᠵᠢᠭᠦᠯᠬᠦ ᠬᠦᠴᠦᠨ》᠎ᠨᠢ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠳᠦᠷ ᠢᠷᠡᠬᠦᠶ᠎ᠡ ᠬᠦᠴᠦᠷᠬᠡᠭᠵᠢᠵᠦ ᠪᠠᠶ᠋ᠢᠭ᠎ᠠ ᠳᠤᠮᠳᠠᠳᠤ ᠤᠯᠤᠰ᠎ᠤᠨ ᠬᠦᠴᠦᠨ᠎ᠢ ᠢᠯᠡᠷᠡᠭᠦᠯᠪᠡ᠃ ᠬᠡᠩᠭᠡᠷᠭᠡᠨ ᠲᠠᠭᠤᠤ ᠪᠥᠵᠢᠭ 《ᠰᠢᠨ᠎ᠡ ᠶᠢᠷᠲᠢᠨᠴᠦ》᠎ᠳᠤ᠂ ᠳ᠋ᠢᠶᠠᠮᠸᠲᠷ᠎ᠨᠢ 10 ᠮᠸᠲᠷ᠎ᠤᠨ ᠲᠤᠮᠤ ᠬᠡᠩᠭᠡᠷᠭᠡ ᠪᠣᠯᠤᠨ ᠵᠠᠭᠤᠨ ᠲᠤᠮᠤ ᠬᠡᠩᠭᠡᠷᠭᠡ ᠣᠭᠲᠠᠷᠭᠤᠢ᠎ᠳᠤ ᠪᠦᠵᠢᠭᠯᠡᠵᠤ᠂ ᠵᠠᠭᠤᠨ ᠪᠦᠷᠢᠶᠡᠴᠢᠨ ᠪᠦᠷᠢᠶ᠎ᠡ᠎ᠪᠠᠨ ᠬᠠᠩᠭᠢᠨᠠᠭᠤᠯᠵᠤ᠂ ᠰᠦᠷ ᠳᠠᠯᠠᠶ᠋ᠢᠴᠠᠲᠠᠢ᠂ ᠴᠣ᠋ ᠰᠢᠨ᠎ᠡ ᠵᠢᠷᠤᠭ ᠳᠦᠷᠰᠦ᠎ᠪᠠᠷ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠦᠷᠯᠢᠭ ᠰᠠᠶ᠋ᠢᠬᠠᠨ ᠬᠠᠭᠤᠳᠠᠰᠤ ᠵᠢ ᠳᠡᠯᠭᠡᠨ ᠦᠵᠡᠭᠦᠯᠵᠦ᠂ ᠪᠠᠶᠠᠵᠢᠨ ᠴᠢᠨᠡᠭᠡᠯᠢᠭᠵᠢᠭᠰᠡᠨ᠎ᠠᠴᠠ ᠬᠦᠴᠦᠷᠬᠡᠭᠵᠢᠭᠰᠡᠨ ᠬᠦᠷᠲᠡᠯᠡᠬᠢ ᠲᠡᠦᠬᠡ ᠵᠢᠨ ᠯᠤᠲᠤ ᠶᠡᠬᠡ ᠬᠤᠪᠢᠷᠠᠯᠲᠠ ᠵᠢ ᠵᠢᠷᠤᠭᠯᠠᠵᠤ᠂ ᠳᠤᠮᠳᠠᠳᠤ ᠵᠢᠨ ᠬᠥᠪᠡᠭᠦᠳ ᠥᠬᠢᠳ᠎ᠤᠨ ᠢᠲᠡᠭᠡᠯ ᠲᠡᠭᠦᠯᠳᠡᠷ ᠵᠶ᠋ᠠᠷ ᠤᠷᠤᠭᠰᠢᠯᠠᠬᠤ ᠵᠢ ᠤᠷᠢᠶᠠᠯᠠᠪᠠ᠃ ᠬᠦᠭᠵᠢᠮᠳᠡᠬᠦᠷ᠂ ᠬᠡᠦᠬᠡᠳ᠎ᠤᠨ ᠨᠠᠶ᠋ᠢᠷᠠᠯ ᠳᠠᠭᠤᠤ ᠪᠣᠯᠤᠨ ᠪᠥᠵᠢᠭ 《ᠬᠤᠪᠢ ᠵᠠᠶᠠᠭ᠎ᠠ᠎ᠪᠠᠨ ᠬᠠᠮᠲᠤᠳᠬᠠᠶ᠎ᠠ》᠎ᠨᠢ 《ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠤᠶ᠎ᠠ》 ᠵᠢᠨ ᠪᠦᠬᠦ ᠪᠥᠮᠪᠥᠷᠴᠡᠭ᠎ᠲᠤ ᠬᠠᠩᠬᠢᠨᠠᠬᠰᠠᠨ ᠰᠡᠳᠬᠢᠯ᠎ᠤᠨ ᠴᠤᠤᠷᠢᠶ᠎ᠠ ᠵᠢ ᠢᠯᠡᠷᠡᠭᠦᠯᠪᠡ᠃
      《ᠠᠶᠠᠯᠠᠯ᠎ᠤᠨ ᠵᠠᠮᠴᠢ! ᠠᠭᠤᠤ ᠶᠡᠬᠡ ᠳᠤᠮᠳᠠᠳᠤ ᠤᠯᠤᠰ᠎ᠤᠨ ᠡᠪ ᠬᠠᠮᠲᠤ ᠨᠠᠮ!》 