ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠨᠡᠶ᠋ᠢᠲᠡᠯᠡᠭᠰᠡᠨ ᠴᠠᠭ᠄ 2021-06-30

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ  ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ    ᠰᠢ ᠵᠢᠨ ᠫᠢᠩ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠤ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ   ᠪᠦᠬᠦ ᠤᠯᠤᠰ᠎ᠤᠨ 《ᠬᠤᠶᠠᠷ ᠰᠢᠯᠢᠳᠡᠭ ᠨᠢᠬᠡ ᠲᠡᠷᠢᠬᠦᠨ》 ᠵᠶ᠋ᠠᠷ ᠬᠦᠬᠢᠬᠦᠯᠦᠭᠳᠡᠨ ᠰᠠᠢ᠍ᠢ᠍ᠰᠢᠶᠠᠬᠳᠠᠬᠰᠠᠨ ᠬᠦᠮᠤᠰ᠎ᠲᠠᠢ ᠠᠭᠤᠯᠵᠠᠵᠠᠢ   ᠯᠢ ᠺᠸ ᠴᠢᠶᠠᠩ  ᠯᠢ ᠵᠠᠨ ᠱᠤ᠌  ᠸᠠᠩ ᠶᠠᠩ  ᠸᠠᠩ ᠬᠤ᠌ ᠨᠢᠩ  ᠵᠤᠤ ᠯᠸ ᠵᠢᠢ  ᠬᠠᠨ ᠵᠸᠩ  ᠸᠠᠩ ᠴᠢ ᠱᠠᠨ ᠠᠵᠢᠯᠯᠠᠭ᠎ᠠ᠎ᠳᠤ ᠤᠷᠤᠯᠴᠠᠵᠠᠢ


      ᠭᠠᠪᠢᠶ᠎ᠠ ᠵᠢᠳᠬᠦᠯ᠎ᠲᠠᠢ ᠵᠢᠱ᠌ᠢᠶᠡᠴᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠭᠤᠤ ᠶᠡᠬᠡ ᠰᠡᠷᠭᠦᠨ ᠮᠠᠨᠳᠤᠯᠲᠠ ᠵᠢᠨ ᠠᠶᠠᠨ᠎ᠳᠠᠭᠠᠨ ᠡᠷᠡᠯᠬᠡᠭᠯᠡᠨ ᠤᠷᠤᠭᠰᠢᠯᠠᠰᠤᠭ᠋ᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ 29᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭ᠋ᠠᠯ ᠲᠢᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠤ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠵᠢᠨ ᠫᠢᠩ᠂ ᠵᠠᠭᠤᠨ ᠵᠢᠯ᠎ᠤᠨ ᠲᠤᠷᠰᠢ᠂ ᠦᠶ᠎ᠡ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢ ᠲᠡᠮᠡᠴᠡᠨ ᠤᠯᠬᠤ᠂ ᠤᠯᠤᠰ ᠭᠦᠷᠦᠨ᠎ᠤ ᠪᠠᠶᠠᠵᠢᠯ ᠬᠦᠴᠦᠷᠬᠡᠭᠵᠢᠯ ᠪᠠ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ ᠵᠢᠨ ᠲᠥᠯᠥᠭᠡ᠂ ᠬᠤᠢ᠍ᠢ᠍ᠨ᠎ᠠ ᠬᠤᠢ᠍ᠢ᠍ᠨ᠎ᠠ᠎ᠠᠴᠠ᠎ᠪᠠᠨ ᠲᠡᠮᠡᠴᠡᠵᠦ᠂ ᠴᠢᠰᠤ ᠤᠷᠤᠰᠬᠠᠨ ᠪᠠᠶ᠋ᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠭᠣᠶᠠᠴᠢ ᠦᠭᠡᠢ ᠵᠢᠳᠬᠦᠵᠦ᠂ ᠠᠭᠤᠯᠠ ᠵᠢ ᠳᠣᠩᠰᠣᠯᠭ᠋ᠠᠵᠤ ᠮᠦᠷᠡᠨ᠎ᠢ ᠴᠠᠯᠬᠢᠭᠤᠯᠤᠬᠰᠠᠨ ᠪᠠᠭ᠋ᠠᠲᠤᠷᠯᠢᠭ ᠳᠠᠭᠤᠯᠠᠯ᠎ᠢ ᠪᠢᠴᠢᠭᠯᠡᠭᠰᠡᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠵᠦ ᠪᠠᠢ᠍ᠢ᠍ᠭ᠎ᠠ ᠲᠠᠰᠢᠷᠠᠮ᠎ᠳᠤ᠂ ᠪᠢᠳᠡ ᠡᠨᠳᠡ ᠦᠪᠡᠳᠡᠭᠰᠢ ᠶᠡᠬᠡ᠎ᠪᠠᠷ ᠶᠣᠰᠣᠯᠠᠯ ᠶᠠᠪᠤᠭᠤᠯᠵᠤ᠂ ᠨᠠᠮ᠎ᠤᠨ ᠳᠣᠲᠣᠭ᠋ᠠᠳᠤ ᠵᠢᠨ ᠬᠠᠮᠤᠭ᠎ᠤᠨ ᠳᠡᠭᠡᠳᠦ ᠢᠷᠠᠭᠤ ᠠᠯᠳᠠᠷ᠎ᠢ ᠨᠠᠮ ᠪᠠ ᠠᠷᠠᠳ ᠲᠦᠮᠡᠨ᠎ᠳᠤ ᠭᠠᠷᠮᠠᠭ᠋ᠠᠢ ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ᠎ᠤᠨ ᠭᠡᠰᠢᠭᠦᠨ᠎ᠳᠤ ᠣᠯᠭᠣᠵᠦ ᠪᠠᠢ᠍ᠢ᠍ᠨ᠎ᠠ ᠭᠡᠵᠦ ᠴᠢᠬᠤᠯᠠᠴᠢᠯᠠᠪᠠ᠃


