ᠯᠢ ᠺᠸ ᠴᠢᠶᠠᠩ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ
ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠬᠥᠭᠵᠢᠭᠡᠵᠦ ᠮᠠᠨ᠎ᠤ ᠤᠯᠤᠰ᠎ᠤᠨ ᠠᠵᠤ ᠠᠬᠤᠶ ᠵᠢᠨ ᠲᠣᠭᠲᠠᠭᠤᠨ᠎ᠤ ᠳᠤᠮᠳᠠ ᠪᠡᠬᠢᠵᠢᠵᠦ ᠰᠠᠢ᠌ᠵᠢᠷᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ
ᠬᠠᠨ ᠵᠧᠩ ᠬᠤᠷᠠᠯ᠎ᠢ ᠡᠷᠭᠢᠯᠡᠪᠡ
6 ᠳ᠋ᠤᠭ᠋ᠠᠷ ᠰᠠᠷ᠎ᠠ ᠵᠢᠨ 2᠎ᠤᠨ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ ᠪᠥᠬᠥ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ᠎ᠢ ᠬᠤᠷᠠᠯᠳᠤᠭᠤᠯᠪᠠ᠃ ᠳᠤᠮᠳᠠᠳᠤ ᠡᠣᠯᠣᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠪᠠ᠃
ᠳᠤᠮᠳᠠᠳᠤ ᠡᠣᠯᠣᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠬᠤᠷᠠᠯ᠎ᠢ ᠡᠷᠬᠢᠯᠡᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠰᠦᠨ ᠴᠦᠨ ᠯᠠᠨ᠂ ᠬᠤ᠌ ᠴᠦᠨ ᠬᠤᠸᠠ᠂ ᠯᠢᠦ ᠾᠧ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠡᠰᠢᠭᠦᠨ ᠸᠧᠢ ᠹᠸᠩ ᠾᠧ᠂ ᠸᠠᠩ ᠶᠦᠩ᠂ ᠰᠢᠶᠤᠤ ᠵᠢᠶᠸ᠂ ᠵᠤᠤ ᠺᠸ ᡁᠢ ᠬᠤᠷᠠᠯ᠎ᠳᠤ ᠣᠷᠣᠯᠴᠠᠪᠠ᠃

ᠯᠢ ᠺᠸ ᠴᠢᠶᠠᠩ ᠬᠡᠯᠡᠬᠦ᠎ᠳᠤ᠎ᠪᠠᠨ᠂ ᠨᠢᠳᠤᠨᠤᠨ ᠤᠯᠠᠨ ᠳᠠᠪᠬᠤᠷ ᠬᠦᠨᠳᠦ ᠲᠠᠭ᠋ᠠᠷᠢᠯᠳᠠ ᠵᠢᠨ ᠡᠮᠦᠨ᠎ᠡ᠂ ᠪᠢᠳᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠡᠷᠡᠭᠴᠡᠭᠡ᠎ᠳᠤ ᠰᠢᠭᠤᠳ ᠬᠠᠨᠳᠤᠭᠤᠯᠤᠨ᠂ ᠬᠣᠷᠸ᠎ᠠ ᠲᠦᠷᠦ ᠵᠢᠨ ᠪᠤᠳᠤᠯᠭ᠎ᠠ ᠵᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ᠂ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ ᠰᠢᠢ᠍ᠳᠪᠦᠷᠢᠯᠡᠬᠦ ᠪᠠ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢ ᠵᠡᠷᠭᠡ᠎ᠳᠤ᠎ᠨᠢ ᠴᠢᠬᠤᠯᠠᠴᠢᠯᠠᠵᠤ᠂ ᠠᠵᠢᠯ ᠣᠯᠭᠣᠯᠲᠠ ᠪᠠ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠪᠣᠯᠤᠭᠰᠠᠨ ᠪᠠᠶ᠋ᠢᠨ᠎ᠠ᠃ ᠡᠨᠡ ᠵᠢᠯ ᠮᠠᠨ᠎ᠤ ᠤᠯᠤᠰ᠎ᠤᠨ ᠠᠵᠤ ᠠᠬᠤᠶ ᠶᠡᠷᠦᠩᠬᠡᠶ᠎ᠳᠤ᠎ᠪᠠᠨ ᠲᠣᠭᠲᠠᠭᠤᠨ ᠵᠶ᠋ᠠᠷ ᠰᠡᠷᠭᠦᠬᠦ ᠪᠠᠶ᠋ᠢᠳᠠᠯ ᠵᠶ᠋ᠠᠨ ᠦᠷᠭᠦᠯᠵᠢᠯᠡᠭᠦᠯᠵᠦ ᠪᠠᠢ᠌ᠨ᠎ᠠ᠃ ᠣᠳᠣᠬᠠᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠲᠣᠭᠣᠷᠢᠨ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠲᠦᠭᠰᠢᠭᠦᠷᠢᠲᠡᠢ ᠪᠠᠢ᠌ᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠩᠬᠠᠷᠤᠯ᠎ᠤᠨ ᠲᠣᠭᠣᠷᠢᠨ᠎ᠳᠤ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ᠂ ᠠᠵᠢᠯ ᠣᠯᠭᠣᠯᠲᠠ ᠵᠡᠷᠭᠡ ᠬᠣᠷᠸ᠎ᠠ ᠲᠦᠷᠦ ᠵᠢᠨ ᠪᠤᠳᠤᠯᠭ᠎ᠠ ᠵᠢ ᠦᠷᠭᠦᠯᠵᠢᠯᠡᠨ᠎ᠡ ᠪᠦᠲᠦᠮᠵᠢᠲᠡᠶ ᠬᠡᠷᠡᠭᠵᠢᠭᠦᠯᠵᠦ᠂ ᠬᠣᠷᠸ᠎ᠠ ᠪᠠ ᠬᠤᠮᠠᠬᠢ ᠲᠠᠯ᠎ᠠ ᠵᠢ ᠨᠢᠭᠲᠠ ᠤᠶᠠᠯᠳᠤᠭᠤᠯᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠡᠷᠭᠡ ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠠᠮᠢᠷ ᠲᠡᠩᠬᠡᠭᠡ ᠵᠢ ᠤᠯᠠᠮ ᠨᠢᠭᠡ ᠠᠯᠬᠤᠮ ᠰᠡᠷᠭᠦᠭᠡᠬᠦ᠎ᠳᠤ ᠬᠦᠴᠦᠨ ᠨᠡᠮᠡᠷᠢᠯᠡᠵᠦ᠂ ᠠᠵᠤ ᠠᠬᠤᠶ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠂ ᠠᠵᠤ ᠠᠬᠤᠶ ᠵᠢᠨ ᠠᠵᠢᠯᠯᠠᠭ᠋ᠠᠨ᠎ᠢ ᠵᠣᠬᠢᠰᠲᠠᠶ ᠣᠷᠣᠨ᠎ᠳᠤ ᠪᠠᠢ᠌ᠯᠭ᠋ᠠᠬᠤ ᠵᠢ ᠪᠠᠲᠤᠯᠠᠵᠤ᠂ ᠬᠣᠶ᠋ᠢᠰᠢᠳᠠ ᠵᠢᠨ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠬᠦ ᠬᠡᠷᠡᠭᠲᠡᠢ ᠭᠡᠵᠡᠢ᠃

ᠯᠢ ᠺᠸ ᠴᠢᠶᠠᠩ ᠵᠢᠭ᠋ᠠᠬᠤ᠎ᠳᠤ᠎ᠪᠠᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠬᠦᠴᠦᠨ ᠮᠥᠨ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠨᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠬᠦ ᠬᠡᠷᠡᠭᠴᠡᠭᠡ᠎ᠳᠤ ᠵᠣᠬᠢᠴᠠᠨ᠂ ᠠᠷᠠᠳ ᠤᠯᠠᠨ᠎ᠤ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠬᠡᠷᠡᠭᠴᠡᠭᠡ᠎ᠳᠤ ᠵᠣᠬᠢᠴᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠬᠤ᠎ᠠᠴᠠ ᠡᠭᠦᠰᠴᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠬᠥᠭᠵᠢᠭᠡᠪᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠬᠥᠭᠵᠢᠨ ᠪᠤᠵᠠᠭ᠋ᠠᠶ᠋ᠢᠷᠠᠵᠤ᠂ ᠠᠵᠢᠯ ᠣᠯᠭᠣᠯᠲᠠ ᠵᠢ ᠲᠤᠯᠭ᠋ᠠᠭᠤᠷᠢᠯᠠᠬᠤ 《ᠲᠤᠯᠭ᠋ᠠᠭᠤᠷᠢ》᠂ ᠡᠳ᠋ ᠪᠠᠶᠠᠯᠢᠭ᠎ᠢ ᠡᠭᠦᠳᠦᠨ ᠪᠦᠲᠦᠭᠡᠬᠦ ᠡᠬᠢ ᠪᠤᠯᠠᠭ ᠪᠣᠯᠤᠭᠰᠠᠨ ᠪᠠᠶ᠋ᠢᠨ᠎ᠠ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠢᠷ ᠲᠦᠪᠡᠭᠲᠡᠢ ᠠᠰᠠᠭᠤᠳᠠᠯ ᠵᠶ᠋ᠠᠷ ᠦᠷᠭᠦᠯᠵᠢᠯᠡᠨ ᠬᠦᠴᠦᠯᠡᠬᠦ ᠴᠡᠭ ᠪᠣᠯᠭ᠋ᠠᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠨᠢᠭᠡ ᠴᠤᠭᠴᠠᠵᠢᠭᠤᠯᠤᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠡᠷᠬᠡ ᠵᠢ ᠲᠠᠯᠪᠢᠨ ᠴᠢᠳᠠᠪᠤᠷᠢ ᠣᠯᠭᠣᠵᠤ᠂ ᠵᠤᠬᠢᠰ ᠦᠭᠡᠢ ᠭᠠᠷ ᠲᠦᠷᠦᠭᠦ ᠵᠢ ᠪᠠᠭ᠋ᠠᠰᠬᠠᠵᠤ᠂ ᠲᠥᠪ ᠭᠣᠣᠯᠴᠢ᠎ᠪᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠡᠷᠬᠡ ᠲᠡᠭᠰᠢ᠎ᠪᠠᠷ ᠦᠷᠢᠰᠦᠯᠳᠦᠬᠦ ᠵᠢ ᠠᠬᠢᠭᠤᠯᠤᠨ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠠᠷᠠᠳ ᠤᠯᠠᠨ᠎ᠤ ᠵᠣᠷᠢᠭᠲᠠᠢ᠎ᠪᠠᠷ ᠦᠢ᠍ᠯᠡᠰ ᠴᠣᠭᠴᠠᠯᠠᠨ ᠴᠢᠷᠮᠠᠢ᠌ᠨ ᠲᠡᠮᠡᠴᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠷᠢᠭᠲᠠᠢ᠎ᠪᠠᠷ ᠰᠢᠨ᠎ᠡ ᠵᠢ ᠡᠭᠦᠳᠦᠨ ᠬᠥᠭᠵᠢᠬᠦ ᠵᠢ ᠳᠡᠮᠵᠢᠬᠦ ᠬᠡᠷᠡᠭᠲᠡᠢ ᠭᠡᠵᠡᠢ᠃

ᠯᠢ ᠺᠸ ᠴᠢᠶᠠᠩ ᠪᠠᠰᠠ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠪᠣᠯ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠣᠷᠣᠰᠢᠨ ᠲᠣᠭᠲᠠᠨᠢᠵᠤ ᠬᠥᠭᠵᠢᠬᠦ ᠵᠢᠨ ᠬᠥᠷᠥᠰᠥ ᠰᠢᠷᠣᠢ ᠮᠥᠨ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠪᠠᠷ ᠭᠠᠷᠳᠠᠴᠠ ᠪᠣᠯᠭ᠋ᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ᠎ᠪᠠᠷ ᠵᠠᠰᠠᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭ᠋ᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠲᠠᠯ᠎ᠠ᠎ᠪᠠᠷ ᠵᠠᠰᠠᠭ᠎ᠢ ᠴᠣᠮᠬᠠᠳᠬᠠᠬᠤ ᠠᠷᠭ᠎ᠠ ᠵᠠᠮ᠎ᠢ ᠬᠦᠴᠦᠯᠡᠨ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠠᠵᠤ ᠠᠬᠤᠶ᠋ᠢᠯᠠᠯ᠎ᠤᠨ ᠬᠥᠭᠵᠢᠯᠲᠡ ᠵᠢ ᠬᠦᠯᠢᠶᠡᠰᠦᠯᠡᠵᠦ ᠪᠠᠶ᠋ᠢᠭ᠎ᠠ ᠵᠤᠬᠢᠰ ᠦᠭᠡᠢ ᠰᠠᠭ᠋ᠠᠳ᠎ᠢ ᠠᠷᠢᠯᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠥᠪᠰᠢᠶᠡᠷᠡᠨ ᠣᠷᠣᠬᠤ ᠪᠠ ᠪᠤᠴᠠᠭ᠋ᠠᠨ ᠭᠠᠷᠭ᠋ᠠᠬᠤ ᠵᠢ ᠨᠡᠩ ᠳᠥᠭᠥᠮ ᠳᠥᠲᠡ ᠪᠣᠯᠭ᠋ᠠᠵᠤ᠂ ᠵᠠᠬ᠎ᠠ ᠳᠡᠯᠭᠡᠭᠦᠷ᠎ᠤᠨ ᠰᠢᠨ᠎ᠡ ᠬᠠᠭᠤᠴᠢᠨ᠎ᠤ ᠰᠣᠯᠢᠯᠴᠠᠭ᠎ᠠ ᠵᠢ ᠠᠬᠢᠭᠤᠯᠬᠤ ᠬᠡᠷᠡᠭᠲᠡᠶ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠳᠤ ᠰᠢᠨ᠎ᠡ ᠵᠢ ᠡᠭᠦᠳᠬᠦ ᠪᠠ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠢᠭᠡ ᠯᠡ ᠠᠳᠠᠯᠢ᠎ᠪᠠᠷ ᠬᠠᠨᠳᠤᠵᠤ᠂ ᠭᠠᠭᠴᠠᠭ᠋ᠠᠷ ᠡᠵᠡᠮᠰᠢᠯ ᠪᠠ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠤᠯᠢ ᠶᠣᠰᠣᠨ᠎ᠤ ᠡᠷᠬᠡ ᠠᠰᠢᠭ ᠪᠠ ᠬᠥᠭᠵᠢᠯᠲᠡ ᠵᠢᠨ ᠣᠷᠣᠨ ᠵᠠᠢ ᠵᠢ ᠬᠠᠮᠠᠭ᠋ᠠᠯᠠᠵᠤ᠂ ᠶᠠᠰᠤ ᠴᠢᠨᠠᠷ ᠪᠠ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ; ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠠᠬᠢᠭᠤᠯᠵᠤ᠂ ᠲᠦᠷᠢᠮ ᠪᠠ ᠮᠡᠷᠭᠡᠵᠢᠯ᠎ᠤᠨ ᠠᠷᠭ᠎ᠠ᠎ᠪᠠᠷ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭᠲᠠᠭ᠋ᠠᠯ ᠶᠣᠰᠣᠭ᠋ᠠᠷ ᠤᠴᠢᠷ ᠶᠠᠪᠤᠳᠠᠯ ᠰᠢᠢ᠍ᠳᠪᠦᠷᠢᠯᠡᠬᠦ᠎ᠳᠤ᠎ᠪᠠᠨ ᠪᠤᠰᠤᠳ᠎ᠢ ᠭᠤᠶᠤᠬᠤ ᠦᠭᠡᠢ ᠪᠠᠶ᠋ᠢᠬᠤ ᠵᠢ ᠪᠠᠢ᠌ᠩᠭᠤᠵᠢᠭᠤᠯᠬᠤ ᠬᠡᠷᠡᠭᠲᠡᠢ᠃ ᠬᠠᠤᠯᠢ᠎ᠪᠠᠷ ᠵᠠᠰᠠᠵᠢᠬᠤ ᠲᠠᠯ᠎ᠠ᠎ᠪᠠᠷ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠬᠠᠤᠯᠢ ᠵᠢ ᠴᠢᠩᠭ᠎ᠠ ᠵᠢᠷᠤᠮᠵᠢᠭᠤᠨ ᠪᠥᠭᠡᠳ ᠲᠥᠪ ᠭᠣᠣᠯᠴᠢ ᠪᠣᠯᠪᠠᠰᠤᠨ ᠵᠶ᠋ᠠᠷ ᠬᠡᠷᠡᠭᠵᠢᠭᠦᠯᠬᠦ ᠬᠡᠷᠡᠭᠲᠡᠶ᠃ ᠣᠯᠠᠨ ᠤᠯᠤᠰᠴᠢᠯᠠᠬᠤ ᠲᠠᠯ᠎ᠠ᠎ᠪᠠᠷ ᠨᠡᠭᠡᠭᠡᠯᠳᠡ ᠵᠢ ᠪᠠᠷᠢᠮᠲᠠᠯᠠᠨ ᠥᠷᠭᠡᠳᠬᠡᠵᠦ᠂ ᠤᠯᠠᠨ ᠤᠯᠤᠰ᠎ᠤᠨ ᠨᠡᠶ᠋ᠢᠳᠡᠮ ᠬᠡᠷᠡᠭᠯᠡᠵᠦ ᠪᠠᠶ᠋ᠢᠭ᠎ᠠ ᠬᠣᠯᠪᠣᠭᠳᠠᠯ ᠪᠦᠬᠦᠢ ᠲᠦᠷᠢᠮ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ RCEP᠎ᠳᠤ ᠭᠠᠷᠤᠨ ᠦᠰᠦᠭ ᠵᠢᠷᠤᠵᠤ ᠣᠷᠣᠯᠴᠠᠬᠤ ᠲᠣᠬᠢᠶᠠᠯ᠎ᠢ ᠡᠵᠡᠮᠳᠡᠵᠦ᠂ ᠠᠷᠠᠯᠵᠢᠶ᠎ᠠ ᠪᠡᠯᠡ ᠣᠷᠣᠭᠤᠯᠤᠯᠲᠠ ᠵᠢ ᠴᠢᠯᠦᠭᠡᠲᠡᠢ ᠪᠣᠯᠭ᠋ᠠᠬᠤ ᠪᠠ ᠳᠥᠭᠥᠮ ᠦᠵᠡᠭᠦᠯᠬᠦ ᠵᠢ ᠠᠬᠢᠭᠤᠯᠤᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ ᠨᠡᠩ ᠥᠨᠳᠥᠷ ᠪᠠᠷᠢᠮᠵᠢᠶ᠎ᠠ ᠲᠦᠷᠢᠮ᠎ᠢ ᠬᠡᠷᠡᠭᠵᠢᠭᠦᠯᠵᠦ᠂ ᠲᠦᠷᠢᠮ᠎ᠤᠨ ᠬᠡᠯᠪᠡᠷᠢ ᠵᠢᠨ ᠨᠡᠭᠡᠭᠡᠯᠳᠡ ᠵᠢᠨ ᠲᠠᠯ᠎ᠠ᠎ᠪᠠᠷ ᠨᠡᠩ ᠶᠡᠬᠡ ᠠᠯᠬᠤᠮ᠎ᠢ ᠠᠯᠬᠤᠬᠤ ᠬᠡᠷᠡᠭᠲᠡᠢ ᠭᠡᠵᠡᠢ᠃

ᠯᠢ ᠺᠸ ᠴᠢᠶᠠᠩ ᠴᠢᠬᠤᠯᠠᠴᠢᠯᠠᠬᠤ᠎ᠳᠤ᠎ᠪᠠᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯ ᠬᠢᠲᠤᠭ᠎ᠠ ᠵᠢᠨ ᠢᠷ᠎ᠢ ᠳᠣᠲᠣᠭᠰᠢ᠎ᠪᠠᠨ ᠬᠠᠨᠳᠤᠭᠤᠯᠤᠭᠰᠠᠨ ᠵᠠᠰᠠᠭ᠎ᠤᠨ ᠣᠷᠳᠣᠨ᠎ᠤ ᠥᠪᠡᠷ᠎ᠤᠨ ᠬᠤᠪᠢᠰᠬᠠᠯ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠭᠡᠷᠡᠴᠢᠯᠡᠯᠲᠡ ᠬᠢᠬᠦ ᠬᠠᠷᠢᠭᠤᠴᠠᠯᠭ᠎ᠠ ᠵᠢ ᠴᠢᠩᠭ᠋ᠠᠳᠬᠠᠵᠤ᠂ ᠲᠥᠪ᠎ᠤᠨ ᠪᠠ ᠣᠷᠣᠨ ᠨᠤᠲᠤᠭ ᠬᠣᠶᠠᠷ ᠲᠠᠯ᠎ᠠ ᠵᠢᠨ ᠢᠳᠡᠪᠬᠢᠵᠢᠯ᠎ᠢ ᠪᠠᠳᠠᠷᠠᠭᠤᠯᠵᠤ᠂ ᠡᠯ᠎ᠡ ᠲᠠᠯ᠎ᠠ ᠵᠢᠨ ᠬᠦᠴᠦᠨ᠎ᠢ ᠳᠠᠢ᠍ᠢ᠍ᠴᠢᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠤᠨ ᠠᠷᠠᠳ ᠤᠯᠠᠨ᠎ᠳᠤ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠲᠡᠳᠡᠨ᠎ᠤ ᠬᠦᠷᠲᠡᠭᠡᠮᠵᠢᠲᠦ ᠲᠦᠷᠦᠭᠳᠡᠯ᠎ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠪᠣᠯᠤᠨ ᠾᠧᠨᠠᠨ ᠮᠤᠵᠢ ᠵᠢᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ ᠶᠠᠷᠢᠶ᠎ᠠ ᠲᠠᠯᠪᠢᠵᠠᠢ᠃