ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2021-06-30

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ  ᠬᠦᠷᠴᠦ ᠢᠷᠡᠬᠦ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 29᠎ᠤ ᠦᠳᠡ ᠵᠢᠨ ᠡᠮᠦᠨ᠎ᠡ ᠪᠡᠭᠡᠵᠢᠩ᠎ᠳᠤ ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠲᠠᠢ ᠳᠣᠲᠣᠨᠣ᠎ᠪᠠᠷ ᠠᠭᠤᠯᠵᠠᠵᠤ᠂ ᠳᠡᠳᠡᠨᠤᠰ᠎ᠲᠤ ᠴᠢᠩ ᠰᠡᠳᠬᠢᠯ᠎ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃


1.jpg


      6 ᠰᠠᠷ᠎ᠠ ᠵᠢᠨ 29᠎ᠤ ᠡᠳᠦᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠲᠠᠢ ᠠᠭᠤᠯᠵᠠᠪᠠ᠃
       ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠤᠸᠠᠢ ᠷᠸᠨ ᠰᠡᠬᠦᠳᠡᠷᠯᠡᠪᠡ


      ᠦᠳᠡ ᠵᠢᠨ ᠡᠮᠦᠨᠡᠬᠢ 11 ᠴᠠᠭ 30 ᠮᠢᠨᠦ᠋ᠲ᠎ᠲᠤ᠂ ᠰᠢ ᠵᠢᠨ ᠫᠢᠩ ᠨᠡᠷ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ᠎ᠳᠤ ᠬᠦᠷᠬᠦ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃ ᠰᠢ ᠵᠢᠨ ᠫᠢᠩ ᠨᠡᠷ ᠬᠥᠬᠢᠭᠦᠯᠦᠭᠳᠡᠨ ᠰᠠᠶ᠋ᠢᠰᠢᠶᠠᠭᠳᠠᠭᠰᠠᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠤᠨ ᠳᠤᠮᠳᠠ ᠬᠦᠷᠴᠦ᠂ ᠤᠯᠠᠨ᠎ᠲᠠᠢ ᠳᠣᠲᠣᠨᠣ᠎ᠪᠠᠷ ᠶᠠᠷᠢᠯᠴᠠᠭᠰᠠᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠵᠤ ᠳᠤᠷᠠᠰᠬᠠᠯ

ᠦᠯᠡᠳᠡᠭᠡᠪᠡ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠨᠠᠮ᠎ᠤᠨ ᠲᠦᠪ ᠬᠤᠷᠢᠶᠠᠨ᠎ᠤ ᠠᠯᠪᠠᠨ ᠲᠢᠩᠬᠢᠮ᠎ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠴᠧᠨ ᠰᠢ ᠠᠭᠤᠯᠵᠠᠯᠲᠠ᠎ᠳᠤ ᠣᠷᠣᠯᠴᠠᠵᠠᠢ᠃


