ᠤᠯᠤᠰ᠎ᠤᠨ ᠲᠡᠷᠢᠭᠦᠯᠡᠭᠴᠢ ᠰᠢ ᠵᠢᠨ ᠫᠢᠩ 28᠎ᠤ ᠦᠳᠡ ᠵᠢᠨ ᠬᠣᠶ᠋ᠢᠨ᠎ᠠ ᠪᠡᠭᠡᠵᠢᠩ᠎ᠳᠤ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠸᠢᠳᠢᠣ᠋ ᠠᠭᠤᠯᠵᠠᠯᠲᠠ ᠬᠢᠪᠡ᠃ ᠬᠣᠶᠠᠷ ᠤᠯᠤᠰ᠎ᠤᠨ ᠲᠡᠷᠢᠭᠦᠨ ᠬᠠᠮᠲᠤᠷᠠᠭᠰᠠᠨ ᠢᠯᠡᠷᠬᠡᠶ᠋ᠢᠯᠡᠯᠲᠡ ᠨᠡᠶ᠋ᠢᠲᠡᠯᠡᠵᠦ᠂ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠵᠢ ᠤᠷᠳᠤᠳᠬᠠᠬᠤ᠎ᠪᠠᠷ ᠠᠯᠪᠠᠨ ᠶᠣᠰᠣᠭ᠋ᠠᠷ ᠲᠣᠭᠲᠠᠪᠠ᠃ ᠫᠦᠲ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ᠎ᠳᠤ ᠬᠠᠯᠠᠭᠤᠨ ᠪᠠᠶᠠᠷ ᠬᠦᠷᠭᠡᠪᠡ᠃

6 ᠰᠠᠷ᠎ᠡ ᠵᠢᠨ 28᠎ᠤ ᠦᠳᠠ ᠵᠢᠨ ᠬᠤᠢ᠍ᠢ᠍ᠨᠡ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠪᠡᠭᠡᠵᠢᠩ᠎ᠳᠤ ᠤᠷᠤᠰ᠎ᠤᠨ ᠶᠡᠷᠤᠨᠭ᠌ᠭᠡᠢ᠍ᠢ᠍ᠯᠡᠭᠴᠢ ᠫᠦᠲ᠋ᠢᠨ᠎ᠲᠠᠢ ᠸᠢᠳᠢᠣ᠋ ᠠᠭᠤᠯᠵᠠᠯᠳᠠ ᠬᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠰᠢᠶᠸ ᠬᠤᠸᠠᠨ ᠊ᠤᠣᠢ ᠰᠡᠬᠦᠳᠡᠷᠯᠡᠪᠡ
ᠰᠢ ᠵᠢᠨ ᠫᠢᠩ᠂ ᠪᠢᠳᠡ ᠤᠳᠠᠯ ᠦᠭᠡᠢ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠲᠣᠭᠲᠠᠭᠰᠠᠨ 20 ᠵᠢᠯ᠎ᠤᠨ ᠤᠢ ᠵᠢ ᠤᠭᠲᠤᠬᠤ ᠪᠣᠯᠤᠨ᠎ᠠ᠃ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》᠎ᠳᠤ ᠲᠣᠭᠲᠠᠭ᠋ᠠᠭᠰᠠᠨ ᠦᠶ᠎ᠡ ᠵᠢᠨ ᠦᠶ᠎ᠡ᠎ᠳᠡᠭᠡᠨ ᠨᠥᠬᠥᠷᠰᠡᠭ ᠪᠠᠶ᠋ᠢᠬᠤ ᠣᠶ᠋ᠢᠯᠠᠭ᠋ᠠᠭᠳᠠᠬᠤᠨ᠎ᠨᠢ ᠬᠣᠶᠠᠷ ᠤᠯᠤᠰ᠎ᠤᠨ ᠦᠨᠳᠦᠰᠦᠨ ᠠᠰᠢᠭ ᠲᠤᠰᠠᠲᠠᠢ ᠨᠡᠶ᠋ᠢᠴᠡᠵᠦ᠂ ᠡᠩᠬᠡ ᠲᠠᠶ᠋ᠢᠪᠤᠩ ᠪᠠ ᠬᠥᠭᠵᠢᠯᠲᠡ ᠵᠢᠨ ᠴᠠᠭ ᠦᠶ᠎ᠡ ᠵᠢᠨ ᠭᠣᠣᠯ ᠰᠡᠳᠦᠪ᠎ᠲᠠᠢ ᠨᠡᠶ᠋ᠢᠴᠡᠵᠦ᠂ ᠰᠢᠨ᠎ᠡ ᠮᠠᠶᠢᠭ᠎ᠤᠨ ᠤᠯᠠᠨ ᠤᠯᠤᠰ᠎ᠤᠨ ᠬᠠᠷᠢᠯᠴᠠᠭ᠎ᠠ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠮᠥᠨ᠃ ᠥᠨᠥᠳᠦᠷ᠎ᠤᠨ ᠳᠤᠮᠳᠠᠳᠤ ᠤᠷᠤᠰ᠎ᠤᠨ ᠬᠠᠷᠢᠯᠴᠠᠭ᠎ᠠ ᠪᠣᠯᠪᠠᠰᠤᠷᠠᠩᠭᠤᠢ᠂ ᠲᠣᠭᠲᠠᠭᠤᠨ᠂ ᠪᠠᠲᠤ ᠪᠡᠬᠢ ᠪᠤᠯᠵᠦ᠂ ᠳᠡᠯᠡᠬᠡᠢ ᠵᠢᠨ ᠶᠠᠮᠠᠷᠪᠠ ᠤᠷᠪᠠᠭ᠋ᠠᠨ ᠬᠥᠷᠪᠡᠭᠡᠨ᠎ᠲᠠᠢ ᠪᠠᠶ᠋ᠢᠳᠠᠯ᠎ᠤᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠪᠣᠯᠵᠠᠢ᠃ ᠬᠣᠶᠠᠷ ᠲᠠᠯ᠎ᠠ᠎ᠪᠠᠷ ᠵᠶ᠋ᠠᠨ ᠲᠣᠰ ᠲᠣᠰ᠎ᠤᠨ ᠭᠤᠤᠯᠯᠠᠭᠴᠢ ᠠᠰᠢᠭ ᠲᠤᠰᠠᠲᠠᠢ ᠬᠣᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠵᠦ᠂ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠬᠣᠶᠠᠷ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠦᠴᠦᠲᠡᠶ ᠬᠠᠮᠠᠭ᠋ᠠᠯᠠᠪᠠ᠃ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠶᠠᠰᠤ ᠴᠢᠨᠠᠷ ᠪᠣᠯᠤᠨ ᠪᠠᠭᠲᠠᠭ᠋ᠠᠮᠵᠢ ᠢᠵᠢᠯᠢ ᠠᠯᠬᠤᠮ ᠵᠶ᠋ᠠᠷ ᠳᠡᠭᠡᠭᠰᠢᠯᠡᠪᠡ᠃ ᠤᠯᠠᠨ ᠤᠯᠤᠰ᠎ᠤᠨ ᠬᠡᠷᠡᠭ ᠶᠠᠪᠤᠳᠠᠯ᠎ᠤᠨ ᠳᠤᠮᠳᠠ ᠨᠢᠭᠲᠠ ᠵᠣᠬᠢᠴᠠᠭᠤᠯᠤᠨ ᠬᠠᠮᠵᠢᠯᠴᠠᠵᠤ᠂ ᠵᠢᠩᠬᠢᠨᠢ ᠤᠯᠠᠨ ᠲᠠᠯᠠᠲᠤ ᠦᠵᠡᠯ ᠪᠠ ᠤᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠪᠠ᠃ ᠳᠡᠯᠡᠬᠡᠢ ᠶᠢᠷᠲᠢᠨᠴᠦ ᠣᠷᠣᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠵᠤ᠂ ᠬᠥᠮᠦᠨ ᠲᠥᠷᠥᠯᠬᠢᠲᠡᠨ᠎ᠤ ᠬᠥᠭᠵᠢᠯᠲᠡ ᠤᠯᠠᠨ ᠳᠠᠪᠬᠤᠷ ᠬᠢᠮᠤᠷᠠᠯ᠎ᠳᠤ ᠤᠴᠠᠷᠠᠭᠰᠠᠨ ᠠᠬᠤᠢ ᠪᠠᠶ᠋ᠢᠳᠠᠯ ᠳᠣᠣᠷ᠎ᠠ᠂ ᠳᠤᠮᠳᠠᠳᠤ ᠤᠷᠤᠰ ᠨᠢᠭᠲᠠ ᠬᠠᠮᠲᠤᠷᠠᠯᠴᠠᠵᠤ᠂ ᠳᠡᠯᠡᠬᠡᠢ ᠨᠡᠶ᠋ᠢᠭᠡᠮ᠎ᠳᠤ ᠢᠳᠡᠪᠬᠢ ᠬᠦᠴᠦᠨ ᠨᠡᠮᠡᠷᠢᠯᠡᠵᠦ᠂ ᠰᠢᠨ᠎ᠡ ᠬᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠋ᠠᠨ᠎ᠤ ᠦᠯᠢᠭᠡᠷ ᠳᠠᠭᠤᠷᠢᠶᠠᠯ ᠪᠤᠯᠪᠠ᠃ ᠪᠢᠳᠡ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠠᠶᠠᠯᠠᠯ᠎ᠤᠨ ᠴᠢᠭᠯᠡᠯ ᠢᠮᠠᠭᠲᠠ ᠬᠡᠯᠪᠡᠶ᠋ᠢᠬᠦ ᠦᠭᠡᠢ᠂ ᠬᠥᠳᠡᠯᠭᠡᠬᠦ ᠬᠦᠴᠦᠨ ᠢᠮᠠᠭᠳᠠ ᠪᠠᠭᠤᠷᠠᠬᠤ ᠦᠭᠡᠢ ᠪᠠᠶ᠋ᠢᠬᠤ ᠠᠮᠵᠢᠯᠲᠠ᠎ᠲᠠᠢ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠵᠦ᠂ ᠡᠯ᠎ᠡ ᠬᠦᠷᠢᠶᠡᠨ᠎ᠤ ᠬᠠᠮᠲᠤᠷᠠᠯᠴᠠᠭ᠋ᠠᠨ᠎ᠤ ᠰᠢᠨ᠎ᠡ ᠬᠠᠷᠠᠯᠲᠠ᠂ ᠰᠢᠨ᠎ᠡ ᠡᠭᠦᠷᠭᠡ᠎ᠳᠤ ᠦᠵᠦ ᠲᠥᠯᠥᠪᠯᠡᠭᠡ ᠬᠢᠵᠦ᠂ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》᠎ᠳᠤ ᠰᠢᠨ᠎ᠡ ᠴᠠᠭ ᠦᠶ᠎ᠡ ᠵᠢᠨ ᠳᠤᠳᠤᠭ᠋ᠠᠳᠤ ᠠᠭᠤᠯᠤᠭᠳᠠᠬᠤᠨ ᠨᠡᠮᠡᠷᠢᠯᠡᠪᠡᠯ ᠵᠣᠬᠢᠨ᠎ᠠ᠃ 《ᠭᠡᠷ᠎ᠡ》 ᠵᠢᠨ ᠵᠣᠷᠢᠭ ᠰᠠᠨᠠᠭ᠋ᠠᠨ᠎ᠤ ᠵᠢᠯᠤᠭᠤᠳᠤᠯᠭ᠎ᠠ ᠳᠣᠣᠷ᠎ᠠ᠂ ᠤᠷᠤᠭᠰᠢᠯᠠᠯᠲᠠ ᠵᠢᠨ ᠵᠠᠮ ᠳᠡᠭᠡᠷ᠎ᠡ ᠪᠠᠰᠠ ᠬᠡᠴᠢᠨᠡᠬᠡᠨ ᠳᠠᠪᠠᠭ᠎ᠠ ᠵᠢ ᠳᠠᠪᠠᠵᠤ᠂ ᠬᠡᠴᠢᠨᠡᠬᠡᠨ ᠪᠦᠳᠦᠷᠢᠯ᠎ᠢ ᠦᠩᠭᠡᠷᠡᠭᠰᠡᠨ ᠴᠤ᠌᠂ ᠳᠤᠮᠳᠠᠳᠤ ᠤᠷᠤᠰ ᠬᠣᠶᠠᠷ ᠤᠯᠤᠰ ᠦᠷᠭᠦᠯᠵᠢᠯᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠤᠷᠤᠭᠰᠢᠯᠠᠨ᠎ᠠ ᠭᠡᠳᠡᠭ᠎ᠢ ᠢᠲᠡᠭᠡᠵᠦ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃
ᠫᠦᠲ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠬᠠᠯᠠᠭᠤᠨ ᠪᠠᠶᠠᠷ ᠬᠦᠷᠭᠡᠵᠦ᠂ ᠤᠷᠤᠰ᠎ᠤᠨ᠎ᠬᠢᠨ ᠲᠡᠦᠬᠡᠨ ᠳᠡᠭᠡᠷᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠯᠤᠭ᠎ᠠ ᠵᠢᠨ ᠶᠠᠪᠤᠯᠴᠠᠭ᠎ᠠ ᠵᠢᠨ ᠲᠡᠦᠬᠡᠨ ᠶᠠᠪᠤᠴᠠ᠎ᠪᠠᠨ ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠯᠤᠭ᠎ᠠ ᠨᠠᠮ᠎ᠤᠨ ᠬᠣᠭᠣᠷᠣᠨᠳᠣᠬᠢ ᠶᠠᠪᠤᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠲᠠᠰᠤᠷᠠᠯᠲᠠ ᠦᠭᠡᠢ ᠰᠢᠨ᠎ᠡ ᠠᠮᠵᠢᠯᠲᠠ ᠤᠯᠬᠤ ᠵᠢᠨ ᠬᠠᠮᠲᠤ ᠳᠡᠯᠡᠬᠡᠢ ᠵᠢᠨ ᠬᠡᠷᠡᠭ ᠶᠠᠪᠤᠳᠠᠯ᠎ᠳᠤ ᠨᠡᠩ ᠴᠢᠬᠤᠯᠠ ᠦᠢ᠍ᠯᠡᠳᠦᠯ ᠦᠵᠡᠭᠦᠯᠬᠦ ᠵᠢ ᠬᠦᠰᠡᠵᠤ ᠪᠠᠢ᠍ᠢ᠍ᠨ᠎ᠡ ᠭᠡᠵᠦ ᠢᠯᠡᠳᠬᠡᠪᠡ᠃

6 ᠰᠠᠷ᠎ᠡ ᠵᠢᠨ 28᠎ᠤ ᠦᠳᠠ ᠵᠢᠨ ᠬᠤᠢ᠍ᠢ᠍ᠨᠡ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠪᠡᠭᠡᠵᠢᠩ᠎ᠳᠤ ᠤᠷᠤᠰ᠎ᠤᠨ ᠶᠡᠷᠤᠨᠭ᠌ᠭᠡᠢ᠍ᠢ᠍ᠯᠡᠭᠴᠢ ᠫᠦᠲ᠋ᠢᠨ᠎ᠲᠠᠢ ᠸᠢᠳᠢᠣ᠋ ᠠᠭᠤᠯᠵᠠᠯᠳᠠ ᠬᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠳ᠋ᠢᠩ ᠯᠢᠨ ᠰᠡᠬᠦᠳᠡᠷᠯᠡᠪᠡ
ᠫᠦᠲ᠋ᠢᠨ᠂ 《ᠤᠷᠤᠰ ᠳᠤᠮᠳᠠᠳᠤ ᠵᠢᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》᠎ᠨᠢ ᠬᠣᠶᠠᠷ ᠤᠯᠤᠰ᠎ᠤᠨ ᠠᠷᠠᠳ ᠲᠦᠮᠡᠨ᠎ᠤ ᠦᠶ᠎ᠡ ᠵᠢᠨ ᠦᠶ᠎ᠡ᠎ᠳᠡᠭᠡᠨ ᠨᠥᠬᠥᠷᠰᠡᠭ ᠪᠠᠶ᠋ᠢᠬᠤ ᠬᠦᠰᠡᠯ ᠰᠠᠨᠠᠭ᠎ᠠ ᠵᠢ ᠢᠯᠡᠷᠡᠭᠦᠯᠵᠦ᠂ 《ᠭᠡᠷ᠎ᠡ》᠎ᠳᠤ ᠲᠣᠭᠲᠠᠭ᠋ᠠᠭᠰᠠᠨ ᠬᠣᠯᠪᠣᠭᠳᠠᠯ ᠪᠦᠬᠦᠢ ᠵᠠᠷᠴᠢᠮ ᠪᠣᠯᠤᠨ ᠵᠣᠷᠢᠭ ᠰᠠᠨᠠᠭ᠎ᠠ᠎ᠨᠢ ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠤᠷᠳᠤ ᠬᠤᠭᠤᠴᠠᠭ᠎ᠠ᠎ᠪᠠᠷ ᠤᠷᠤᠭᠰᠢᠲᠠᠢ ᠬᠥᠭᠵᠢᠬᠦ᠎ᠳᠤ ᠴᠢᠬᠤᠯᠠ᠂ ᠥᠪᠡᠷᠮᠢᠴᠡ ᠦᠢ᠍ᠯᠡᠳᠦᠯ ᠦᠵᠡᠭᠦᠯᠪᠡ᠃ ᠤᠷᠤᠰ᠎ᠤᠨ᠎ᠬᠢᠨ ᠣᠳᠣᠬᠠᠨ᠎ᠤ ᠤᠷᠤᠰ ᠳᠤᠮᠳᠠᠳᠤ ᠵᠢᠨ ᠬᠠᠷᠢᠯᠴᠠᠭ᠎ᠠ ᠤᠷᠢᠳ ᠡᠮᠦᠨ᠎ᠡ ᠪᠠᠶ᠋ᠢᠭ᠎ᠠ ᠦᠭᠡᠢ ᠥᠨᠳᠥᠷ ᠲᠦᠪᠰᠢᠨ᠎ᠳᠤ ᠬᠦᠷᠦᠭᠰᠡᠨ ᠪᠠ ᠬᠣᠶᠠᠷ ᠤᠯᠤᠰ᠎ᠤᠨ ᠬᠠᠮᠲᠤᠷᠠᠯᠴᠠᠭ᠎ᠠ ᠪᠦᠬᠦ ᠲᠠᠯ᠎ᠠ᠎ᠪᠠᠷ ᠲᠣᠭᠲᠠᠭᠤᠨ ᠵᠶ᠋ᠠᠷ ᠬᠥᠭᠵᠢᠭᠰᠡᠨ᠎ᠳᠤ ᠰᠡᠳᠬᠢᠯ ᠬᠠᠨᠤᠮᠵᠢᠲᠠᠢ ᠪᠠᠶ᠋ᠢᠨ᠎ᠠ᠃ ᠥᠨᠥᠳᠦᠷ ᠪᠢᠳᠡ ᠬᠠᠮᠲᠤᠷᠠᠭᠰᠠᠨ ᠢᠯᠡᠷᠬᠡᠶ᠋ᠢᠯᠡᠯᠲᠡ ᠨᠡᠶ᠋ᠢᠲᠡᠯᠡᠵᠦ᠂ 《ᠤᠷᠤᠰ ᠳᠤᠮᠳᠠᠳᠤ ᠵᠢᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠵᠢ ᠤᠷᠳᠤᠳᠬᠠᠬᠤ᠎ᠪᠠᠷ ᠵᠢᠩᠬᠢᠨᠢ᠎ᠪᠠᠷ ᠲᠣᠭᠲᠠᠭ᠋ᠠᠭᠰᠠᠨ᠎ᠨᠢ ᠤᠷᠤᠰ ᠳᠤᠮᠳᠠᠳᠤ ᠵᠢᠨ ᠬᠠᠷᠢᠯᠴᠠᠭ᠋ᠠᠨ᠎ᠤ ᠠᠯᠤᠰ ᠬᠡᠳᠤ ᠵᠢᠨ ᠬᠥᠭᠵᠢᠯᠲᠡ᠎ᠳᠤ ᠨᠡᠩ ᠪᠠᠲᠤ ᠪᠡᠬᠢ ᠰᠠᠭᠤᠷᠢ ᠵᠢ ᠲᠠᠯᠪᠢᠵᠤ ᠥᠭᠬᠦ ᠪᠣᠯᠤᠨ᠎ᠠ᠃ ᠤᠷᠤᠰ᠎ᠤᠨ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠶ᠋ᠢᠯᠳᠤᠬᠤ ᠪᠤᠳᠤᠯᠭ᠎ᠠ ᠵᠢᠨ ᠢᠲᠡᠭᠡᠯᠴᠡᠭᠡ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠲᠤᠰ ᠲᠤᠰ᠎ᠤᠨ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠴᠢᠷᠮᠠᠶ᠋ᠢᠯᠭ᠎ᠠ ᠵᠢ ᠦᠷᠭᠦᠯᠵᠢᠯᠡᠨ ᠡᠷᠡᠰ ᠲᠡᠮᠵᠢᠵᠤ᠂ ᠲᠤᠰ ᠲᠤᠰ᠎ᠤᠨ ᠰᠣᠩᠭᠣᠭᠰᠠᠨ ᠲᠦᠷᠢᠮ ᠪᠣᠯᠤᠨ ᠬᠥᠭᠵᠢᠯᠲᠡ ᠵᠢᠨ ᠵᠠᠮ᠎ᠢ ᠬᠠᠷᠢᠯᠴᠠᠨ ᠬᠦᠨᠳᠦᠳᠬᠡᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠷᠤᠰ ᠳᠤᠮᠳᠠᠳᠤ ᠵᠢᠨ ᠰᠢᠨ᠎ᠡ ᠴᠠᠭ ᠦᠶ᠎ᠡ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠨᠡᠩ ᠥᠨᠳᠥᠷ ᠲᠦᠪᠰᠢᠨ᠎ᠳᠤ ᠬᠦᠷᠭᠡᠨ᠎ᠡ ᠭᠡᠵᠦ ᠢᠯᠡᠳᠬᠡᠪᠡ᠃
ᠰᠢ ᠵᠢᠨ ᠫᠢᠩ ᠫᠦᠲ᠋ᠢᠨ ᠵᠢᠴᠢ ᠤᠷᠤᠰ᠎ᠤᠨ ᠡᠯ᠎ᠡ ᠡᠲᠡᠭᠡᠳ᠎ᠤᠨ᠎ᠬᠢᠨ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠤᠢ᠎ᠳᠤ ᠪᠠᠶᠠᠷ ᠬᠦᠷᠭᠡᠭᠰᠡᠨ ᠪᠠ ᠳᠡᠮᠵᠢᠭᠰᠡᠨ᠎ᠳᠤ ᠲᠠᠯᠠᠷᠬᠠᠪᠠ᠃ ᠰᠢ ᠵᠢᠨ ᠫᠢᠩ᠂ ᠳᠤᠮᠳᠠᠳᠤ ᠤᠯᠤᠰ ᠤᠷᠤᠰᠤᠨᠬᠢᠨᠤ ᠤᠯᠤᠰ᠎ᠤᠨ ᠵᠶ᠋ᠠᠨ ᠥᠨᠢ ᠤᠳᠠᠭ᠋ᠠᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠥᠯᠥᠭᠡ ᠠᠪᠤᠭᠰᠠᠨ ᠬᠦᠴᠦᠲᠡᠢ ᠠᠷᠭ᠎ᠠ ᠬᠡᠮᠵᠢᠶ᠎ᠡ ᠵᠢ ᠡᠷᠡᠰ ᠲᠡᠮᠵᠢᠵᠤ᠂ ᠤᠷᠤᠰᠤᠨᠬᠢᠨᠤ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠬᠦ ᠵᠢ ᠡᠷᠡᠰ ᠲᠡᠮᠵᠢᠨ᠎ᠠ ᠭᠡᠵᠦ ᠴᠢᠬᠤᠯᠠᠴᠢᠯᠠᠪᠠ᠃
ᠬᠣᠶᠠᠷ ᠲᠠᠯ᠎ᠠ᠎ᠪᠠᠷ ᠵᠶ᠋ᠠᠨ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ᠎ᠪᠠᠷ ᠭᠣᠣᠯ ᠪᠣᠯᠭ᠋ᠠᠭᠰᠠᠨ ᠤᠯᠠᠨ ᠤᠯᠤᠰ᠎ᠤᠨ ᠰᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭ᠋ᠠᠭᠰᠠᠨ ᠤᠯᠠᠨ ᠤᠯᠤᠰ᠎ᠤᠨ ᠡᠮᠬᠢ ᠳᠢᠭᠯᠢᠮ᠎ᠢ ᠬᠠᠮᠲᠤ᠎ᠪᠠᠷ ᠡᠷᠡᠰ ᠬᠠᠮᠠᠭ᠋ᠠᠯᠠᠵᠤ᠂ ᠪᠦᠬᠦ ᠪᠥᠮᠪᠥᠷᠴᠡᠭ᠎ᠤᠨ ᠪᠠᠶ᠋ᠢᠯᠳᠤᠬᠤ ᠪᠤᠳᠤᠯᠭ᠎ᠠ ᠵᠢᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠳᠡᠮᠵᠢᠨ ᠦᠢ᠍ᠯᠡᠳᠦᠯᠭᠡᠵᠢᠭᠦᠯᠵᠦ᠂ 《ᠠᠷᠠᠳᠴᠢᠯᠠᠯ》 ᠪᠣᠯᠤᠨ 《ᠬᠥᠮᠦᠨ᠎ᠤ ᠡᠷᠬᠡ》 ᠵᠢᠨ ᠨᠡᠷ᠎ᠡ᠎ᠪᠠᠷ ᠪᠤᠰᠤᠳ ᠤᠯᠤᠰ᠎ᠤᠨ ᠳᠣᠲᠣᠭ᠋ᠠᠳᠤ ᠶᠠᠪᠤᠳᠠᠯ᠎ᠳᠤ ᠭᠠᠷ ᠲᠦᠷᠦᠭᠦ ᠵᠢ ᠡᠰᠡᠷᠭᠦᠴᠡᠵᠦ᠂ ᠭᠠᠭᠴᠠ ᠲᠠᠯ᠎ᠠ ᠵᠢᠨ ᠠᠯᠪᠠᠳᠠᠯᠭ᠎ᠠ ᠵᠢᠨ ᠴᠢᠨᠠᠷᠲᠠᠢ ᠵᠠᠯᠬᠠᠭ᠋ᠠᠯ ᠶᠠᠪᠤᠭᠤᠯᠬᠤ ᠵᠢ ᠡᠰᠡᠷᠭᠦᠴᠡᠨ᠎ᠡ ᠭᠡᠵᠦ ᠴᠢᠬᠤᠯᠠᠴᠢᠯᠠᠪᠠ᠃