《ᠠᠶᠠᠯᠠᠯ᠎ᠤᠨ ᠵᠠᠮᠴᠢ》 ᠬᠡᠬᠦ ᠭᠤᠤᠯ ᠰᠡᠳᠦᠪᠲᠦ ᠠᠶᠠᠰ᠎ᠢ ᠳᠠᠭ᠋ᠠᠯᠳᠤᠨ᠂ 16 ᠮᠧᠲᠷ ᠥᠨᠳᠥᠷ ᠠᠯᠲᠠᠨ ᠰᠢᠷᠭ᠋ᠠᠯ ᠨᠠᠮ᠎ᠤᠨ ᠰᠦᠯᠳᠡ ᠲᠥᠪ ᠶᠡᠬᠡᠮᠰᠦᠭ ᠵᠶ᠋ᠠᠷ ᠮᠠᠨᠳᠤᠵᠤ᠂ ᠬᠡᠷᠡᠯ ᠭᠢᠯᠪᠠᠭ᠎ᠠ ᠰᠠᠴᠤᠷᠠᠨ᠎ᠠ᠃ ᠳᠠᠭᠤᠤ ᠬᠦᠭᠵᠢᠮ᠂ ᠠᠯᠠᠭ᠎ᠠ ᠲᠠᠰᠢᠯᠳᠠ ᠵᠢᠨ ᠲᠠᠭᠤᠨ ᠲᠤᠮᠳᠠ 10 ᠲᠤᠮᠤ ᠤᠯᠠᠭ᠋ᠠᠨ ᠲᠤᠬ ᠤᠯᠠᠯᠵᠠᠨ ᠢᠯᠡᠷᠡᠵᠤ᠂ ᠰᠠᠯᠬᠢᠨ᠎ᠤ ᠠᠶ᠎ᠠ᠎ᠪᠠᠷ ᠨᠠᠮᠢᠷᠠᠨ᠎ᠠ᠃ 《ᠬᠡᠳᠦᠶ ᠬᠣᠯᠠ ᠪᠠᠶ᠋ᠢᠭᠰᠠᠨ ᠴᠤ᠌᠂ ᠲᠠ ᠪᠢᠳᠡᠨ᠎ᠤ ᠬᠠᠵᠠᠭᠤ᠎ᠳᠤ ᠪᠠᠶ᠋ᠢᠨ᠎ᠠ᠂ ᠢᠲᠡᠭᠡᠯ ᠪᠢᠰᠢᠷᠡᠯ ᠵᠶ᠋ᠠᠨ ᠡᠭᠦᠷᠢᠳᠡ ᠪᠠᠷᠢᠮᠲᠠᠯᠠᠵᠤ᠂ ᠤᠭ ᠰᠠᠨᠠᠭ᠎ᠠ᠎ᠪᠠᠨ ᠡᠭᠦᠷᠢᠳᠡ ᠮᠠᠷᠲᠠᠬᠤ ᠦᠭᠡᠢ᠃ ᠠᠷᠠᠳ ᠲᠦᠮᠡᠨ ᠪᠣᠯ ᠳᠠᠷᠤᠢ ᠲᠦᠷᠦ ᠭᠦᠷᠦᠨ ᠮᠥᠨ᠂ ᠴᠢᠨᠦ ᠬᠠᠷᠢᠭᠤᠴᠠᠯᠭ᠎ᠠ ᠡᠭᠦᠷᠭᠡᠯᠡᠯ᠎ᠢ ᠪᠢᠴᠢᠭᠯᠡᠨ᠎ᠡ ᠁》 ᠦᠨᠭᠭᠡ ᠢᠯᠭ᠋ᠠᠷᠠᠭᠰᠠᠨ ᠬᠤᠸᠠᠷ ᠫᠤᠤᠵᠢᠩ ᠰᠥᠨᠢ ᠵᠢᠨ ᠣᠭᠲᠠᠷᠭᠤᠢ ᠵᠢ ᠳᠠᠬᠢᠨᠲᠠ ᠭᠡᠷᠡᠯᠲᠦᠭᠦᠯᠵᠦ᠂ ᠲᠣᠭᠯᠠᠯᠲᠠ ᠵᠢᠨ ᠠᠭᠤᠷ ᠠᠮᠢᠰᠬᠤᠯ᠎ᠢ ᠤᠷᠬᠢᠯ᠎ᠳᠤ ᠬᠦᠷᠭᠡᠪᠡ᠃
      ᠤᠷᠠᠨ ᠰᠠᠶ᠋ᠢᠬᠠᠨ᠎ᠤ ᠲᠣᠭᠯᠠᠯᠲᠠ ᠳᠠᠭᠤᠰᠴᠤ᠂ ᠲᠠᠯᠠᠪᠠᠢ ᠳᠠᠶᠠᠭ᠋ᠠᠷ ᠵᠶ᠋ᠠᠨ ᠪᠣᠰᠴᠤ ᠵᠣᠭᠰᠣᠨ᠂ 《ᠡᠪ ᠬᠠᠮᠲᠤ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠬᠤ ᠦᠭᠡᠢ》 ᠭᠡᠬᠦ ᠳᠠᠭᠤᠤ ᠵᠢ ᠬᠠᠮᠲᠤ᠎ᠪᠠᠷ ᠬᠠᠩᠭᠢᠨᠠᠲᠠᠯ᠎ᠠ ᠳᠠᠭᠤᠯᠠᠵᠤ᠂ ᠬᠠᠯᠠᠭᠤᠨ ᠠᠯᠠᠭ᠎ᠠ ᠲᠠᠰᠢᠯᠳᠠ ᠵᠢᠨ ᠲᠠᠭᠤᠨ ᠤᠳᠠᠲᠠᠯ᠎ᠠ ᠦᠷᠭᠦᠯᠵᠢᠯᠡᠪᠡ᠃
      ᠲᠣᠭᠯᠠᠯᠲᠠ ᠵᠢ ᠰᠣᠨᠢᠷᠬᠠᠭᠴᠢᠳ᠎ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠶᠠᠩ ᠵᠢᠶᠧ ᠊ᠤᠣᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠬᠤ᠌ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠯᠢ ᠷᠦᠢ ᠬᠤᠸᠠᠨ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠽᠸᠩ ᠴᠢᠩ ᠬᠣᠩ᠂ ᠡᠤ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ ᠯᠢ᠂ ᠶᠢᠦ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ ᠪᠢᠩ ᠰᠢᠤᠸᠠᠨ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠧᠩ᠂ ᠡᠤ ᠸᠧᠶ ᠬᠤᠸᠠ᠂  ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠢᠭᠨᠡᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭ᠋ᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠣᠶ᠂ ᠵᠧᠩ ᠵᠢᠶᠠᠨ ᠪᠠᠩ᠂ ᠭᠦ᠋ ᠱᠸᠩ ᠽᠦ᠍᠂ ᠯᠢᠦ ᠰᠢᠨ ᠴᠧᠩ᠂ ᠾᠧ ᠸᠧᠶ᠂ ᠱᠤᠤ ᠬᠣᠩ᠂ ᠭᠤᠤ ᠶᠦᠨ ᠯᠦᠩ ᠪᠣᠯᠣᠨ ᠸᠠᠩ ᠯᠸ ᠴᠢᠤᠸᠠᠨ᠂ ᠸᠠᠩ ᠵᠣᠤ ᠭᠦᠸᠧ᠂ ᠬᠤᠶ ᠯᠢᠶᠠᠩ ᠢᠦᠶ᠂ ᠯᠢᠦ ᠴᠢ᠂ ᠡᠦ ᠢ᠂ ᠼᠤᠤ ᠭᠠᠩ ᠴᠤᠸᠠᠨ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ ᠭᠦᠸᠧ᠂ ᠹᠠᠨ ᠴᠠᠩ ᠯᠦᠩ᠂ ᠮᠸᠩ ᠵᠢᠶᠠᠨ ᠵᠤ᠌᠂ ᠭᠦᠸᠸ ᠵᠢᠨ ᠯᠦᠩ᠂ ᠾᠧ ᠶᠦᠩ᠂ ᠳ᠋ᠦ᠋ ᠴᠢᠩ ᠯᠢᠨ᠂ ᠵᠣᠤ ᠬᠣᠩ ᠵᠦ᠍᠂ ᠬᠥ᠋ ᠰᠢᠤ ᠯᠢᠶᠠᠨ᠂  ᠷᠸᠳᠢ᠂ ᠤᠶᠤᠨᠴᠢᠮᠡᠭ᠂ ᠴᠧᠨ ᡁᠢ ᠯᠢ᠂ ᠵᠧᠦ ᠲᠢᠶᠸ ᠨᠦᠩ᠂ ᠸᠠᠩ ᠱᠧᠩ ᠵᠢᠶᠦ᠋ᠨ᠂ ᠴᠧᠨ ᠴᠠᠩ ᡁᠢ᠂ ᠵᠠᠩ ᠫᠢᠩ᠂ ᠵᠠᠮᠪᠠᠯᠫᠤᠩᠰᠤᠭ᠂ ᠴᠠᠩ ᠸᠠᠨ ᠴᠢᠤᠸᠠᠨ᠂ ᠵᠢᠶᠠ ᠴᠦᠨ ᠸᠠᠩ᠂ ᠸᠠᠩ ᠵᠥᠩ ᠢᠦᠶ᠂ ᠵᠠᠩ ᠬᠤᠸᠠᠢ ᠰᠢ᠂ ᠯᠢ ᠮᠸᠩ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠢ᠍ᠢ᠍ᠲ᠋ᠢ · ᠠᠪᠦ᠋ᠳᠦ᠋ᠷᠸᠰᠢᠲ᠋ᠢ᠂ ᠯᠢ ᠵᠣᠣ ᠵᠦᠸᠸ᠂ ᠬᠤᠸᠠᠩ ᠮᠸᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠍᠂ ᠰᠦᠨ ᠵᠢᠶᠠ ᠵᠧᠩ᠂ ᠯᠢ ᠵᠢᠨ ᠬᠤᠸᠠ᠂ ᠵᠧᠩ ᠸᠠᠨ ᠲᠦᠩ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠤ ᠰᠢᠶᠣᠤ ᠴᠤᠸᠠᠨ᠂ ᠸᠠᠩ ᠵᠢᠶᠠ ᠷᠦᠢ᠂ ᠴᠢ ᠰᠢᠦᠢ ᠴᠦᠨ᠂ ᠯᠢᠦ ᠰᠢᠶᠤᠤ ᠹᠸᠩ᠂ ᠸᠠᠩ ᠴᠢᠨ ᠮᠢᠨ᠂ ᠵᠢᠴᠢ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ ᠶᠤᠸᠠᠨ᠂ ᠵᠣᠣ ᠺᠧ ᠱ᠌ᠢ᠂ ᠡᠤ ᠱᠧᠩ ᠯᠢ᠂ ᠮᠠ ᠰᠢᠶᠣᠤ ᠲᠢᠶᠠᠨ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠾᠧ ᠢ ᠴᠧᠩ ᠨᠠᠷ ᠪᠤᠢ᠃
      ᠪᠡᠭᠡᠵᠢᠩ᠎ᠳᠤ ᠪᠠᠶ᠋ᠢᠭ᠎ᠠ ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠠᠬᠠᠮᠠᠳ ᠨᠥᠬᠥᠳ᠎ᠤᠨ ᠲᠥᠯᠥᠭᠡᠯᠡᠭᠴᠢ᠂ ᠪᠡᠭᠡᠵᠢᠩ᠎ᠳᠠᠬᠢ ᠲᠥᠪ᠎ᠠᠴᠠ ᠬᠠᠮᠢᠶᠠᠷᠴᠤ ᠪᠠᠢ᠍ᠢ᠍ᠭ᠎ᠠ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠠᠵᠤ ᠠᠬᠤᠶ᠋ᠢᠯᠠᠯ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠪᠡᠭᠡᠵᠢᠩ᠎ᠳᠤ ᠪᠠᠶ᠋ᠢᠭ᠎ᠠ ᠲᠥᠪ ᠬᠣᠷᠢᠶᠠᠨ᠎ᠤ ᠭᠡᠰᠢᠭᠦᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠭᠡᠰᠢᠭᠦᠨ᠂ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠭᠡᠰᠢᠭᠦᠨ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠰᠢᠶᠠᠩᠭ᠋ᠠᠩ ᠣᠣᠮᠧᠨ ᠲᠠᠶ᠋ᠢᠸᠠᠨ᠎ᠤ ᠠᠬ᠎ᠠ ᠳᠡᠭᠦᠦ ᠨᠡᠷ᠂ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠤᠨ ᠲᠥᠯᠥᠭᠡᠯᠡᠭᠴᠢ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶᠠᠨ᠎ᠤ ᠪᠡᠭᠡᠵᠢᠩ᠎ᠳᠤ ᠪᠠᠶ᠋ᠢᠭ᠎ᠠ ᠭᠡᠰᠢᠭᠦᠳ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠪᠡᠭᠡᠵᠢᠩ᠎ᠳᠤ ᠪᠠᠶ᠋ᠢᠭ᠎ᠠ ᠭᠦᠢ᠍ᠴᠡᠳᠬᠡᠬᠦ ᠭᠡᠰᠢᠭᠦᠨ ᠪᠠ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭᠴᠢ᠂ ᠪᠡᠭᠡᠵᠢᠩ ᠬᠣᠲᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠤᠯᠤᠰ᠎ᠤᠨ ᠭᠠᠪᠢᠶᠠᠨ ᠲᠡᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠲᠡᠭᠴᠢ᠂ 《ᠬᠣᠶᠠᠷ ᠪᠥᠮᠪᠥᠭᠡ ᠨᠢᠭᠡ ᠣᠳᠣᠨ᠎ᠤ ᠭᠠᠪᠢᠶᠠᠨ ᠲᠡᠮᠳᠡᠭ》᠂ 《ᠪᠥᠬᠥ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ᠂ 《ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ

ᠱᠠᠩᠨᠠᠯ》᠂ 《ᠰᠠᠨᠰᠠᠷ᠎ᠤᠨ ᠠᠶᠠᠯᠠᠯ᠎ᠤᠨ ᠪᠠᠭ᠋ᠠᠲᠤᠷ》᠂ 《ᠪᠠᠭ᠋ᠠᠲᠤᠷ ᠰᠠᠨᠰᠠᠷᠴᠢᠨ》᠎ᠤ ᠴᠤᠯᠠ ᠵᠢ ᠬᠦᠷᠲᠡᠭᠴᠢ᠂ ᠪᠦᠬᠦ ᠤᠯᠤᠰ᠎ᠤᠨ ᠲᠡᠷᠢᠭᠦᠨ᠎ᠤ ᠵᠢᠱ᠌ᠢᠶᠡᠴᠢ ᠬᠥᠮᠦᠰ᠎ᠤᠨ ᠲᠥᠯᠥᠭᠡᠯᠡᠭᠴᠢ᠂ ᠠᠷᠪᠠᠨ ᠨᠢᠭᠡᠳᠦᠭᠡᠷ ᠳᠦᠷᠢ ᠵᠢᠨ ᠪᠠᠨᠴᠢᠡᠡᠷᠳᠡᠨᠢ · ᠴᠣᠶ᠋ᠢᠵᠢᠵᠠᠪ᠂ ᠪᠦᠬᠦ ᠤᠯᠤᠰ᠎ᠤᠨ ᠴᠢᠨᠠᠷᠲᠠᠶ ᠱᠠᠰᠢᠨ ᠰᠤᠷᠲᠠᠬᠤᠨ᠎ᠤ ᠪᠦᠯᠬᠦᠮ᠎ᠤᠨ ᠭᠤᠤᠯ ᠬᠠᠷᠢᠭᠤᠴᠠᠯᠭ᠋ᠠᠲᠠᠨ᠂ ᠪᠡᠭᠡᠵᠢᠩ᠎ᠳᠤ ᠪᠠᠶ᠋ᠢᠭ᠎ᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠭᠠᠳᠠᠭ᠋ᠠᠳᠤ᠎ᠳᠤ ᠰᠤᠷᠤᠯᠴᠠᠭ᠋ᠠᠳ ᠤᠯᠤᠰ᠎ᠲᠠᠭᠠᠨ ᠪᠤᠴᠠᠭᠰᠠᠨ ᠰᠢᠯᠢᠳᠡᠭ ᠴᠢᠳᠠᠪᠤᠷᠢᠲᠠᠨ᠎ᠤ ᠲᠥᠯᠥᠭᠡᠯᠡᠭᠴᠢ᠂ ᠨᠠᠰᠤ ᠪᠠᠷᠠᠭᠰᠠᠨ ᠬᠡᠰᠡᠭ ᠠᠬᠠᠮᠠᠳ ᠨᠥᠬᠥᠳ᠎ᠤᠨ ᠲᠦᠷᠦᠯ ᠰᠠᠳᠤᠨ᠂ ᠦᠷᠡᠭᠳᠡᠭᠰᠡᠨ ᠪᠠᠭ᠋ᠠᠲᠤᠷ ᠵᠢᠴᠢ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠬᠥᠮᠦᠰ᠎ᠤᠨ ᠭᠡᠷ ᠪᠦᠯᠢ᠂ 《ᠨᠠᠮ᠎ᠤᠨ ᠬᠡᠰᠢᠭᠦᠨ ᠪᠤᠯᠤᠭᠰᠠᠨ ᠢᠷᠠᠭᠤ ᠠᠯᠳᠠᠷ᠎ᠲᠠᠢ 50 