2-1.jpg


      6 ᠰᠠᠷ᠎ᠠ ᠵᠢᠨ 29᠎ᠤ ᠡᠳᠤᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭ᠋ᠠᠯ ᠲᠢᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠤ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠳ᠋ᠢᠩ ᠯᠢᠨ ᠰᠡᠬᠦᠳᠡᠷᠯᠡᠪᠡ


      ᠰᠢ ᠵᠢᠨ ᠫᠢᠩ᠂ 《7 · 1᠎ᠤ ᠭᠠᠪᠢᠶᠠᠨ ᠲᠡᠮᠳᠡᠭ》 ᠬᠦᠷᠲᠡᠭᠰᠡᠳ ᠪᠣᠯ ᠴᠥᠮ ᠠᠷᠠᠳ ᠲᠦᠮᠡᠨ᠎ᠤ ᠳᠤᠮᠳᠠ᠎ᠠᠴᠠ ᠢᠷᠡᠵᠦ᠂ ᠠᠷᠠᠳ ᠲᠦᠮᠡᠨ᠎ᠤ ᠳᠤᠮᠳᠠ ᠦᠨᠳᠦᠰᠦᠯᠡᠭᠰᠡᠨ᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠦᠭᠡ ᠳᠠᠭᠤᠨ ᠦᠭᠡᠢ᠎ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ᠎ᠤᠨ ᠪᠠᠭ᠋ᠠᠲᠤᠷ ᠮᠥᠨ᠃ ᠲᠡᠳᠡ ᠨᠡᠷ᠎ᠤᠨ ᠦᠢ᠍ᠯᠡ ᠠᠵᠢᠯᠯᠠᠭ᠎ᠠ᠎ᠠᠴᠠ᠎ᠲᠠᠭᠠᠨ ᠰᠤᠷᠤᠯᠴᠠᠵᠤ ᠦᠢ᠍ᠯᠡᠳᠤᠯᠭᠡᠵᠢᠬᠦᠯᠵᠦ᠂ ᠲᠡᠳᠡ ᠨᠠᠷ᠎ᠤᠨ ᠵᠣᠷᠢᠭ ᠰᠠᠨᠠᠭ᠎ᠠ ᠵᠢ ᠰᠤᠷᠤᠯᠴᠠᠭᠤᠰᠢᠳᠠᠢ ᠶᠤᠮ᠃ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠲᠡᠮᠡᠴᠡᠯ᠎ᠤᠨ ᠵᠣᠷᠢᠭ ᠵᠶ᠋ᠠᠨ ᠪᠠᠲᠤᠳᠬᠠᠵᠤ᠂ ᠬᠠᠳᠠᠨ ᠵᠣᠷᠢᠭ ᠵᠶ᠋ᠠᠨ ᠪᠠᠲᠤᠳᠬᠠᠵᠤ᠂ ᠡᠩ᠎ᠤᠨ ᠦᠶ᠎ᠡ᠎ᠳᠤ ᠦᠵᠡᠵᠦ ᠭᠠᠷᠤᠨ᠂ ᠵᠠᠩᠭᠢᠯᠠᠭ᠎ᠠ ᠵᠢᠨ ᠦᠶ᠎ᠡ᠎ᠳᠤ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ᠎ᠲᠠᠢ ᠦᠶ᠎ᠡ᠎ᠳᠤ ᠠᠮᠢ ᠴᠦᠯᠡᠨ ᠲᠡᠮᠡᠴᠡᠪᠡᠯ᠂ ᠨᠠᠮ᠎ᠤᠨ ᠭᠡᠰᠢᠭᠦᠨ ᠨᠢᠭᠡᠪᠦᠷᠢ ᠴᠦᠮ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠳᠤᠮᠳᠠ ᠨᠠᠮ ᠪᠣᠯᠤᠨ ᠠᠷᠠᠳ ᠲᠦᠮᠡᠨ᠎ᠤ ᠲᠥᠯᠥᠭᠡ ᠭᠠᠪᠢᠶ᠎ᠠ ᠵᠢᠳᠬᠦᠯ ᠪᠠᠶ᠋ᠢᠭᠤᠯᠵᠤ ᠴᠢᠳᠠᠨ᠎ᠠ ᠭᠡᠳᠡᠭ᠎ᠢ ᠲᠡᠳᠡ ᠪᠣᠳᠠᠲᠤ ᠠᠵᠢᠯᠯᠠᠭ᠎ᠠ᠎ᠪᠠᠷ ᠵᠶ᠋ᠠᠨ ᠭᠡᠷᠡᠴᠢᠯᠡᠪᠡ ᠬᠡᠵᠤ ᠵᠢᠭ᠋ᠠᠵᠤ ᠭᠠᠷᠭ᠋ᠠᠪᠠ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠯᠢ ᠺᠸ ᠴᠢᠶᠠᠩ᠂ ᠯᠢ ᠵᠠᠨ ᠱᠤ᠌᠂ ᠸᠠᠩ ᠶᠠᠩ᠂ ᠵᠤᠤ ᠯᠸ ᠵᠢᠢ᠂ ᠬᠠᠨ ᠵᠧᠩ᠂ ᠤᠯᠤᠰ᠎ᠤᠨ ᠳᠡᠳ᠋ ᠲᠡᠷᠢᠭᠦᠯᠡᠭᠴᠢ ᠸᠠᠩ ᠴᠢ ᠱᠠᠨ ᠶᠣᠰᠣᠯᠠᠯ᠎ᠳᠤ ᠣᠷᠣᠯᠴᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠸᠠᠩ ᠬᠤ᠌ ᠨᠢᠩ ᠬᠤᠷᠠᠯ᠎ᠢ ᠡᠷᠬᠢᠯᠡᠪᠡ᠃


2-2.jpg


      6 ᠰᠠᠷ᠎ᠠ ᠵᠢᠨ 29᠎ᠤ ᠡᠳᠤᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭ᠋ᠠᠯ ᠲᠢᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ ᠵᠡᠷᠭᠡ ᠤᠳᠤᠷᠢᠳᠬᠤ ᠨᠦᠬᠦᠳ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠠᠢ ᠬᠠᠮᠳᠤ ᠵᠢᠨ ᠰᠡᠬᠦᠳᠡᠷ ᠳᠠᠳᠠᠭᠤᠯᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᠊ᠤᠤᠢ ᠰᠡᠬᠦᠳᠡᠷᠯᠡᠪᠡ