ᠬᠣᠶᠠᠷ ᠲᠠᠯ᠎ᠠ᠎ᠪᠠᠷ ᠵᠶ᠋ᠠᠨ ᠡᠩᠬᠡ ᠲᠠᠶ᠋ᠢᠪᠤᠩ᠂ ᠬᠥᠭᠵᠢᠯᠲᠡ᠂ ᠲᠥᠪ ᠭᠣᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠢᠨ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠬᠠᠮᠲᠤ᠎ᠪᠠᠷ ᠪᠠᠳᠠᠷᠠᠭᠤᠯᠵᠤ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠦᠴᠦ᠎ᠪᠠᠨ ᠬᠠᠮᠲᠤᠳᠬᠠᠨ ᠬᠠᠮᠲᠤ ᠵᠢᠨ ᠥᠷᠢᠰᠥᠯᠳᠦᠭᠡᠨ᠎ᠢ ᠠᠷᠭ᠋ᠠᠴᠠᠭ᠋ᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃
ᠬᠤᠶᠠᠷ ᠲᠠᠯ᠎ᠠ᠎ᠪᠠᠷ ᠵᠶ᠋ᠠᠨ ᠬᠢᠵᠢᠭ᠎ᠤᠨ ᠪᠠᠶ᠋ᠢᠳᠠᠯ ᠪᠣᠯᠤᠨ ᠸᠢᠷᠦ᠋ᠰ᠎ᠤᠨ ᠡᠬᠢ ᠰᠤᠷᠪᠤᠯᠵᠢ ᠵᠢ ᠠᠰᠢᠬᠯᠡᠨ ᠨᠡᠷ᠎ᠡ ᠲᠦᠷᠦ ᠵᠢ ᠭᠤᠲᠤᠭ᠋ᠠᠬᠤ᠂ ᠤᠯᠤᠰ ᠲᠦᠷᠦᠴᠢᠯᠡᠬᠦ ᠵᠢ ᠬᠠᠮᠲᠤ᠎ᠪᠠᠷ ᠡᠰᠡᠷᠭᠦᠴᠡᠨ᠎ᠡ ᠭᠡᠵᠦ ᠴᠢᠬᠤᠯᠠᠴᠢᠯᠠᠪᠠ᠃
ᠬᠣᠶᠠᠷ ᠲᠠᠯ᠎ᠠ᠎ᠪᠠᠷ ᠵᠶ᠋ᠠᠨ ᠳᠡᠭᠡᠳᠦ ᠳᠠᠪᠬᠤᠷᠭ᠎ᠠ ᠵᠢᠨ ᠨᠢᠭᠲᠠ ᠶᠠᠪᠤᠯᠴᠠᠭ᠎ᠠ᠎ᠪᠠᠨ ᠦᠷᠭᠦᠯᠵᠢᠯᠡᠨ ᠪᠠᠲᠤᠯᠠᠵᠤ᠂ ᠸᠠᠺᠼᠢᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠲᠠᠯ᠎ᠠ ᠵᠢᠨ ᠠᠷᠠᠯᠵᠢᠶᠠᠨ᠎ᠤ ᠬᠡᠪᠴᠢᠶ᠎ᠡ᠎ᠪᠠᠨ ᠦᠷᠭᠦᠯᠵᠢᠯᠡᠨ ᠥᠷᠭᠡᠳᠬᠡᠵᠦ᠂ ᠳᠤᠤᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠲᠣᠭ᠋ᠠᠴᠢᠯᠠᠭᠰᠠᠨ ᠠᠵᠤ ᠠᠬᠤᠢ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠧᠦ᠋ᠷᠣᠫᠠ ᠠᠽᠢᠶ᠎ᠠ ᠵᠢᠨ ᠠᠵᠤ ᠠᠬᠤᠢ ᠵᠢᠨ ᠬᠣᠯᠪᠣᠭ᠎ᠠ᠎ᠲᠠᠢ ᠵᠣᠯᠭ᠋ᠠᠭᠤᠯᠬᠤ ᠵᠢ ᠠᠬᠢᠭᠤᠯᠤᠨ᠎ᠠ ᠭᠡᠵᠦ ᠵᠥᠪᠰᠢᠶᠡᠷᠡᠪᠡ᠃ ᠬᠣᠶᠠᠷ ᠲᠠᠯ᠎ᠠ᠎ᠪᠠᠷ ᠵᠶ᠋ᠠᠨ ᠪᠡᠶ᠎ᠡ ᠵᠢᠨ ᠲᠠᠮᠢᠷ᠎ᠢ ᠤᠯᠤᠰ ᠲᠦᠷᠦᠴᠢᠯᠡᠬᠦ ᠵᠢ ᠬᠠᠮᠲᠤ᠎ᠪᠠᠷ ᠡᠰᠡᠷᠭᠦᠴᠡᠵᠦ᠂ ᠤᠷᠤᠰ᠎ᠤᠨ ᠲᠠᠯ᠎ᠠ ᠵᠢᠨ᠎ᠬᠢᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠬᠦ ᠵᠢ ᠳᠡᠮᠵᠢᠨ᠎ᠠ ᠭᠡᠪᠡ᠃
ᠬᠣᠶᠠᠷ ᠲᠠᠯ᠎ᠠ᠎ᠪᠠᠷ ᠵᠶ᠋ᠠᠨ᠂ ᠣᠳᠣᠬᠠᠨ᠎ᠤ ᠪᠠᠶ᠋ᠢᠳᠠᠯ ᠳᠣᠣᠷ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠎ᠳᠤ ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠂ ᠲᠤᠰ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢ ᠪᠦᠬᠦ ᠲᠠᠯ᠎ᠠ᠎ᠪᠠᠷ ᠲᠥᠯᠥᠪᠵᠢᠭᠦᠯᠦᠨ ᠠᠬᠢᠭᠤᠯᠪᠠᠯ ᠵᠣᠬᠢᠨ᠎ᠠ ᠭᠡᠵᠦ ᠦᠵᠡᠪᠡ᠃
ᠬᠣᠶᠠᠷ ᠲᠠᠯ᠎ᠠ᠎ᠪᠠᠷ ᠵᠶ᠋ᠠᠨ ᠪᠠᠰᠠ ᠤᠢ᠍ᠢ᠍ᠷ᠎ᠠ ᠵᠢᠨ ᠬᠤᠭᠤᠴᠠᠭ᠋ᠠᠨ᠎ᠤ ᠠᠮᠧᠷᠢᠺᠠ᠂ ᠤᠮᠠᠷᠠᠲᠤ ᠠᠲᠯᠠᠨᠲ ᠳᠠᠯᠠᠢ ᠵᠢᠨ ᠨᠡᠶ᠋ᠢᠲᠡ ᠵᠢᠨ ᠭᠡᠷ᠎ᠡ ᠵᠢᠨ ᠵᠣᠬᠢᠶᠠᠨ ᠪᠠᠶ᠋ᠢᠭᠤᠯᠤᠯᠲᠠ ᠵᠢᠨ ᠠᠹᠭ᠋ᠠᠨᠢᠰᠲ᠋ᠠᠨᠠᠴᠠ ᠴᠡᠷᠢᠭ ᠵᠶ᠋ᠠᠨ ᠲᠦᠷᠭᠡᠨ ᠲᠠᠲᠠᠭᠰᠠᠨ᠂ ᠠᠹᠭ᠋ᠠᠨᠢᠰᠲ᠋ᠠᠨ᠎ᠤ ᠠᠮᠤᠷ ᠲᠦᠪᠰᠢᠨ᠎ᠤ ᠪᠠᠶ᠋ᠢᠳᠠᠯ ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠣᠯᠤᠭᠰᠠᠨ᠎ᠢ ᠠᠩᠬᠠᠷᠴᠤ ᠪᠠᠶ᠋ᠢᠬᠤ᠎ᠪᠠᠨ ᠢᠯᠡᠳᠬᠡᠵᠦ᠂ ᠭᠠᠵᠠᠷ ᠣᠷᠣᠨ᠎ᠤ ᠡᠩᠬᠡ ᠲᠠᠶ᠋ᠢᠪᠤᠩ᠂ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠬᠠᠮᠲᠤ᠎ᠪᠠᠷ ᠬᠠᠮᠠᠭ᠋ᠠᠯᠠᠬᠤ ᠵᠢ ᠴᠢᠬᠤᠯᠠᠴᠢᠯᠠᠪᠠ᠃
ᠶᠠᠩ ᠵᠢᠶᠸ ᠊ᠤᠤᠢ᠂ ᠸᠠᠩ ᠢ ᠨᠡᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