ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 28᠎ᠤ ᠴᠠᠬᠢᠯᠭ᠋ᠠᠨ ᠮᠡᠳᠡᠭᠡ ᠵᠢᠨ ᠱᠠ ᠵᠢᠶᠠᠩ ᠮᠥᠷᠡᠨ᠎ᠤ ᠪᠠᠢ ᠡᡁᠸ ᠲᠠᠨ ᠤᠰᠤᠨ ᠴᠠᠬᠢᠯᠭ᠋ᠠᠨ᠎ᠤ ᠦᠷᠳᠡᠭᠡ ᠵᠢᠨ ᠲᠦᠷᠦᠭᠦᠦ ᠪᠦᠯᠦᠭ᠎ᠤᠨ ᠮᠠᠰᠢᠨ ᠴᠣᠭᠴᠠᠯᠠᠪᠤᠷᠢ 28᠎ᠤ ᠡᠳᠦᠷ ᠠᠮᠤᠷ ᠲᠦᠪᠰᠢᠨ ᠵᠶ᠋ᠠᠷ ᠲᠤᠭᠳᠠᠭᠰᠠᠨ ᠴᠠᠭ᠎ᠲᠠᠭᠠᠨ ᠠᠰᠢᠬᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠂ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃
ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ ᠪᠠᠶ ᠾᠧ ᠲᠠᠨ ᠤᠰᠤᠨ ᠴᠠᠬᠢᠯᠭ᠋ᠠᠨ᠎ᠤ ᠥᠷᠲᠡᠭᠡ ᠪᠣᠯ 《ᠪᠠᠷᠠᠭᠤᠨᠳᠡᠬᠢ ᠴᠠᠬᠢᠯᠭ᠋ᠠᠨ᠎ᠢ ᠵᠡᠭᠦᠨᠰᠢ ᠬᠦᠷᠭᠡᠬᠦ》 ᠤᠯᠤᠰ᠎ᠤᠨ ᠴᠢᠬᠤᠯᠠ ᠶᠡᠬᠡ ᠢᠨᠵᠧᠨᠧᠷᠢᠩ᠂ ᠣᠳᠣᠬᠠᠨ᠎ᠤ ᠳᠡᠯᠡᠬᠡᠶ ᠳᠡᠭᠡᠷᠡᠬᠢ ᠪᠦᠲᠦᠭᠡᠨ ᠪᠠᠶ᠋ᠢᠭᠤᠯᠵᠤ ᠪᠠᠶ᠋ᠢᠭ᠎ᠠ ᠬᠡᠪᠴᠢᠶ᠎ᠡ᠎ᠪᠠᠷ ᠬᠠᠮᠤᠭ᠎ᠤᠨ ᠲᠤᠮᠤ᠂ ᠮᠡᠷᠭᠡᠵᠢᠯ᠎ᠤᠨ ᠬᠦᠴᠢᠷᠳᠡᠯ ᠵᠶ᠋ᠠᠷ ᠬᠠᠮᠤᠭ᠎ᠤᠨ ᠶᠡᠬᠡ ᠤᠰᠤᠨ ᠴᠠᠬᠢᠯᠭ᠋ᠠᠨ᠎ᠤ ᠢᠨᠵᠧᠨᠧᠷᠢᠩ ᠪᠣᠯᠤᠨ᠎ᠠ᠃ ᠪᠥᠬᠥ ᠪᠥᠮᠪᠥᠷᠴᠡᠭ᠎ᠤᠨ ᠲᠠᠩ ᠮᠠᠰᠢᠨ᠎ᠤ ᠪᠠᠭᠲᠠᠭ᠋ᠠᠮᠵᠢ᠎ᠪᠠᠷ ᠬᠠᠮᠤᠭ᠎ᠤᠨ ᠶᠡᠬᠡ ᠴᠢᠳᠠᠮᠵᠢ᠎ᠲᠠᠢ ᠵᠠᠭᠤᠨ ᠲᠦᠮᠡᠨ ᠺᠢᠯᠦᠸᠠᠲ᠎ᠤᠨ ᠤᠰᠤᠨ ᠬᠦᠷᠳᠦᠳᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ᠎ᠨᠢ ᠮᠠᠨ᠎ᠤ ᠤᠯᠤᠰ᠎ᠤᠨ ᠳᠡᠭᠡᠳᠦ ᠲᠠᠰ᠎ᠤᠨ ᠲᠣᠨᠣᠭᠯᠠᠯ ᠦᠢ᠍ᠯᠡᠳᠬᠦ ᠦᠢ᠍ᠯᠡᠰ᠎ᠤᠨ ᠴᠢᠬᠤᠯᠠ ᠶᠡᠬᠡ ᠰᠢᠪᠲᠤᠯᠤᠯᠲᠠ ᠵᠢ ᠪᠡᠶᠡᠯᠡᠭᠦᠯᠪᠡ᠃ ᠪᠦᠬᠦ ᠪᠦᠲᠦᠭᠡᠨ ᠪᠠᠶ᠋ᠢᠭᠤᠯᠤᠭᠴᠢ ᠪᠠ ᠡᠯ᠎ᠡ ᠲᠠᠯ᠎ᠠ ᠵᠢᠨ᠎ᠬᠢᠨ ᠤᠬᠢ ᠵᠢᠨ ᠳᠤᠳᠤᠷ᠎ᠠ᠎ᠠᠴᠠ ᠰᠤᠳᠤ ᠵᠢ᠎ᠨᠢ ᠬᠦᠭᠡᠭᠡᠴᠡᠯᠳᠦᠬᠦ᠂ ᠦᠨᠳᠦᠷ ᠤᠷᠬᠢᠯ᠎ᠳᠤ ᠵᠣᠷᠢᠭᠲᠠᠢ᠎ᠪᠠᠷ ᠠᠪᠠᠷᠢᠬᠤ᠂ ᠭᠣᠶᠠᠴᠢ ᠦᠭᠡᠢ ᠵᠢᠳᠬᠦᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠦᠯᠬᠦᠮᠳᠡᠨ ᠬᠠᠮᠵᠢᠯᠴᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠤᠯᠤᠰ᠎ᠤᠨ ᠴᠢᠬᠤᠯᠠ ᠶᠡᠬᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠬᠤᠪᠢ ᠨᠡᠮᠡᠷᠢ ᠦᠵᠡᠭᠦᠯᠵᠡᠢ᠃ ᠡᠨᠡ᠎ᠨᠢ ᠨᠡᠶ᠋ᠢᠭᠡᠮ ᠵᠢᠷᠤᠮ᠎ᠢ ᠲᠡᠮᠡᠴᠡᠵᠦ ᠪᠠᠶ᠋ᠢᠭ᠋ᠠᠳ ᠤᠯᠳᠠᠭ᠂ ᠰᠢᠨ᠎ᠡ ᠴᠠᠭ ᠦᠶ᠎ᠡ ᠵᠢ ᠲᠡᠮᠡᠴᠡᠵᠦ ᠪᠠᠶ᠋ᠢᠭ᠋ᠠᠳ ᠤᠯᠳᠠᠭ ᠶᠤᠮ ᠭᠡᠳᠡᠭ᠎ᠢ ᠭᠦᠢ᠍ᠴᠡᠳ ᠬᠠᠷᠠᠭᠤᠯᠵᠠᠢ ᠭᠡᠪᠡ᠃
ᠰᠢ ᠵᠢᠨ ᠫᠢᠩ ᠪᠦᠬᠦ ᠪᠦᠲᠦᠭᠡᠨ ᠪᠠᠶ᠋ᠢᠭᠤᠯᠤᠭᠴᠢ ᠪᠣᠯᠤᠨ ᠡᠯ᠎ᠡ ᠲᠠᠯ᠎ᠠ ᠵᠢᠨ᠎ᠬᠢᠨ ᠪᠠᠢ ᠾᠧ ᠲᠠᠨ ᠤᠰᠤᠨ ᠴᠠᠬᠢᠯᠭ᠋ᠠᠨ᠎ᠤ ᠦᠷᠳᠡᠭᠡᠨ᠎ᠤ ᠬᠤᠢ᠍ᠢ᠍ᠰᠢᠳᠠ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢ᠍ᠢ᠍ᠰᠢ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠪᠡ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠴᠣᠬᠣᠯᠠᠪᠤᠷᠢ ᠦᠭᠬᠦ᠎ᠳᠡᠭᠡᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠶᠠᠰᠤ ᠴᠢᠨᠠᠷ ᠠᠮᠤᠷ ᠲᠦᠪᠰᠢᠨ᠎ᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠬᠤᠢ᠍ᠢ᠍ᠳᠤᠭᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ᠂ ᠴᠠᠬᠢᠯᠭ᠋ᠠᠨ ᠥᠷᠲᠡᠭᠡᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠠᠷᠠᠳ᠎ᠢ ᠨᠡᠭᠦᠯᠭᠡᠭᠰᠡᠨ᠎ᠤ ᠳᠠᠷᠠᠭ᠋ᠠᠬᠢ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠵᠤ᠂ ᠴᠥᠭᠥᠷᠥᠮ᠎ᠤᠨ ᠣᠷᠣᠨ᠎ᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠠᠵᠤ ᠠᠬᠤᠶ᠂ ᠨᠡᠶ᠋ᠢᠭᠡᠮ ᠪᠠ ᠠᠮᠢ ᠠᠬᠤᠶ ᠵᠢᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠴᠢᠷᠮᠠᠢ᠍ᠢ᠍ᠨ ᠪᠡᠶᠡᠯᠡᠭᠦᠯᠵᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠨᠠᠩ ᠰᠠᠶ᠋ᠢᠲᠤᠷ ᠠᠬᠢᠭᠤᠯᠬᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠳᠤ ᠨᠡᠩ ᠰᠠᠶ᠋ᠢᠲᠤᠷ ᠦᠢ᠍ᠯᠡᠴᠢᠯᠡᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠵᠢᠨ ᠱᠠ ᠵᠢᠶᠠᠩ ᠮᠥᠷᠡᠨ᠎ᠤ ᠪᠠᠶ ᠾᠧ ᠲᠠᠨ ᠤᠰᠤᠨ ᠴᠠᠬᠢᠯᠭ᠋ᠠᠨ᠎ᠤ ᠥᠷᠲᠡᠭᠡᠨ᠎ᠤ ᠲᠦᠷᠦᠭᠦᠦ ᠪᠦᠯᠦᠭ᠎ᠤᠨ ᠮᠠᠰᠢᠨ ᠴᠣᠭᠴᠠᠯᠠᠪᠤᠷᠢ ᠠᠰᠢᠬᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠬᠤ ᠶᠣᠰᠣᠯᠠᠯ᠎ᠢ 28᠎ᠤ ᠡᠳᠦᠷ ᠸᠢᠳᠢᠣ᠋ ᠬᠡᠯᠪᠡᠷᠢ᠎ᠪᠠᠷ ᠶᠠᠪᠤᠭᠳᠠᠭᠤᠯᠵᠤ᠂ ᠪᠡᠭᠡᠵᠢᠩ᠎ᠳᠤ ᠭᠤᠤᠯ ᠬᠤᠷᠠᠯ᠎ᠤᠨ ᠲᠠᠯᠠᠪᠠᠶ ᠲᠤᠬᠢᠷᠠᠭᠤᠯᠵᠤ᠂ ᠪᠠᠶ ᠾᠧ ᠲᠠᠨ ᠤᠰᠤᠨ ᠴᠠᠬᠢᠯᠭ᠋ᠠᠨ᠎ᠤ ᠥᠷᠲᠡᠭᠡᠨ᠎ᠤ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠬᠤᠢ ᠲᠠᠯᠠᠪᠠᠶ᠎ᠳᠤ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠵᠠᠢ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠪᠡᠭᠡᠵᠢᠩ᠎ᠤᠨ ᠭᠣᠣᠯ ᠬᠤᠷᠠᠯ᠎ᠤᠨ ᠲᠠᠯᠠᠪᠠᠢ᠎ᠳᠤ ᠶᠣᠰᠣᠯᠠᠯ᠎ᠳᠤ ᠣᠷᠣᠯᠴᠠᠭᠰᠠᠨ ᠪᠥᠭᠡᠳ ᠪᠠᠢ ᠾᠧ ᠲᠠᠨ ᠤᠰᠤᠨ ᠴᠠᠬᠢᠯᠭ᠋ᠠᠨ᠎ᠤ ᠦᠷᠳᠡᠭᠡ ᠵᠢᠨ ᠲᠦᠷᠦᠭᠦᠦ ᠪᠦᠯᠦᠭ᠎ᠤᠨ ᠮᠠᠰᠢᠨ ᠴᠣᠭᠴᠠᠯᠠᠪᠤᠷᠢ ᠵᠢᠩᠬᠢᠨᠢ᠎ᠪᠠᠷ ᠠᠰᠢᠬᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠭᠰᠠᠨ᠎ᠢ ᠨᠡᠢ᠍ᠢ᠍ᠳᠡᠯᠡᠵᠠᠢ᠃ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠡᡁᠸ ᠯᠢ ᠹᠸᠩ ᠰᠢ ᠵᠢᠨ ᠫᠢᠩ᠎ᠤᠨ ᠪᠠᠶᠠᠷ᠎ᠤᠨ ᠵᠠᠬᠢᠳᠠᠯ ᠪᠣᠯᠤᠨ ᠯᠢ ᠺᠸ ᠴᠢᠶᠠᠩ᠎ᠤᠨ ᠴᠣᠬᠣᠯᠠᠪᠤᠷᠢ ᠵᠢ ᠤᠩᠰᠢᠨ ᠨᠡᠶ᠋ᠢᠲᠡᠯᠡᠪᠡ᠃
ᠪᠠᠶ ᠾᠧ ᠲᠠᠨ ᠤᠰᠤᠨ ᠴᠠᠬᠢᠯᠭ᠋ᠠᠨ᠎ᠤ ᠥᠷᠲᠡᠭᠡ᠎ᠨᠢ ᠰᠸᠴᠤᠸᠠᠨ ᠮᠤᠵᠢ ᠵᠢᠨ ᠨᠢᠩ ᠨᠠᠨ ᠰᠢᠶᠠᠨ ᠪᠣᠯᠤᠨ ᠶᠦᠨᠨᠠᠨ ᠮᠤᠵᠢ ᠵᠢᠨ ᠴᠢᠶᠣᠤ ᠵᠢᠶᠠ ᠰᠢᠶᠠᠨ᠎ᠤ ᠠᠭᠤᠯᠵᠠᠷ᠎ᠲᠠᠬᠢ ᠵᠢᠨ ᠱᠠ ᠵᠢᠶᠠᠩ ᠮᠥᠷᠡᠨ᠎ᠤ ᠭᠤᠤᠯ᠎ᠤᠨ ᠵᠠᠮ ᠳᠡᠭᠡᠷ᠎ᠡ ᠪᠠᠶ᠋ᠢᠷᠢᠯᠠᠵᠤ᠂ ᠳᠤᠮᠳᠠᠳᠤ ᠤᠯᠤᠰ᠎ᠤᠨ ᠭᠤᠷᠪᠠᠨ ᠬᠠᠪᠴᠢᠯ᠎ᠤᠨ ᠪᠦᠯᠦᠭᠯᠡᠯ᠎ᠠᠴᠠ ᠪᠦᠲᠦᠭᠡᠨ ᠪᠠᠢ᠍ᠢ᠍ᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠨᠢ 2200 ᠳ᠋ᠦᠩᠰᠢᠭᠤᠷ ᠲᠥᠭᠥᠷᠢᠭ᠎ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ᠎ᠨᠢ 1600 ᠲᠦᠮᠡᠨ ᠺᠢᠯᠦᠸᠠᠲ᠎ᠲᠤ ᠬᠦᠷᠴᠦ᠂ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠦᠢ᠍ᠯᠡᠳᠦᠭᠰᠡᠨ 16 ᠰᠠᠭᠤᠷᠢ ᠪᠥᠬᠥ ᠪᠥᠮᠪᠥᠷᠴᠡᠭ᠎ᠤᠨ ᠲᠠᠩ ᠮᠠᠰᠢᠨ᠎ᠤ ᠪᠠᠭᠲᠠᠭ᠋ᠠᠮᠵᠢ᠎ᠪᠠᠷ ᠬᠠᠮᠤᠭ᠎ᠤᠨ ᠶᠡᠬᠡ ᠴᠢᠳᠠᠮᠵᠢ᠎ᠲᠠᠢ ᠵᠠᠭᠤᠨ ᠲᠦᠮᠡᠨ ᠺᠢᠯᠦᠸᠠᠲ᠎ᠤᠨ ᠤᠰᠤᠨ ᠬᠦᠷᠳᠦᠲᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢ ᠤᠭᠰᠠᠷᠠᠪᠠ᠃ ᠴᠠᠬᠢᠯᠭ᠋ᠠᠨ᠎ᠤ ᠥᠷᠲᠡᠭᠡᠨ᠎ᠤ ᠭᠣᠣᠯ ᠴᠣᠭᠴᠠ ᠵᠢᠨ ᠢᠨᠵᠸᠨ᠋ᠸᠷᠢᠩ᠎ᠢ 2017 ᠣᠨ᠎ᠤ 7 ᠰᠠᠷ᠎ᠠ᠎ᠳᠤ ᠪᠦᠬᠦ ᠲᠠᠯ᠎ᠠ᠎ᠪᠠᠷ ᠡᠬᠢᠯᠡᠭᠦᠯᠵᠦ᠂ ᠲᠦᠷᠦᠭᠦᠦ ᠪᠦᠯᠦᠭ᠎ᠤᠨ 2 ᠮᠠᠰᠢᠨ ᠴᠣᠭᠴᠠᠯᠠᠪᠤᠷᠢ ᠨᠢᠭᠡᠨᠲᠡ ᠠᠰᠢᠬᠯᠠᠯᠲᠠ᠎ᠳᠤ ᠣᠷᠣᠵᠦ ᠴᠠᠬᠢᠯᠭ᠋ᠠᠨ ᠭᠠᠷᠭ᠋ᠠᠨ᠂ ᠪᠦᠬᠦ ᠮᠠᠰᠢᠨ ᠴᠣᠭᠴᠠᠯᠠᠪᠤᠷᠢ ᠵᠢ 2022 ᠣᠨ᠎ᠤ 7 ᠰᠠᠷ᠎ᠠ᠎ᠳᠤ ᠠᠰᠢᠬᠯᠠᠯᠲᠠ᠎ᠳᠤ ᠣᠷᠣᠭᠤᠯᠵᠤ ᠴᠠᠬᠢᠯᠭ᠋ᠠᠨ ᠭᠠᠷᠭ᠋ᠠᠬᠤ ᠪᠤᠯᠤᠨ᠎ᠠ᠃ ᠴᠠᠬᠢᠯᠭ᠋ᠠᠨ᠎ᠤ ᠦᠷᠳᠡᠭᠡ ᠪᠦᠬᠦᠨ ᠵᠶ᠋ᠠᠷ ᠵᠶ᠋ᠠᠨ ᠠᠰᠢᠬᠯᠠᠯᠲᠠ᠎ᠳᠤ ᠤᠷᠤᠭᠰᠠᠨ᠎ᠤ ᠳᠠᠷᠠᠭ᠎ᠠ᠂ ᠭᠤᠷᠪᠠᠨ ᠬᠠᠪᠴᠢᠯ᠎ᠤᠨ ᠢᠨᠵᠸᠨ᠋ᠸᠷᠢᠩ᠎ᠤᠨ ᠳᠠᠷᠠᠭ᠎ᠠ ᠤᠷᠤᠬᠤ ᠳᠡᠯᠡᠬᠡᠶ ᠵᠢᠨ ᠬᠣᠶᠠᠳᠤᠭ᠋ᠠᠷ ᠶᠡᠬᠡ ᠤᠰᠤᠨ ᠴᠠᠬᠢᠯᠭ᠋ᠠᠨ᠎ᠤ ᠦᠷᠳᠡᠭᠡ ᠪᠣᠯᠬᠤ ᠪᠣᠯᠤᠨ᠎ᠠ᠃