ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 2᠎ᠤᠨ ᠴᠠᠬᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 6 ᠰᠠᠷ᠎ᠠ ᠵᠢᠨ 2᠎ᠤᠨ ᠤᠷᠤᠢ ᠠᠽᠧᠷᠪᠠᠶ᠋ᠢᠵᠠᠨ᠎ᠤ ᠶᠡᠷᠦᠩᠬᠡᠶ᠋ᠢᠯᠡᠭᠴᠢ ᠠᠯᠢᠶᠸᠹᠲᠠᠢ ᠤᠲᠠᠰᠤ᠎ᠪᠠᠷ ᠶᠠᠷᠢᠯᠴᠠᠪᠠ᠃
ᠰᠢ ᠵᠢᠨ ᠫᠢᠩ᠂ ᠨᠢᠳᠤᠨᠤᠨ᠎ᠠᠴᠠ ᠨᠠᠭ᠋ᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠦᠬᠦ ᠪᠥᠮᠪᠥᠷᠴᠡᠭ᠎ᠲᠤ ᠶᠡᠬᠡ᠎ᠪᠠᠷ ᠦᠷᠪᠢᠰᠦᠨ ᠳᠡᠯᠭᠡᠷᠡᠪᠠ᠂ ᠳᠤᠮᠳᠠᠳᠤ ᠠᠽᠧᠷᠪᠠᠶ᠋ᠢᠵᠠᠨ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠲᠡᠮᠵᠢᠵᠥ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠵᠢᠩᠬᠢᠨᠢ ᠨᠥᠬᠥᠷᠰᠡᠭ ᠬᠠᠢ᠌ᠷ᠎ᠠ ᠰᠡᠳᠬᠢᠯᠭᠡ ᠵᠢ ᠢᠯᠡᠷᠡᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠯ ᠦᠭᠡᠢ ᠵᠠᠭᠤᠨ ᠵᠢᠯ᠎ᠤᠨ ᠤᠢ᠎ᠪᠠᠨ ᠤᠭᠲᠤᠵᠤ᠂ ᠳᠤᠮᠳᠠᠳᠤ ᠤᠯᠤᠰ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠵᠦ᠂ ᠳᠤᠮᠳᠠᠳᠤ ᠠᠽᠧᠷᠪᠠᠶ᠋ᠢᠵᠠᠨ᠎ᠤ ᠬᠠᠷᠢᠯᠴᠠᠭ᠎ᠠ ᠰᠢᠨ᠎ᠡ ᠲᠡᠦᠬᠡ ᠵᠢᠨ ᠭᠠᠷᠤᠭ᠎ᠠ᠎ᠳᠤ ᠬᠦᠷᠦᠯ᠎ᠡ᠃ ᠬᠣᠶᠠᠷ ᠲᠠᠯ᠎ᠠ᠎ᠪᠠᠷ ᠵᠶ᠋ᠠᠨ ᠤᠯᠠᠮᠵᠢᠯᠠᠯᠲᠤ ᠨᠥᠬᠥᠷᠯᠡᠯ ᠵᠶ᠋ᠠᠨ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭ᠋ᠠᠳᠬᠠᠵᠤ᠂ ᠢᠷᠡᠬᠦ ᠵᠢᠯ᠎ᠳᠤ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 30 ᠵᠢᠯ᠎ᠤᠨ ᠣᠢ ᠵᠢ ᠪᠡᠯᠭᠡᠯᠡᠬᠦ᠎ᠪᠠᠷ ᠠᠵᠠ ᠲᠣᠬᠢᠶᠠᠯ ᠪᠣᠯᠭ᠋ᠠᠵᠤ᠂ ᠬᠣᠶᠠᠷ ᠤᠯᠤᠰ᠎ᠤᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠦᠶᠡ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ ᠠᠽᠧᠷᠪᠠᠶ᠋ᠢᠵᠠᠨ᠎ᠤ ᠠᠷᠠᠳ ᠲᠦᠮᠡᠨ᠎ᠤ ᠲᠣᠰ ᠤᠯᠤᠰ᠎ᠤᠨ ᠵᠶ᠋ᠠᠨ ᠪᠠᠶ᠋ᠢᠳᠠᠯ᠎ᠢ ᠦᠨᠳᠦᠰᠦᠯᠡᠨ ᠰᠣᠩᠭᠣᠭᠰᠠᠨ ᠬᠥᠭᠵᠢᠯᠲᠡ ᠵᠢᠨ ᠵᠠᠮ᠎ᠢ ᠳᠡᠮᠵᠢᠵᠦ᠂ ᠠᠽᠧᠷᠪᠠᠶ᠋ᠢᠵᠠᠨᠤᠬᠢᠨᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠬᠤᠯᠠ ᠬᠠᠮᠲᠤᠷᠠᠯᠴᠠᠭ᠋ᠠᠨ᠎ᠤ ᠬᠠᠨᠢᠲᠠᠨ ᠵᠶ᠋ᠠᠷ ᠦᠵᠡᠵᠦ ᠪᠤᠢ᠃ ᠬᠣᠶᠠᠷ ᠲᠠᠯ᠎ᠠ᠎ᠪᠠᠷ ᠵᠶ᠋ᠠᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠂ ᠬᠥᠭᠵᠢᠯᠲᠡ ᠵᠢ ᠬᠠᠮᠲᠤ᠎ᠪᠠᠷ ᠡᠷᠢᠯᠬᠢᠯᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠬᠠᠮᠲᠤᠷᠠᠯᠴᠠᠭ᠎ᠠ ᠵᠢ ᠰᠠᠶ᠋ᠢᠲᠤᠷ ᠲᠥᠯᠥᠪᠵᠢᠭᠦᠯᠵᠦ᠂ ᠰᠠᠶ᠋ᠢᠲᠤᠷ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶ᠋ᠢᠵᠠᠨ᠎ᠠᠴᠠ ᠨᠡᠩ ᠤᠯᠠᠨ ᠴᠢᠨᠠᠷ ᠰᠠᠶ᠋ᠢᠲᠠᠢ ᠤᠨᠴᠠᠯᠢᠬᠳᠤ ᠪᠦᠲᠦᠭᠡᠭᠳᠡᠬᠦᠨ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠠᠽᠧᠷᠪᠠᠶ᠋ᠢᠵᠠᠨ᠎ᠳᠤ ᠬᠦᠷᠴᠦ ᠪᠡᠯᠡ ᠣᠷᠣᠭᠤᠯᠤᠨ ᠦᠢ᠍ᠯᠡᠰ ᠵᠶ᠋ᠠᠨ ᠬᠦᠭᠵᠢᠬᠦᠯᠬᠦ ᠵᠢ ᠲᠡᠮᠵᠢᠵᠤ᠂ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠥᠷᠨᠢᠭᠦᠯᠦᠨ᠎ᠡ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠲᠡᠭᠡᠭᠡᠪᠦᠷᠢ ᠪᠣᠯᠤᠨ ᠪᠠᠷᠠᠭ᠋ᠠᠨ᠎ᠤ ᠭᠦᠢ᠍ᠯᠭᠡᠭᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠠᠽᠢᠶ᠎ᠠ ᠡᠸᠦ᠋ᠷᠦᠫᠡ ᠵᠢᠨ ᠲᠡᠭᠡᠭᠡᠪᠦᠷᠢ ᠵᠢᠨ ᠬᠤᠩᠬᠢᠯ᠎ᠤᠨ ᠪᠦᠳᠦᠭᠡᠨ ᠪᠠᠢ᠌ᠭᠤᠯᠤᠯᠲᠠ ᠵᠢ ᠠᠬᠢᠭᠤᠯᠵᠤ᠂ ᠣᠷᠣᠨ ᠪᠦᠰᠡ ᠵᠢᠨ ᠬᠣᠯᠪᠣᠯᠳᠤᠨ ᠨᠡᠪᠲᠡᠷᠡᠯᠴᠡᠬᠦ ᠲᠦᠪᠰᠢᠨ᠎ᠢ ᠳᠡᠭᠡᠭᠰᠢᠯᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠽᠧᠷᠪᠠᠶ᠋ᠢᠵᠠᠨ᠎ᠤ ᠲᠠᠯ᠎ᠠ᠎ᠲᠠᠢ ᠠᠨᠠᠭ᠋ᠠᠬᠤ ᠤᠬᠠᠭ᠋ᠠᠨ᠎ᠤ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠽᠧᠷᠪᠠᠶ᠋ᠢᠵᠠᠨᠤᠬᠢᠨᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠦᠷᠭᠦᠯᠵᠢᠯᠡᠨ ᠸᠠᠺᠼᠢᠨ ᠵᠡᠷᠭᠡ ᠬᠠᠪᠰᠤᠷᠤᠯᠭ᠎ᠠ ᠬᠠᠩᠭ᠋ᠠᠨ᠎ᠠ᠃ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠤᠯᠪᠠ᠂ ᠳᠤᠷᠠᠲᠠᠶ᠎ᠠ ᠠᠽᠧᠷᠪᠠᠶ᠋ᠢᠵᠠᠨ᠎ᠤ᠎ᠬᠢᠨ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠶᠠᠳᠠᠭᠤ ᠬᠦᠴᠢᠷᠳᠡᠯᠲᠡᠢ ᠬᠥᠮᠦᠨ ᠠᠮᠠ ᠵᠢ ᠴᠥᠭᠡᠳᠬᠡᠬᠦ ᠦᠢ᠍ᠯᠡᠰ᠎ᠢ ᠬᠠᠮᠲᠤ᠎ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃
ᠠᠯᠢᠶᠸᠹ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠬᠠᠯᠠᠭᠤᠨ ᠪᠠᠶᠠᠷ ᠬᠦᠷᠭᠡᠵᠦ ᠪᠠᠢ᠌ᠨ᠎ᠠ᠂ ᠠᠽᠧᠷᠪᠠᠶ᠋ᠢᠵᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠳᠤᠮᠳᠠᠳᠤ ᠵᠢᠨ ᠲᠠᠯ᠎ᠠ ᠡᠮᠴᠢᠯᠡᠭᠡᠨ᠎ᠤ ᠡᠳ᠋ ᠪᠣᠳᠠᠰ᠂ ᠸᠠᠺᠼᠢᠨ ᠵᠡᠷᠭᠡ ᠡᠷᠬᠢᠮ ᠨᠠᠨᠳᠢᠨ ᠲᠤᠰᠠᠯᠠᠮᠵᠢ ᠬᠠᠩᠭ᠋ᠠᠭᠰᠠᠨ᠎ᠳᠤ ᠲᠠᠯᠠᠷᠬᠠᠵᠤ ᠪᠠᠢ᠌ᠨ᠎ᠠ᠃ ᠠᠽᠧᠷᠪᠠᠶ᠋ᠢᠵᠠᠨ ᠳᠤᠮᠳᠠᠳᠤ ᠬᠣᠶᠠᠷ ᠤᠯᠤᠰ᠎ᠤᠨ ᠤᠯᠤᠰ ᠲᠦᠷᠦ᠂ ᠠᠵᠤ ᠠᠬᠤᠢ᠂ ᠵᠠᠮ ᠲᠡᠭᠡᠭᠡᠪᠦᠷᠢ ᠵᠡᠷᠭᠡ ᠡᠯ᠎ᠡ ᠬᠦᠷᠢᠶᠡᠨ᠎ᠤ ᠬᠠᠮᠲᠤᠷᠠᠯᠴᠠᠭ᠎ᠠ ᠮᠠᠰᠢ ᠰᠠᠢ᠍ᠢ᠍ᠨ ᠪᠠᠶ᠋ᠢᠵᠤ᠂ ᠠᠽᠧᠷᠪᠠᠶ᠋ᠢᠵᠠᠨ᠎ᠤ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ ᠠᠽᠧᠷᠪᠠᠶ᠋ᠢᠵᠠᠨ᠎ᠤ ᠲᠠᠯ᠎ᠠ ᠳᠤᠮᠳᠠᠳᠤ ᠤᠯᠤᠰ᠎ᠤᠨ ᠨᠡᠩ ᠤᠯᠠᠨ ᠠᠵᠤ ᠠᠬᠤᠶ᠋ᠢᠯᠠᠯ ᠠᠽᠧᠷᠪᠠᠶ᠋ᠢᠵᠠᠨ᠎ᠳᠤ ᠢᠷᠡᠵᠦ ᠪᠡᠯᠡ ᠣᠷᠣᠭᠤᠯᠬᠤ ᠵᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠳᠤᠮᠳᠠᠳᠤ ᠤᠯᠤᠰ ᠪᠣᠯ ᠠᠽᠧᠷᠪᠠᠶ᠋ᠢᠵᠠᠨ᠎ᠤ ᠵᠢᠩᠬᠢᠨᠢ ᠬᠠᠨᠢᠲᠠᠨ ᠮᠥᠨ᠂ ᠠᠽᠧᠷᠪᠠᠶ᠋ᠢᠵᠠᠨ ᠥᠩᠭᠡᠷᠡᠭᠰᠡᠨ᠂ ᠣᠲᠣ᠂ ᠢᠷᠡᠭᠡᠳᠦᠶ᠎ᠳᠤ ᠴᠥᠮ ᠳᠤᠮᠳᠠᠳᠤ ᠵᠢᠨ ᠲᠠᠯ᠎ᠠ ᠵᠢᠨ ᠲᠠᠶ᠋ᠢᠸᠠᠨ᠎ᠲᠠᠢ ᠬᠣᠯᠪᠣᠭᠳᠠᠭᠰᠠᠨ᠂ ᠰᠢᠶᠠᠩᠭ᠋ᠠᠩ᠎ᠲᠠᠢ ᠬᠣᠯᠪᠣᠭᠳᠠᠭᠰᠠᠨ᠂ ᠰᠢᠨᠵᠢᠶᠠᠩ᠎ᠲᠠᠢ ᠬᠣᠯᠪᠣᠭᠳᠠᠭᠰᠠᠨ ᠠᠰᠠᠭᠤᠳᠠᠯ ᠳᠡᠭᠡᠷᠡᠬᠢ ᠵᠣᠭᠰᠣᠯᠲᠠ ᠵᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠬᠠᠮᠲᠤ᠎ᠪᠠᠷ ᠴᠢᠷᠮᠠᠢ᠌ᠵᠤ᠂ ᠠᠽᠧᠷᠪᠠᠶ᠋ᠢᠵᠠᠨ ᠳᠤᠮᠳᠠᠳᠤ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠲᠠᠰᠤᠷᠠᠯᠲᠠ ᠥᠬᠡᠶ ᠬᠥᠭᠵᠢᠬᠦ ᠵᠢ ᠠᠬᠢᠭᠤᠯᠤᠨ᠎ᠠ᠃ ᠠᠽᠧᠷᠪᠠᠶ᠋ᠢᠵᠠᠨ᠎ᠤ ᠲᠠᠯ᠎ᠠ ᠳᠤᠮᠳᠠᠳᠤ ᠤᠯᠤᠰ᠎ᠤᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠬᠦ ᠵᠢ ᠳᠡᠮᠵᠢᠨ᠎ᠡ ᠭᠡᠵᠦ ᠢᠯᠡᠳᠬᠡᠪᠡ᠃