ᠵᠢᠯ》᠎ᠤᠨ ᠳᠤᠷᠠᠰᠬᠠᠯ᠎ᠤᠨ ᠲᠡᠮᠳᠡᠭ ᠬᠦᠷᠲᠡᠭᠴᠢ ᠵᠢᠨ ᠲᠥᠯᠥᠭᠡᠯᠡᠭᠴᠢ᠂ 2021 ᠣᠨ᠎ᠳᠤ ᠰᠢᠨ᠎ᠡ᠎ᠪᠠᠷ ᠡᠯᠰᠡᠭᠳᠡᠭᠰᠡᠨ ᠨᠠᠮ᠎ᠤᠨ ᠭᠡᠰᠢᠭᠦᠨ᠎ᠤ ᠲᠥᠯᠥᠭᠡᠯᠡᠭᠴᠢ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢ᠂ ᠪᠦᠬᠦ ᠤᠯᠤᠰ᠎ᠤᠨ ᠭᠣᠣᠯᠳᠠᠯᠭ᠎ᠠ᠎ᠲᠠᠢ ᠬᠠᠷᠠᠭ᠋ᠠᠯᠵᠠᠬᠤ ᠡᠲᠡᠭᠡᠳ᠂ ᠨᠡᠶ᠋ᠢᠰᠯᠡᠯ᠎ᠤᠨ ᠡᠯ᠎ᠡ ᠡᠲᠡᠭᠡᠳ᠎ᠤᠨ ᠤᠯᠠᠨ ᠲᠦᠮᠡᠨ᠎ᠤ ᠲᠥᠯᠥᠭᠡᠯᠡᠭᠴᠢ᠂ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢᠳ ᠲᠣᠭᠯᠠᠯᠲᠠ ᠵᠢ ᠰᠣᠨᠢᠷᠬᠠᠪᠠ᠃
      ᠤᠯᠠᠨ ᠤᠯᠤᠰ᠎ᠤᠨ ᠴᠢᠬᠤᠯᠠ ᠨᠥᠬᠥᠷᠰᠡᠭ ᠬᠥᠮᠦᠰ᠂ ᠪᠡᠭᠡᠵᠢᠩ᠎ᠳᠤ ᠪᠠᠶ᠋ᠢᠭ᠎ᠠ ᠡᠯ᠎ᠡ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠶ᠋ᠢᠳ ᠪᠣᠯᠤᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭᠴᠢ᠂ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ ᠴᠦ᠍ ᠤᠷᠢᠯᠭ᠎ᠠ᠎ᠪᠠᠷ ᠲᠣᠭᠯᠠᠯᠲᠠ ᠵᠢ ᠰᠣᠨᠢᠷᠬᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠸᠢᠳᠢᠣ᠋ ᠠᠭᠤᠯᠵᠠᠯᠲᠠ ᠬᠢᠵᠤ ᠬᠣᠶᠠᠷ ᠤᠯᠤᠰ᠎ᠤᠨ ᠲᠡᠷᠢᠭᠦᠨ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠵᠢ ᠤᠷᠳᠤᠳᠬᠠᠬᠤ᠎ᠪᠠᠷ ᠨᠡᠶ᠋ᠢᠲᠡᠯᠡᠪᠡ
《7 ·1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠳᠡᠭᠡᠷᠠᠬᠢ ᠶᠠᠷᠢᠶ᠎ᠠ
ᠰᠢ ᠵᠢᠨ ᠫᠢᠩ ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠲᠠᠢ ᠠᠭᠤᠯᠵᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
 
            