ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 2᠎ᠤᠨ ᠴᠠᠬᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 6 ᠰᠠᠷ᠎ᠠ ᠵᠢᠨ 2᠎ᠤᠨ ᠣᠷᠣᠢ ᠳ᠋ᠣᠮᠢᠨᠢᠺᠠ ᠵᠢᠨ ᠶᠡᠷᠦᠩᠬᠡᠢ᠌ᠯᠡᠭᠴᠢ ᠠᠪᠢᠨᠠᠳᠧᠷ᠎ᠲᠠᠢ ᠤᠲᠠᠰᠤ᠎ᠪᠠᠷ ᠶᠠᠷᠢᠯᠴᠠᠪᠠ᠃
ᠰᠢ ᠵᠢᠨ ᠫᠢᠩ᠂ ᠳᠤᠮᠳᠠᠳᠤ ᠳ᠋ᠣᠮᠢᠨᠢᠺᠠ ᠬᠠᠷᠢᠯᠴᠠᠭ᠎ᠠ ᠪᠠᠶ᠋ᠢᠭᠤᠯᠤᠭᠰᠠᠨ᠎ᠠᠴᠠ ᠨᠠᠭ᠋ᠠᠰᠢ᠂ ᠳ᠋ᠣᠮᠢᠨᠢᠺᠠ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠤᠳᠤᠯᠭ᠎ᠠ ᠵᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠭᠠᠳᠠᠭ᠋ᠠᠳᠤ ᠬᠠᠷᠢᠯᠴᠠᠭ᠋ᠠᠨ᠎ᠤ ᠤᠷᠢᠳ ᠵᠶ᠋ᠠᠷ ᠪᠣᠳᠣᠯᠬᠢᠯᠠᠬᠤ ᠴᠢᠭᠯᠡᠯ ᠪᠣᠯᠭ᠋ᠠᠪᠠ᠂ ᠳᠤᠮᠳᠠᠳᠤ ᠤᠯᠤᠰ ᠡᠭᠦᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠢ᠌ᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠠᠴᠠ ᠨᠠᠭ᠋ᠠᠰᠢ᠂ ᠳᠤᠮᠳᠠᠳᠤ ᠳ᠋ᠣᠮᠢᠨᠢᠺᠠ ᠬᠠᠷᠢᠯᠴᠠᠨ ᠲᠡᠮᠵᠢᠵᠥ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠪᠠ᠃ ᠳᠤᠮᠳᠠᠳᠤ ᠵᠢᠨ ᠲᠠᠯ᠎ᠠ ᠳ᠋ᠣᠮᠢᠨᠢᠺᠠ ᠵᠢᠨ ᠬᠢᠵᠢᠭ᠎ᠲᠠᠢ ᠲᠡᠮᠡᠴᠡᠬᠦ᠎ᠳᠤ ᠦᠷᠭᠦᠯᠵᠢᠯᠡᠨ ᠴᠢᠳᠠᠯ᠎ᠤᠨ ᠬᠢᠷᠢ᠎ᠪᠠᠷ ᠵᠶ᠋ᠠᠨ ᠳᠡᠮᠵᠢᠯᠭᠡ ᠦᠵᠡᠭᠦᠯᠦᠨ᠎ᠡ᠃ ᠲᠠᠨ᠎ᠤ ᠤᠳᠤᠷᠢᠳᠤᠯᠭ᠎ᠠ ᠳᠣᠣᠷ᠎ᠠ ᠳ᠋ᠣᠮᠢᠨᠢᠺᠠ ᠬᠢᠵᠢᠭ᠎ᠢ ᠡᠷᠲᠡᠬᠡᠨ ᠢᠯᠠᠬᠤ ᠵᠢ ᠢᠲᠡᠭᠡᠵᠦ ᠪᠠᠢ᠌ᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠳ᠋ᠣᠮᠢᠨᠢᠺᠠ᠎ᠯᠤᠭ᠎ᠠ ᠬᠠᠮᠲᠤ᠎ᠪᠠᠷ ᠳᠤᠮᠳᠠᠳᠤ ᠳ᠋ᠣᠮᠢᠨᠢᠺᠠ ᠵᠢᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠤᠯᠵᠤ᠂ ᠲᠠᠰᠤᠷᠠᠯᠳᠠ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠯ ᠦᠭᠡᠢ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠪᠠᠨ ᠤᠭᠲᠤᠬᠤ ᠪᠣᠯᠤᠨ᠎ᠠ᠃ ᠠᠷᠠᠳ ᠲᠦᠮᠡᠨ᠎ᠤ ᠵᠣᠭᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠥᠷᠥ ᠵᠢᠨ ᠵᠣᠭᠰᠣᠯᠲᠠ ᠮᠥᠨ᠂ ᠡᠨᠡ᠎ᠨᠢ ᠳ᠋ᠣᠮᠢᠨᠢᠺᠠ ᠵᠢᠨ ᠰᠠᠨᠠᠭ᠋ᠠᠴᠢᠯᠠᠭᠰᠠᠨ 《ᠠᠷᠠᠳ ᠲᠦᠮᠡᠨ᠎ᠢ ᠤᠷᠢᠳ ᠵᠶ᠋ᠠᠷ ᠪᠣᠳᠣᠯᠬᠢᠯᠠᠬᠤ》 ᠲᠥᠷᠥ ᠪᠠᠷᠢᠬᠤ ᠣᠶ᠋ᠢᠯᠠᠭ᠋ᠠᠭᠳᠠᠬᠤᠨ᠎ᠲᠠᠢ ᠳᠡᠭᠡᠳᠦ ᠬᠡᠮᠵᠢᠶ᠎ᠡ᠎ᠪᠠᠷ ᠨᠡᠶ᠋ᠢᠴᠡᠵᠦ ᠪᠠᠢ᠌ᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠳ᠋ᠣᠮᠢᠨᠢᠺᠠ᠎ᠯᠤᠭ᠎ᠠ ᠲᠦᠷᠦ ᠪᠠᠷᠢᠬᠤ ᠣᠶ᠋ᠢᠯᠠᠭ᠋ᠠᠭᠳᠠᠬᠤᠨ᠎ᠤ ᠰᠣᠯᠢᠯᠴᠠᠭ᠎ᠠ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠢᠲᠡᠭᠡᠯᠴᠡᠭᠡ᠎ᠪᠠᠨ ᠭᠦᠨᠵᠡᠭᠡᠶ᠋ᠢᠷᠡᠭᠦᠯᠵᠦ᠂ ᠬᠠᠮᠲᠤ ᠵᠢᠨ ᠬᠥᠭᠵᠢᠯᠲᠡ ᠵᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠪᠣᠯᠤᠨ᠎ᠠ᠂ ᠳᠤᠮᠳᠠᠳᠤ ᠵᠢᠨ ᠲᠠᠯ᠎ᠠ ᠨᠠᠩ ᠥᠨᠳᠥᠷ ᠲᠦᠪᠰᠢᠨ᠎ᠠᠴᠠ ᠨᠡᠭᠡᠭᠡᠯᠲᠡ᠎ᠪᠠᠨ ᠥᠷᠭᠡᠳᠬᠡᠬᠦ᠎ᠨᠢ ᠳᠤᠮᠳᠠᠳᠤ ᠳ᠋ᠣᠮᠢᠨᠢᠺᠠ ᠵᠢᠨ ᠬᠠᠮᠲᠤᠷᠠᠯᠴᠠᠭ᠎ᠠ᠎ᠳᠤ ᠨᠠᠩ ᠣᠯᠠᠨ ᠠᠵᠠ ᠲᠣᠬᠢᠶᠠᠯ ᠠᠪᠴᠢᠷᠠᠬᠤ ᠪᠣᠯᠤᠨ᠎ᠠ᠃ ᠳᠤᠮᠳᠠᠳᠤ ᠵᠢᠨ ᠲᠠᠯ᠎ᠠ ᠳ᠋ᠣᠮᠢᠨᠢᠺᠠ ᠵᠢᠨ ᠳᠤᠮᠳᠠᠳᠤ ᠤᠯᠤᠰ᠎ᠲᠤ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ ᠭᠠᠷᠭ᠋ᠠᠬᠤ ᠵᠢ ᠪᠠᠶᠠᠷᠯᠠᠨ ᠤᠭᠲᠤᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠳ᠋ᠣᠮᠢᠨᠢᠺᠠ᠎ᠳᠤ ᠬᠦᠷᠴᠦ ᠪᠡᠯᠡ ᠣᠷᠣᠭᠤᠯᠤᠨ ᠦᠢ᠍ᠯᠡᠰ ᠵᠶ᠋ᠠᠨ ᠬᠥᠭᠵᠢᠭᠦᠯᠬᠦ ᠵᠢ ᠳᠡᠮᠵᠢᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠳ᠋ᠣᠮᠢᠨᠢᠺᠠ᠎ᠯᠤᠭ᠎ᠠ ᠤᠯᠠᠨ ᠤᠯᠤᠰ᠎ᠤᠨ ᠪᠠ ᠭᠠᠵᠠᠷ ᠣᠷᠣᠨ᠎ᠤ ᠠᠰᠠᠭᠤᠳᠠᠯ᠎ᠤᠨ ᠲᠠᠯ᠎ᠠ᠎ᠪᠠᠷ᠎ᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠣᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶ᠋ᠢᠭ᠎ᠠ ᠤᠯᠤᠰ᠎ᠤᠳ᠎ᠤᠨ ᠡᠷᠬᠡ ᠠᠰᠢᠭ᠎ᠢ ᠬᠠᠮᠲᠤ᠎ᠪᠠᠷ ᠬᠠᠮᠠᠭ᠋ᠠᠯᠠᠨ᠎ᠠ᠃ ᠳ᠋ᠣᠮᠢᠨᠢᠺᠠ ᠵᠢᠨ᠎ᠬᠢᠨ ᠳᠤᠮᠳᠠᠳᠤ ᠤᠯᠤᠰ ᠪᠣᠯᠤᠨ ᠺᠠᠷᠢᠪᠸ ᠬᠢᠭᠡᠳ ᠳᠤᠮᠳᠠᠳᠤ ᠠᠮᠧᠷᠢᠺᠠ ᠲᠢᠪ᠎ᠤᠨ ᠤᠯᠤᠰ᠎ᠤᠳ᠎ᠤᠨ ᠬᠠᠷᠢᠯᠴᠠᠭ᠎ᠠ᠂ ᠳᠤᠮᠳᠠᠳᠤ ᠯᠠᠲ᠋ᠢᠨ ᠠᠮᠧᠷᠢᠺᠠ ᠵᠢᠨ ᠪᠦᠬᠦᠯᠢ ᠴᠣᠭᠴᠠ ᠵᠢᠨ ᠬᠠᠮᠲᠤᠷᠠᠯᠴᠠᠭ᠎ᠠ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠬᠦ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃
ᠠᠪᠢᠨᠠᠳ᠋ᠸᠷ᠂ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠯ ᠦᠭᠡᠢ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠪᠠᠨ ᠤᠭᠲᠤᠬᠤ᠎ᠪᠠᠷ ᠪᠠᠶ᠋ᠢᠭ᠎ᠠ᠎ᠳᠤ ᠪᠢ ᠴᠢᠩ ᠰᠡᠳᠬᠢᠯ᠎ᠠᠴᠠ᠎ᠪᠠᠨ ᠪᠠᠶᠠᠷ ᠬᠦᠷᠭᠡᠵᠦ ᠪᠠᠢ᠌ᠨ᠎ᠠ᠃ ᠳᠤᠮᠳᠠᠳᠤ ᠵᠢᠨ ᠲᠠᠯ᠎ᠠ ᠵᠢᠨ ᠬᠠᠩᠭ᠋ᠠᠭᠰᠠᠨ ᠡᠮᠴᠢᠯᠡᠭᠡᠨ᠎ᠤ ᠡᠳ᠋ ᠪᠣᠳᠠᠰ ᠪᠣᠯᠤᠨ ᠸᠠᠺᠼᠢᠨ᠎ᠨᠢ ᠳ᠋ᠣᠮᠢᠨᠢᠺᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠵᠠᠩᠭᠢᠯᠠᠭ᠎ᠠ ᠵᠢᠨ ᠦᠢ᠍ᠯᠡᠳᠦᠯ ᠦᠵᠡᠭᠦᠯᠵᠡᠢ᠂ ᠳ᠋ᠣᠮᠢᠨᠢᠺᠠ ᠵᠢᠨ᠎ᠬᠢᠨ ᠡᠭᠦᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠃ ᠳ᠋ᠣᠮᠢᠨᠢᠺᠠ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠤᠳᠤᠯᠭ᠎ᠠ ᠵᠢ ᠡᠷᠡᠰ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠶᠠᠪᠤᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠵᠤ ᠠᠬᠤᠢ ᠠᠷᠠᠯᠵᠢᠶ᠎ᠠ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠨ᠎ᠡ ᠭᠡᠵᠦ ᠢᠯᠡᠳᠭᠡᠪᠡ᠃