2.jpg


      ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠢ ᠬᠥᠬᠢᠭᠦᠯᠦᠨ ᠰᠠᠶ᠋ᠢᠰᠢᠶᠠᠬᠤ ᠬᠤᠷᠠᠯ 29᠎ᠤ ᠦᠳᠡ ᠵᠢᠨ ᠬᠣᠶ᠋ᠢᠨ᠎ᠠ ᠪᠡᠭᠡᠵᠢᠩ᠎ᠳᠤ ᠬᠤᠷᠠᠯᠳᠤᠪᠠ᠃ ᠴᠧᠨ ᠰᠢ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠨᠥᠬᠥᠳ᠎ᠲᠠᠢ ᠳᠣᠲᠣᠨᠣ᠎ᠪᠠᠷ ᠠᠭᠤᠯᠵᠠᠭᠰᠠᠨ᠎ᠨᠢ ᠨᠠᠮ᠎ᠤᠨ ᠲᠥᠪ ᠬᠤᠷᠢᠶ᠎ᠠ᠎ᠠᠴᠠ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠪᠠ ᠭᠦᠨ ᠬᠠᠯᠠᠮᠵᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠠᠶ᠋ᠢᠨ᠎ᠠ᠃ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠬᠥᠬᠢᠭᠦᠯᠦᠭᠳᠡᠨ ᠰᠠᠶ᠋ᠢᠰᠢᠶᠠᠭᠳᠠᠭᠰᠠᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ ᠵᠶ᠋ᠠᠷ ᠳᠠᠭᠤᠷᠢᠶᠠᠯ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠨᠡᠨᠴᠢ ᠰᠢᠳᠤᠷᠭᠤ ᠵᠠᠩ ᠴᠢᠨᠠᠷ᠎ᠢ ᠪᠠᠲᠤ ᠪᠣᠶ ᠪᠣᠯᠭ᠋ᠠᠵᠤ᠂ ᠠᠷᠠᠳ ᠲᠦᠮᠡᠨ᠎ᠤ ᠲᠦᠯᠦᠬᠡ ᠪᠠᠢ᠍ᠢ᠍ᠬᠤ ᠬᠠᠶ᠋ᠢᠷ᠎ᠠ ᠰᠡᠳᠬᠢᠯᠭᠡ ᠵᠢ ᠪᠠᠲᠤ ᠰᠠᠬᠢᠵᠤ᠂ ᠪᠣᠳᠠᠲᠠᠶ ᠵᠢ ᠡᠷᠬᠢᠮᠯᠡᠬᠦ ᠰᠤᠷᠲᠠᠯ᠎ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠪᠣᠯᠪᠠᠰᠤᠷᠠᠭᠤᠯᠵᠤ᠂ ᠴᠠᠭ᠋ᠠᠷᠠᠭᠰᠠᠨ ᠡᠷᠳᠡᠮ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ᠂ ᠠᠷᠢᠭᠤᠨ ᠴᠢᠬᠡᠴᠢ ᠬᠡᠪ ᠰᠤᠷᠲᠠᠯ᠎ᠢ ᠪᠠᠷᠢᠮᠳᠠᠯᠠᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠬᠡᠯᠡᠪᠡ᠃
      ᠾᠸᠪᠸᠢ ᠮᠤᠵᠢ ᠵᠢᠨ ᠹᠦ᠋ ᠫᠢᠩ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠯᠢᠦ ᠵᠢᠩ᠂ ᠵᠧᠵᠢᠶᠠᠩ ᠮᠤᠵᠢ ᠵᠢᠨ ᠠᠨ ᠵᠢᠶ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠱᠸᠨ ᠮᠢᠩ ᠴᠢᠤᠸᠠᠨ᠂ ᠬᠤᠪᠸᠢ ᠮᠤᠵᠢ ᠵᠢᠨ ᠦᠬᠠᠨ ᠬᠣᠲᠠ ᠵᠢᠨ ᠬᠤᠸᠠᠩ ᠫᠢ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠽᠸᠩ ᠱᠧᠩ᠂ ᠰᠸᠴᠤᠸᠠᠨ ᠮᠤᠵᠢ ᠵᠢᠨ ᠷᠦᠸᠸ ᠡᠯ ᠭᠠᠶ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠽᠸ ᠡᠯ ᠳ᠋ᠸᠩ᠂ ᠭᠠᠨᠰᠦ ᠮᠤᠵᠢ ᠵᠢᠨ ᠳ᠋ᠦᠩᠰᠢᠶᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠮᠠ ᠰᠢᠤ ᠯᠠᠨ ᠬᠤᠷᠠᠯ ᠳᠡᠭᠡᠷ᠎ᠡ ᠲᠤᠰ ᠲᠤᠰ ᠦᠭᠡ ᠬᠡᠯᠡᠵᠡᠶ᠃
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠶᠡᠬᠡ᠎ᠪᠠᠷ ᠰᠣᠩᠭᠣᠨ ᠱᠤᠭᠤᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠰᠢᠨ᠎ᠡ ᠴᠠᠭ ᠦᠶ᠎ᠡ᠎ᠳᠤ ᠨᠠᠩ ᠰᠠᠶ᠋ᠢᠲᠤᠷ ᠲᠡᠮᠡᠴᠡᠬᠦ᠂ ᠰᠢᠨ᠎ᠡ ᠠᠶᠠᠨ᠎ᠳᠤ ᠡᠷᠡᠮᠡᠭᠡᠢ᠍ᠢ᠍ᠯᠡᠨ ᠤᠷᠤᠭᠰᠢᠯᠠᠬᠤ ᠵᠢ ᠵᠣᠷᠢᠭᠵᠢᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶᠠᠨ᠎ᠤ ᠵᠥᠪᠰᠢᠶᠡᠷᠡᠯ ᠵᠶ᠋ᠠᠷ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠰᠢᠶᠠᠨ (ᠬᠣᠲᠠ᠂ ᠲᠣᠭᠣᠷᠢᠭ᠂ ᠬᠣᠰᠢᠭᠤ)᠎ᠤ ᠨᠠᠮ᠎ᠤᠨ ᠬᠣᠷᠢᠶᠠᠨ᠎ᠤ ᠱᠦᠵᠢ ᠵᠢᠨ ᠠᠵᠢᠯ᠎ᠤᠨ ᠪᠠᠶ᠋ᠢᠷᠢ ᠳᠡᠭᠡᠷ᠎ᠡ ᠰᠢᠯᠢᠳᠡᠭ ᠬᠢᠷᠢ ᠪᠦᠲᠦᠮᠵᠢ ᠣᠯᠤᠭᠰᠠᠨ 103 ᠨᠥᠬᠥᠳ᠎ᠲᠤ ᠪᠥᠬᠥ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠵᠢᠨ ᠴᠣᠯᠠ ᠣᠯᠭᠣᠬᠤ᠎ᠪᠠᠷ ᠲᠣᠭᠲᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠰᠢ ᠵᠢᠨ ᠫᠢᠩ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠲᠠᠢ ᠲᠦᠷᠦᠭᠦᠴᠦᠳ᠎ᠤᠨ ᠸᠢᠳᠢᠣ᠋ ᠬᠤᠷᠠᠯ ᠬᠤᠷᠠᠯᠳᠤᠭᠤᠯᠪᠠ
 
            