      8 ᠴᠠᠭ 45 ᠮᠢᠨᠦ᠋ᠲ᠎ᠲᠤ᠂ 《7 · 1᠎ᠤ ᠭᠠᠪᠢᠶᠠᠨ ᠲᠡᠮᠳᠡᠭ》 ᠬᠦᠷᠲᠡᠭᠰᠡᠳ ᠬᠠᠮᠲᠤ᠎ᠪᠠᠷ ᠶᠣᠰᠣᠯᠠᠯ᠎ᠤᠨ ᠲᠡᠷᠭᠡᠨ᠎ᠳᠤ ᠰᠠᠭᠤᠵᠤ᠂ ᠲᠥᠷᠥ ᠵᠢᠨ ᠵᠣᠴᠢᠳ᠎ᠢ ᠬᠠᠮᠠᠭ᠋ᠠᠯᠠᠬᠤ ᠠᠩᠭᠢ ᠵᠢᠨ ᠬᠠᠮᠠᠭ᠋ᠠᠯᠠᠯᠲᠠ᠎ᠲᠠᠢ᠎ᠪᠠᠷ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠥᠷᠪᠡ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠤ ᠭᠠᠳᠠᠨ᠎ᠠ᠂ ᠤᠯᠠᠭ᠋ᠠᠨ ᠲᠤᠭ᠎ᠢ ᠥᠨᠳᠥᠷ ᠡᠷᠭᠦᠭᠰᠡᠨ ᠶᠣᠰᠣᠯᠠᠯ᠎ᠤᠨ ᠴᠡᠷᠢᠭ ᠵᠠᠮ᠎ᠤᠨ ᠬᠣᠶᠠᠷ ᠲᠠᠯ᠎ᠠ᠎ᠳᠤ ᠵᠢᠭᠰᠠᠵᠤ᠂ 18 ᠶᠣᠰᠣᠯᠠᠯ᠎ᠤᠨ ᠴᠡᠷᠢᠭ ᠶᠡᠨᠳᠡᠷ ᠳᠡᠭᠡᠷ᠎ᠡ ᠫᠤᠤ ᠠᠳᠬᠤᠨ ᠵᠣᠭᠰᠣᠵᠤ᠂ ᠵᠠᠯᠠᠭᠤᠴᠤᠳ ᠪᠠᠭ᠋ᠠᠴᠤᠳ ᠪᠠᠶᠠᠷᠯᠠᠨ ᠤᠷᠠᠶ᠋ᠢᠯᠠᠵᠤ ᠮᠡᠨᠳᠦᠴᠢᠯᠡᠯ ᠳᠡᠪᠰᠢᠭᠦᠯᠪᠡ᠃ 《7 · 1᠎ᠤ ᠭᠠᠪᠢᠶᠠᠨ ᠲᠡᠮᠳᠡᠭ》 ᠬᠦᠷᠲᠡᠭᠰᠡᠳ ᠤᠯᠠᠭ᠋ᠠᠨ ᠬᠡᠪᠢᠰ ᠲᠠᠭ᠋ᠠᠤ ᠱᠠᠲᠤ᠎ᠪᠠᠷ ᠠᠯᠬᠤᠨ ᠭᠠᠷᠴᠤ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡ᠎ᠪᠠᠷ ᠣᠷᠣᠪᠠ᠃ ᠨᠠᠮ ᠪᠣᠯᠤᠨ ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠶ᠋ᠢᠰᠢᠶᠠᠬᠤ ᠠᠵᠢᠯ᠎ᠤᠨ ᠵᠥᠪᠯᠡᠯ᠎ᠤᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠠᠮᠲᠤ᠎ᠪᠠᠷ ᠲᠡᠳᠡᠨᠤᠰ᠎ᠢ ᠤᠭᠲᠤᠪᠠ᠃


2-3.jpg


      6 ᠰᠠᠷ᠎ᠠ ᠵᠢᠨ 29᠎ᠤ ᠡᠳᠤᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭ᠋ᠠᠯ ᠲᠢᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ ᠵᠡᠷᠭᠡ ᠤᠳᠤᠷᠢᠳᠬᠤ ᠨᠥᠬᠦᠳ ᠭᠠᠪᠢᠶᠠᠨ ᠳᠡᠮᠳᠡᠭ ᠤᠯᠭᠤᠬᠤ ᠶᠤᠰᠤᠯᠠᠯ᠎ᠤᠨ ᠡᠮᠦᠨ᠎ᠡ ᠪᠦᠬᠦ ᠤᠯᠤᠰ᠎ᠤᠨ 《ᠬᠤᠶᠠᠷ ᠰᠢᠯᠢᠳᠡᠭ ᠨᠢᠬᠡ ᠲᠡᠷᠢᠬᠦᠨ》 ᠵᠶ᠋ᠠᠷ ᠬᠦᠬᠢᠬᠦᠯᠦᠭᠳᠡᠨ ᠰᠠᠢ᠍ᠢ᠍ᠰᠢᠶᠠᠬᠳᠠᠬᠰᠠᠨ ᠬᠦᠮᠦᠰ᠎ᠲᠠᠢ ᠠᠭᠤᠯᠵᠠᠵᠠᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠱᠸᠨ ᠬᠤᠩ ᠰᠡᠬᠦᠳᠡᠷᠯᠡᠪᠡ


      ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠭᠤᠷᠪᠠᠳᠤᠭ᠋ᠠᠷ ᠳᠠᠪᠬᠤᠷᠯᠢᠭ᠎ᠤᠨ ᠠᠯᠳᠠᠨ ᠰᠢᠷᠭ᠋ᠠᠯ ᠲᠢᠩᠬᠢᠮ᠎ᠳᠤ ᠠᠭᠤᠷ ᠠᠮᠢᠰᠬᠤᠯ ᠲᠦᠪ ᠬᠢᠴᠢᠶᠡᠩᠬᠦᠢ ᠪᠦᠭᠡᠳ ᠬᠦᠷ ᠬᠦᠭᠵᠢᠶᠠᠨᠳᠠᠢ ᠪᠠᠢ᠍ᠢ᠍ᠯ᠎ᠠ᠃ ᠤᠯᠠᠭ᠋ᠠᠨ ᠦᠩᠭᠡ ᠵᠢᠨ ᠠᠷᠤ ᠦᠵᠡᠭᠳᠡᠯ᠎ᠤᠨ ᠲᠤᠮᠤ ᠬᠠᠪᠲᠠᠰᠤᠨ ᠳᠡᠭᠡᠷ᠎ᠡ᠂ 《7 · 1᠎ᠤ ᠭᠠᠪᠢᠶᠠᠨ ᠲᠡᠮᠳᠡᠭ》᠎ᠤᠨ ᠵᠢᠷᠤᠭ ᠬᠢᠯᠪᠠᠭ᠎ᠠ ᠰᠠᠴᠤᠷᠠᠨ ᠬᠠᠷᠠᠬᠳᠠᠨ᠎ᠠ᠃ ᠠᠷᠤ ᠦᠵᠡᠭᠳᠡᠯ᠎ᠤᠨ ᠬᠠᠪᠲᠠᠰᠤᠨ᠎ᠤ ᠡᠮᠦᠨ᠎ᠡ᠂ 18 ᠬᠤᠷᠴᠠ ᠤᠯᠠᠭ᠋ᠠᠨ ᠲᠤᠭ᠎ᠢ ᠬᠣᠶᠠᠷ ᠲᠠᠯ᠎ᠠ᠎ᠪᠠᠷ᠎ᠨᠢ ᠵᠢᠭᠰᠠᠭ᠋ᠠᠵᠤ᠂ ᠴᠢᠯᠥᠭᠡᠯᠡᠬᠦ ᠴᠡᠷᠢᠭ᠎ᠤᠨ ᠶᠣᠰᠣᠯᠠᠯ᠎ᠤᠨ ᠠᠩᠬᠢ ᠵᠢᠨ 18 ᠵᠢᠪᠬᠤᠭ᠋ᠠᠳᠤ ᠲᠦᠷᠢ᠎ᠲᠠᠢ ᠶᠣᠰᠣᠯᠠᠯ᠎ᠤᠨ ᠴᠡᠷᠢᠭ ᠭᠠᠪᠢᠶᠠᠨ ᠲᠠᠮᠳᠡᠭ ᠣᠯᠭᠣᠬᠤ ᠲᠠᠶ᠋ᠢᠰᠠᠨ᠎ᠤ ᠬᠣᠶᠠᠷ ᠲᠠᠯ᠎ᠠ᠎ᠪᠠᠷ ᠫᠤᠤ ᠠᠳᠬᠤᠨ ᠵᠣᠭᠰᠣᠪᠠ᠃
      9 ᠴᠠᠭ 58 ᠮᠢᠨᠦ᠋ᠲ᠎ᠲᠤ᠂ ᠪᠠᠶᠠᠷ ᠪᠠᠶᠠᠰᠬᠤᠯᠠᠩᠲᠤ ᠬᠥᠭᠵᠢᠮ᠎ᠤᠨ ᠠᠶᠠᠰ ᠳᠤᠮᠳᠠ᠂ ᠰᠢ ᠵᠢᠨ ᠫᠢᠩ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠠᠢ ᠬᠠᠮᠲᠤ ᠬᠤᠷᠠᠯ᠎ᠤᠨ ᠲᠠᠯᠠᠪᠠᠶ᠎ᠳᠤ ᠠᠯᠬᠤᠨ ᠣᠷᠣᠬᠤ᠎ᠳᠤ ᠲᠠᠯᠠᠪᠠᠶ ᠳᠠᠶᠠᠭ᠋ᠠᠷ ᠵᠶ᠋ᠠᠨ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠡᠰᠢᠵᠠᠭ᠋ᠠᠪᠡ᠃
      10 ᠴᠠᠭ᠎ᠲᠤ᠂ ᠴᠢᠯᠥᠭᠡᠯᠡᠬᠦ ᠴᠡᠷᠢᠭ᠎ᠤᠨ ᠴᠡᠷᠢᠭ᠎ᠤᠨ ᠬᠥᠭᠵᠢᠮ᠎ᠤᠨ ᠪᠦᠯᠬᠦᠮ᠎ᠤᠨ ᠪᠦᠷᠢᠶᠡᠴᠢᠳ ᠶᠣᠰᠣᠯᠠᠯ᠎ᠤᠨ ᠪᠦᠷᠢᠶ᠎ᠡ ᠦᠯᠢᠶᠡᠵᠦ᠂ ᠭᠠᠪᠢᠶᠠᠨ ᠳᠡᠮᠳᠡᠭ ᠣᠯᠭᠣᠬᠤ ᠶᠣᠰᠣᠯᠠᠯ ᠡᠬᠢᠯᠡᠪᠡ᠃ ᠲᠠᠷᠠᠭ᠎ᠠ᠎ᠨᠢ᠂ 《ᠵᠢᠷᠤᠮ᠎ᠤᠨ ᠴᠡᠷᠢᠭ᠎ᠤᠨ ᠤᠷᠤᠭᠰᠢᠯᠠᠯᠲᠠ ᠵᠢᠨ ᠬᠥᠭᠵᠢᠮ》᠎ᠢ ᠬᠥᠭᠵᠢᠮᠳᠡᠵᠦ᠂ ᠲᠠᠯᠠᠪᠠᠢ ᠳᠠᠶᠠᠭ᠋ᠠᠷ ᠵᠶ᠋ᠠᠨ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠯ᠎ᠠ᠃
      ᠸᠠᠩ ᠬᠤ᠌ ᠨᠢᠩ 《〈7 · 1᠎ᠤ ᠭᠠᠪᠢᠶᠠᠨ ᠲᠡᠮᠳᠡᠭ〉᠎ᠢ ᠣᠯᠭᠣᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃ ᠲᠣᠭᠲᠠᠭ᠋ᠠᠯ᠎ᠳᠤ᠂ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠴᠠᠭ ᠦᠶ᠎ᠡ᠎ᠳᠤ᠂ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠨᠠᠰᠤᠨ ᠲᠤᠷᠰᠢᠳᠠ ᠴᠥᠬᠥᠷᠡᠰᠢ ᠦᠭᠡᠢ ᠵᠢᠳᠬᠦᠭᠰᠡᠨ᠂ ᠦᠭᠡ ᠳᠠᠭᠤᠨ ᠦᠭᠡᠢ ᠬᠤᠪᠢ ᠨᠡᠮᠡᠷᠢ ᠦᠵᠡᠭᠦᠯᠦᠭᠰᠡᠨ᠂ ᠬᠤᠪᠢ ᠨᠡᠮᠡᠷᠢ ᠲᠤᠪᠤᠢ᠍ᠢ᠍ᠮ᠎ᠠ᠂ ᠵᠠᠩ ᠮᠣᠷᠠᠯ ᠡᠷᠬᠢᠮ ᠳᠡᠭᠡᠳᠦ ᠭᠠᠪᠢᠶ᠎ᠠ ᠵᠢᠳᠬᠦᠯ᠎ᠲᠠᠢ ᠵᠢᠱ᠌ᠢᠶᠡᠴᠢ ᠨᠠᠮ᠎ᠤᠨ ᠭᠡᠰᠢᠭᠦᠨ᠎ᠢ ᠦᠪᠡᠳᠡᠭᠰᠢ ᠶᠡᠬᠡ᠎ᠪᠠᠷ ᠬᠥᠬᠢᠭᠦᠯᠦᠨ ᠰᠠᠶ᠋ᠢᠰᠢᠶᠠᠵᠤ᠂ ᠪᠦᠬᠦ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠎ᠠᠴᠠ ᠮᠠ ᠮᠤᠤ ᠵᠢᠶᠸ ᠵᠡᠷᠭᠡ 29 ᠨᠥᠬᠥᠷ᠎ᠲᠤ 《7 · 1᠎ᠤ ᠭᠠᠪᠢᠶᠠᠨ ᠲᠡᠮᠳᠡᠭ》 ᠣᠯᠭᠣᠬᠤ᠎ᠪᠠᠷ ᠲᠣᠭᠲᠠᠪᠠ ᠬᠡᠵᠤ ᠵᠢᠭ᠋ᠠᠵᠤ ᠭᠠᠷᠭ᠋ᠠᠵᠠᠢ᠃ (ᠲᠤᠭᠲᠠᠭ᠋ᠠᠯ᠎ᠤᠨ ᠪᠥᠬᠦ ᠠᠭᠤᠯᠭ᠎ᠠ ᠵᠢ ᠠᠰᠳᠠᠭ᠋ᠠᠨ ᠨᠡᠢ᠍ᠢ᠍ᠲᠡᠯᠡᠨ᠎ᠡ)
      2 ᠲᠤᠭᠴᠢ ᠨᠠᠮ᠎ᠤᠨ ᠲᠤᠭ᠎ᠢ ᠥᠨᠳᠥᠷ ᠡᠷᠭᠦᠵᠦ᠂ 1 ᠶᠣᠰᠣᠯᠠᠯ᠎ᠤᠨ ᠴᠡᠷᠢᠭ 《7 · 1᠎ᠤ ᠭᠠᠪᠢᠶᠠᠨ ᠲᠡᠮᠳᠡᠭ》᠎ᠢ ᠡᠷᠭᠦᠨ᠂ ᠢᠳᠡᠷᠡᠭᠦᠨ ᠠᠯᠬᠤᠭ᠎ᠠ᠎ᠪᠠᠷ ᠶᠣᠰᠣᠯᠠᠯ᠎ᠤᠨ ᠠᠬᠤᠢ ᠲᠠᠯᠠᠪᠠᠢ᠎ᠳᠤ ᠤᠷᠤᠵᠤ ᠢᠷᠡᠪᠠ᠃
      ᠰᠦᠷ ᠵᠢᠪᠬᠤᠯᠠᠩᠲᠤ 《ᠦᠨᠡᠨᠴᠢ ᠰᠢᠳᠤᠷᠭᠤ ᠮᠠᠭᠲᠠᠭ᠋ᠠᠯ ᠳᠠᠭᠤᠤ》 ᠵᠢᠨ ᠬᠥᠭᠵᠢᠮ᠎ᠤᠨ ᠠᠶᠠᠰ ᠳᠤᠮᠳᠠ᠂ ᠰᠢ ᠵᠢᠨ ᠫᠢᠩ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠤ ᠭᠠᠪᠢᠶᠠᠨ ᠲᠡᠮᠳᠡᠭ ᠣᠯᠭᠣᠭᠰᠠᠨ ᠪᠥᠭᠡᠳ ᠲᠡᠳᠡᠨᠤᠰ᠎ᠲᠠᠢ ᠳᠣᠲᠣᠨᠣ᠎ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠵᠦ᠂ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ ᠭᠠᠪᠢᠶᠠᠨ ᠲᠡᠮᠳᠡᠭ ᠬᠦᠷᠲᠡᠭᠰᠡᠳ᠎ᠲᠤ ᠭᠤᠶᠤ ᠰᠠᠶ᠋ᠢᠬᠠᠨ ᠰᠣᠷᠭᠣᠭ ᠴᠡᠴᠡᠭ ᠬᠦᠷᠭᠡᠵᠦ ᠶᠣᠰᠣᠯᠠᠪᠠ᠃
      ᠲᠠᠯᠠᠪᠠᠢ ᠳᠠᠶᠠᠭ᠋ᠠᠷ᠎ᠤᠨ ᠬᠠᠯᠠᠭᠤᠨ ᠠᠯᠠᠭ᠎ᠠ ᠲᠠᠰᠢᠯᠳᠠ ᠵᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠂ ᠲᠡᠷᠡ ᠡᠩ ᠲᠡᠷᠢᠭᠦᠨ᠎ᠳᠤ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ 《7 · 1᠎ᠤ ᠭᠠᠪᠢᠶᠠᠨ ᠲᠡᠮᠳᠡᠭ》 ᠬᠦᠷᠳᠡᠭᠰᠡᠳ᠎ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ ᠵᠢᠨ ᠫᠢᠩ᠂ ᠡᠨᠡ ᠡᠳᠦᠷ ᠬᠥᠬᠢᠭᠦᠯᠦᠭᠳᠡᠨ ᠰᠠᠶ᠋ᠢᠰᠢᠶᠠᠭᠳᠠᠭᠰᠠᠨ 《7 · 1᠎ᠤ ᠭᠠᠪᠢᠶᠠᠨ ᠲᠡᠮᠳᠡᠭ》 ᠬᠦᠷᠲᠡᠭᠰᠡᠳ ᠪᠣᠯ ᠡᠯ᠎ᠡ ᠹᠷᠣᠨᠲ᠎ᠤᠨ ᠨᠠᠮ᠎ᠤᠨ ᠭᠡᠰᠢᠭᠦᠨ᠎ᠤ ᠳᠣᠲᠣᠷᠠᠬᠢ ᠰᠢᠯᠭ᠋ᠠᠷᠠᠭᠰᠠᠨ ᠲᠥᠯᠥᠭᠡᠯᠡᠭᠴᠢ ᠪᠣᠯᠤᠨ᠎ᠠ᠃ ᠲᠡᠳᠡᠨᠤᠰ᠎ᠤᠨ ᠪᠡᠶ᠎ᠡ ᠳᠡᠭᠡᠷ᠎ᠡ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ ᠵᠶ᠋ᠠᠨ ᠪᠠᠲᠤᠳᠬᠠᠬᠤ᠂ ᠵᠣᠷᠢᠯᠲᠠ᠎ᠪᠠᠨ ᠦᠢ᠍ᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠭᠣᠶᠠᠴᠢ ᠦᠭᠡᠢ ᠵᠢᠳᠬᠦᠬᠦ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠠᠮᠢᠳᠤᠯᠢᠭ ᠵᠶ᠋ᠠᠷ ᠢᠯᠡᠷᠡᠭᠰᠡᠨ ᠶᠤᠮ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠢᠲᠡᠭᠡᠯ ᠵᠣᠷᠢᠭ ᠵᠶ᠋ᠠᠨ ᠪᠠᠲᠤᠳᠬᠠᠬᠤ ᠭᠡᠳᠡᠭ᠎ᠨᠢ ᠳᠠᠷᠤᠢ ᠤᠭ ᠰᠠᠨᠠᠭ᠎ᠠ᠎ᠪᠠᠨ ᠦᠯᠦ ᠮᠠᠷᠲᠠᠵᠤ᠂ ᠢᠲᠡᠭᠡᠯ ᠵᠣᠷᠢᠭ ᠵᠶ᠋ᠠᠨ ᠦᠯᠦ ᠤᠮᠠᠷᠳᠠᠬᠤ ᠵᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ᠎ᠲᠠᠢ ᠬᠦᠰᠡᠯᠡᠩ ᠢᠲᠡᠭᠡᠯ ᠪᠢᠰᠢᠷᠡᠯ ᠵᠶ᠋ᠠᠷ᠂ ᠨᠠᠮ ᠪᠣᠯᠤᠨ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠰᠡᠳᠭᠢᠯ ᠵᠶ᠋ᠠᠷ᠂ ᠨᠠᠮ ᠪᠣᠯᠤᠨ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠪᠠᠶ᠋ᠢᠬᠤ ᠪᠠ ᠬᠠᠶ᠋ᠢᠷ᠎ᠠ ᠰᠡᠳᠬᠢᠯᠭᠡ᠎ᠲᠠᠢ ᠪᠠᠢ᠍ᠢ᠍ᠬᠤ᠎ᠪᠠᠨ ᠪᠠᠲᠤ ᠴᠡᠭᠡᠵᠢᠯᠡᠵᠦ᠂ ᠦᠢ᠍ᠯᠡ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠥᠪᠡᠷ᠎ᠤᠨ ᠠᠯᠢᠪᠠ᠎ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠵᠤ᠂ ᠨᠠᠮ᠎ᠤᠨ ᠬᠦᠰᠡᠯᠡᠩ ᠢᠲᠡᠭᠡᠯ ᠪᠢᠰᠢᠷᠡᠯ᠎ᠤᠨ ᠲᠥᠯᠥᠭᠡ ᠴᠥᠬᠥᠷᠡᠰᠢ ᠦᠭᠡᠢ ᠡᠷᠡᠰ ᠵᠶ᠋ᠠᠷ ᠲᠡᠮᠡᠴᠡᠬᠦ ᠶᠠᠪᠤᠳᠠᠯ ᠪᠣᠯᠤᠨ᠎ᠠ᠃ ᠪᠦᠬᠦ ᠨᠠᠮ᠎ᠤᠨ ᠨᠥᠬᠥᠳ ᠴᠥᠮ ᠮᠠᠷᠺᠰ᠎ᠤᠨ ᠦᠵᠡᠯ᠎ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠵᠣᠷᠢᠭ᠎ᠢ ᠨᠠᠰᠤᠨ ᠲᠤᠷᠰᠢᠳᠠ ᠵᠢᠨ ᠬᠥᠭᠡᠭᠡᠴᠡᠯᠳᠦᠯ ᠵᠶ᠋ᠠᠨ ᠪᠣᠯᠭ᠋ᠠᠵᠤ᠂ ᠨᠠᠮ ᠵᠶ᠋ᠠᠨ ᠢᠲᠡᠭᠡᠵᠦ ᠨᠠᠮ ᠵᠶ᠋ᠠᠨ ᠬᠠᠶ᠋ᠢᠷᠠᠯᠠᠵᠤ ᠨᠠᠮ᠎ᠤᠨ ᠲᠥᠯᠥᠭᠡ ᠵᠢᠳᠬᠦᠵᠦ᠂ ᠥᠪᠡᠷ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ᠎ᠤᠨ ᠲᠥᠯᠥᠭᠡ ᠲᠡᠮᠡᠴᠡᠬᠦ ᠦᠢ᠍ᠯᠡᠳᠦᠯᠭᠡ ᠵᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠵᠣᠷᠢᠯᠲᠠ᠎ᠪᠠᠨ ᠦᠢ᠍ᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ᠎ᠳᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ᠂ ᠰᠡᠳᠬᠢᠯ᠎ᠳᠡᠭᠡᠨ ᠠᠷᠠᠳ ᠲᠦᠮᠡᠨ᠎ᠢ ᠪᠤᠳᠤᠵᠤ᠂ ᠠᠷᠠᠳ ᠲᠦᠮᠡᠨ᠎ᠤ ᠲᠥᠯᠥᠭᠡ ᠠᠵᠢᠯᠯᠠᠵᠤ ᠵᠢᠳᠬᠦᠨ᠂ ᠤᠯᠠᠨ ᠲᠦᠮᠡᠨ᠎ᠤ ᠪᠤᠳᠤᠵᠤ ᠪᠠᠶ᠋ᠢᠭ᠎ᠠ ᠵᠦᠢ᠍ᠯ᠎ᠢ ᠪᠤᠳᠤᠵᠦ᠂ ᠤᠯᠠᠨ ᠲᠦᠮᠡᠨ᠎ᠤ ᠭᠠᠴᠢᠭᠳᠠᠵᠤ ᠪᠠᠶ᠋ᠢᠭ᠎ᠠ ᠵᠦᠢ᠍ᠯ᠎ᠳᠤ ᠰᠠᠨᠠᠭ᠋ᠠᠰᠢᠷᠠᠵᠤ᠂ ᠤᠯᠠᠨ ᠲᠦᠮᠡᠨ᠎ᠤ ᠬᠦᠴᠢᠷ ᠵᠣᠪᠠᠯᠠᠩ᠎ᠢ ᠰᠢᠢ᠍ᠳᠪᠦᠷᠢᠯᠡᠵᠦ᠂ ᠤᠯᠠᠨ ᠲᠦᠮᠡᠨ᠎ᠲᠠᠢ ᠨᠢᠭᠲᠠ ᠬᠠᠷᠢᠯᠴᠠᠵᠤ᠂ ᠤᠯᠠᠨ ᠲᠦᠮᠡᠨ᠎ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠠᠷᠠᠳ ᠲᠦᠮᠡᠨ᠎ᠳᠤ ᠪᠤᠶᠠᠨ ᠦᠢ᠍ᠯᠡᠳᠴᠦ᠂ ᠠᠷᠠᠳ ᠲᠦᠮᠡᠨ᠎ᠳᠤ ᠪᠤᠶᠠᠨ ᠦᠢ᠍ᠯᠡᠳᠬᠦ ᠪᠣᠳᠠᠲᠤ ᠠᠵᠢᠯᠯᠠᠭ᠎ᠠ᠎ᠪᠠᠷ ᠵᠶ᠋ᠠᠨ ᠡᠪ ᠬᠠᠮᠲᠤᠴᠤᠳ᠎ᠤᠨ 《ᠠᠮᠢ ᠪᠡᠶ᠎ᠡ᠎ᠪᠠᠨ ᠦᠯᠦ ᠪᠤᠳᠤᠵᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ》 ᠪᠠᠢ᠍ᠢ᠍ᠬᠤ ᠡᠷᠬᠢᠮ ᠳᠡᠭᠡᠳᠦ ᠬᠠᠶ᠋ᠢᠷ᠎ᠠ ᠰᠡᠳᠬᠢᠯᠭᠡ ᠵᠢ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ᠎ᠤᠨ ᠨᠥᠬᠥᠳ ᠴᠥᠮ ᠠᠷᠠᠳ ᠲᠦᠮᠡᠨ᠎ᠤ ᠲᠠᠯ᠎ᠠ᠎ᠳᠤ ᠵᠤᠭᠰᠤᠬᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠤᠯᠠᠨ ᠲᠦᠮᠡᠨ᠎ᠳᠤ ᠪᠣᠳᠠᠲᠤ ᠶᠠᠪᠤᠳᠠᠯ ᠰᠠᠢ᠍ᠢ᠍ᠨ ᠶᠠᠪᠤᠳᠠᠯ ᠬᠢᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠠᠷᠠᠳ ᠤᠯᠠᠨ᠎ᠯᠤᠭ᠎ᠠ ᠵᠢᠨ ᠴᠢᠰᠤ ᠮᠢᠬᠠᠨ᠎ᠤ ᠬᠠᠷᠢᠴᠠᠭ᠎ᠠ᠎ᠪᠠᠨ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠡᠷᠡᠮᠡᠬᠡᠢ᠍ᠢ᠍ᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ ᠤᠯᠤᠰ᠎ᠤᠨ ᠵᠶ᠋ᠠᠨ ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠮᠢᠳᠤᠷᠠᠬᠤᠢ ᠵᠢᠨ ᠬᠠᠷᠠᠯᠲᠠ ᠪᠣᠯᠭ᠋ᠠᠵᠤ᠂ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠵᠣᠷᠢᠭᠲᠠᠢ᠎ᠪᠠᠷ ᠠᠮᠢ ᠪᠡᠶ᠎ᠡ᠎ᠪᠠᠨ ᠦᠷᠡᠭᠳᠡᠭᠦᠯᠵᠦ᠂ ᠰᠢᠷᠭ᠋ᠠᠭᠤ ᠠᠵᠢᠯᠯᠠᠵᠤ ᠪᠣᠳᠠᠲᠠᠢ ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ ᠬᠠᠮᠲᠤᠴᠤᠳ᠎ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ᠎ᠤᠨ ᠨᠥᠬᠥᠳ ᠴᠥᠮ 《ᠪᠡᠷᠬᠡ ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ》 ᠪᠠᠭ᠋ᠠᠲᠤᠷᠯᠢᠭ ᠵᠤᠷᠢᠭ ᠰᠠᠨᠠᠭ᠎ᠠ ᠵᠢ ᠪᠠᠷᠢᠮᠲᠠᠯᠠᠨ᠂ 《ᠲᠡᠭᠷᠢ ᠭᠠᠵᠠᠷ᠎ᠢ ᠳᠤᠨᠭ᠌ᠰᠤᠯᠭ᠋ᠠᠬᠤ ᠰᠢᠨ᠎ᠡ ᠬᠤᠪᠢᠷᠠᠯᠲᠠ ᠭᠠᠷᠭ᠋ᠠᠬᠤ》 ᠣᠮᠣᠭ ᠪᠠᠳᠠᠷᠠᠩᠭᠤᠢ ᠲᠡᠮᠡᠴᠡᠯ᠎ᠤᠨ ᠵᠣᠷᠢᠭ ᠵᠶ᠋ᠠᠨ ᠪᠠᠳᠠᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠵᠢ ᠴᠢᠷᠮᠠᠶ᠋ᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠪᠣᠯ ᠳᠠᠷᠤᠢ ᠡᠪ ᠬᠠᠮᠲᠤᠴᠤᠳ᠎ᠤᠨ ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶ᠋ᠢᠲᠡ ᠵᠢᠨ ᠲᠥᠯᠥᠭᠡ ᠬᠤᠪᠢ ᠪᠡᠶ᠎ᠡ᠎ᠪᠠᠨ ᠤᠮᠠᠷᠳᠠᠬᠤ ᠦᠨᠭᠭᠡ ᠭᠡᠷᠡᠯᠲᠦ ᠤᠯᠠᠮᠵᠢᠯᠠᠯ ᠵᠶ᠋ᠠᠨ ᠪᠠᠷᠢᠮᠲᠠᠯᠠᠵᠤ᠂ ᠶᠡᠷᠦ᠎ᠠᠴᠠ ᠭᠠᠪᠢᠶ᠎ᠠ᠎ᠳᠠᠭᠠᠨ ᠡᠷᠳᠦᠬᠦ ᠦᠭᠡᠢ᠂ ᠬᠤᠪᠢ ᠬᠥᠮᠦᠨ᠎ᠤ ᠣᠯᠵᠤ ᠠᠯᠳᠠᠬᠤ ᠵᠢ ᠬᠠᠶ᠋ᠢᠬᠤᠷᠬᠤ ᠦᠭᠡᠢ᠂ ᠵᠢᠷᠭ᠋ᠠᠯ ᠴᠡᠩᠭᠡᠯ᠎ᠢ ᠬᠥᠭᠡᠭᠡᠴᠡᠯᠳᠦᠬᠦ ᠦᠭᠡᠢ᠂ ᠰᠠᠬᠢᠯᠭ᠎ᠠ ᠪᠠᠲᠤ ᠵᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ ᠵᠢ ᠪᠠᠷᠢᠮᠲᠠᠯᠠᠵᠤ᠂ ᠡᠪ ᠬᠠᠮᠲᠤᠴᠤᠳ᠎ᠤᠨ ᠪᠠᠶ᠋ᠢᠪᠠᠰᠤ ᠵᠣᠬᠢᠬᠤ ᠶᠣᠰᠣ ᠰᠤᠷᠲᠠᠬᠤᠨ᠎ᠤ ᠬᠡᠪ ᠰᠤᠷᠲᠠᠯ᠎ᠢ ᠠᠮᠢᠳᠤᠯᠢᠭ ᠵᠶ᠋ᠠᠷ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ᠎ᠤᠨ ᠨᠥᠬᠥᠳ ᠴᠥᠮ ᠶᠡᠬᠡ ᠶᠣᠰᠣ ᠵᠢ ᠮᠡᠳᠡᠵᠦ᠂ ᠨᠡᠶ᠋ᠢᠲᠡ ᠵᠢᠨ ᠶᠣᠰᠣ ᠮᠣᠷᠠᠯ᠎ᠢ ᠰᠠᠬᠢᠵᠤ᠂ ᠬᠤᠪᠢ ᠵᠢᠨ ᠶᠣᠰᠣ ᠰᠤᠷᠲᠠᠬᠤᠨ ᠵᠶ᠋ᠠᠨ ᠴᠢᠩᠳᠠᠯᠠᠨ᠂ ᠠᠷᠢᠭᠤᠨ ᠴᠢᠬᠡᠴᠢ᠎ᠪᠠᠷ ᠬᠥᠮᠦᠨ ᠪᠤᠯᠵᠤ᠂ ᠠᠷᠢᠭᠤᠨ ᠴᠢᠬᠡᠴᠢ᠎ᠪᠠᠷ ᠠᠵᠢᠯ ᠶᠠᠪᠤᠳᠠᠯ ᠬᠢᠵᠦ᠂ ᠬᠤᠪᠢ ᠵᠢᠨ ᠠᠰᠢᠭ ᠵᠶ᠋ᠠᠨ ᠲᠡᠪᠴᠢᠨ ᠨᠡᠶ᠋ᠢᠲᠡ ᠵᠢᠨ ᠲᠥᠯᠥᠭᠡ ᠵᠢᠳᠬᠦᠵᠦ᠂ ᠠᠵᠢᠯᠴᠢ ᠠᠷᠪᠢᠴᠢ᠎ᠪᠠᠷ ᠪᠡᠶ᠎ᠡ᠎ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠰᠢᠨ᠎ᠡ ᠴᠠᠭ ᠦᠶ᠎ᠡ ᠪᠣᠯ ᠪᠠᠭ᠋ᠠᠲᠤᠷᠴᠤᠳ᠎ᠢ ᠬᠡᠷᠡᠭᠰᠡᠬᠦ ᠪᠥᠭᠡᠳ ᠯᠠᠪᠳᠠᠢ ᠪᠠᠭ᠋ᠠᠲᠤᠷᠴᠤᠳ ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠴᠠᠭ ᠦᠶ᠎ᠡ ᠵᠢᠨ ᠬᠣᠰᠢᠭᠤᠴᠢ᠂ ᠦᠨᠳᠦᠰᠦᠲᠡᠨ᠎ᠤ ᠨᠢᠷᠤᠭᠤ ᠲᠤᠯᠭ᠋ᠠᠭᠤᠷᠢ ᠪᠣᠯᠤᠶ᠎ᠠ ᠭᠡᠪᠡᠯ᠂ ᠨᠠᠮ᠎ᠤᠨ ᠭᠡᠰᠢᠭᠦᠨ᠎ᠤ ᠡᠩᠨᠡᠭᠡ ᠡᠷᠬᠡᠪᠰᠢ ᠪᠠᠲᠤ ᠴᠢᠩᠭ᠎ᠠ ᠪᠠᠶ᠋ᠢᠬᠤ ᠬᠡᠷᠡᠭᠲᠡᠢ᠃ ᠬᠥᠬᠢᠭᠦᠯᠦᠨ ᠰᠠᠶ᠋ᠢᠰᠢᠶᠠᠭᠳᠠᠭᠰᠠᠨ ᠨᠥᠬᠥᠳ ᠢᠷᠠᠭᠤ ᠠᠯᠳᠠᠷ ᠵᠶ᠋ᠠᠨ ᠨᠠᠨᠳᠢᠩᠨᠠᠨ᠂ ᠠᠮᠵᠢᠯᠲᠠ ᠪᠦᠲᠦᠮᠵᠢ᠎ᠪᠠᠨ ᠪᠠᠳᠠᠷᠠᠭᠤᠯᠵᠤ᠂ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ ᠵᠢ ᠬᠦᠰᠡᠵᠦ ᠪᠠᠶ᠋ᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠠᠵᠢᠯ ᠠᠮᠢᠳᠤᠷᠠᠯ᠎ᠤᠨ ᠲᠠᠯ᠎ᠠ᠎ᠪᠠᠷ ᠭᠠᠪᠢᠶ᠎ᠠ ᠵᠢᠳᠭᠦᠯᠲᠦ ᠨᠠᠮ᠎ᠤᠨ ᠭᠡᠰᠢᠭᠦᠨ᠎ᠢ ᠬᠠᠯᠠᠮᠵᠢᠯᠠᠨ ᠬᠠᠶ᠋ᠢᠷᠠᠯᠠᠵᠤ᠂ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠤᠨ ᠰᠡᠳᠬᠢᠯ ᠬᠥᠳᠡᠯᠭᠡᠮ᠎ᠡ ᠦᠢ᠍ᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ᠎ᠢ ᠬᠦᠴᠦᠯᠡᠨ ᠤᠬᠠᠭᠤᠯᠵᠤ᠂ ᠪᠥᠬᠥ ᠨᠠᠮ ᠪᠥᠬᠥ ᠨᠡᠶ᠋ᠢᠭᠡᠮ᠎ᠳᠤ ᠲᠡᠷᠢᠭᠦᠨ᠎ᠤ᠎ᠬᠢ ᠵᠢ ᠡᠷᠬᠢᠮᠯᠡᠬᠦ᠂ ᠡᠷᠳᠡᠮᠲᠡᠨ ᠮᠡᠷᠭᠡᠳ᠎ᠠᠴᠠ ᠰᠤᠷᠤᠯᠴᠠᠬᠤ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ᠎ᠢ ᠵᠤᠷᠢᠭᠵᠢᠭᠤᠯᠤᠨ ᠨᠠᠮ᠎ᠤᠨ ᠰᠢᠨᠵᠢ ᠴᠢᠨᠠᠷ ᠵᠣᠷᠢᠯᠲᠠ ᠵᠢ ᠪᠠᠲᠤ ᠴᠡᠭᠡᠵᠢᠯᠡᠵᠦ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠂ ᠴᠥᠬᠥᠷᠡᠰᠢ ᠥᠬᠡᠶ ᠲᠡᠮᠡᠴᠡᠵᠦ᠂ ᠥᠨᠢ ᠡᠭᠦᠷᠢᠳᠡ ᠲᠡᠮᠡᠴᠡᠵᠦ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠲᠡᠶ᠋ᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠶᠣᠰᠣᠯᠠᠯ ᠳᠡᠭᠡᠷ᠎ᠡ᠂ ᠶᠦᠨᠨᠠᠨ ᠮᠤᠵᠢ ᠵᠢᠨ ᠯᠢᠵᠢᠶᠠᠩ᠎ᠤᠨ ᠬᠤᠸᠠ ᠫᠢᠩ ᠡᠮᠡᠭᠲᠡᠶ᠋ᠢᠴᠦᠳ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠠᠮ᠎ᠤᠨ ᠡᠭᠦᠷ᠎ᠤᠨ ᠱᠦᠵᠢ᠂ ᠰᠤᠷᠭ᠋ᠠᠭᠤᠯᠢ ᠵᠢᠨ ᠵᠠᠬᠢᠷᠤᠯ ᠵᠠᠩ ᠬᠦᠶ ᠮᠧᠶ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠢ ᠲᠥᠯᠥᠭᠡᠯᠡᠨ ᠦᠭᠡ ᠶᠠᠷᠢᠵᠠᠢ᠃
      ᠭᠠᠪᠢᠶᠠᠠ ᠲᠡᠮᠲᠡᠭ ᠣᠯᠭᠣᠬᠤ ᠶᠣᠰᠣᠯᠠᠯ᠎ᠤᠨ ᠳᠠᠷᠠᠭ᠎ᠠ᠂ ᠰᠢ ᠵᠢᠨ ᠫᠢᠩ ᠵᠡᠷᠭᠡ ᠤᠳᠤᠷᠢᠳᠬᠤ ᠨᠥᠬᠥᠳ 《7 · 1᠎ᠤ ᠭᠠᠪᠢᠶᠠᠨ ᠲᠡᠮᠳᠡᠭ》 ᠭᠥᠷᠳᠡᠭᠰᠡᠳ᠎ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
      ᠭᠠᠪᠢᠶᠠᠠ ᠲᠡᠮᠲᠡᠭ ᠣᠯᠭᠣᠬᠤ ᠶᠣᠰᠣᠯᠠᠯ᠎ᠠᠴᠠ ᠡᠮᠦᠨ᠎ᠡ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠪᠦᠬᠦ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠵᠶ᠋ᠠᠷ ᠬᠥᠬᠢᠭᠦᠯᠦᠨ ᠰᠠᠶ᠋ᠢᠰᠢᠶᠠᠬᠲᠠᠭᠰᠠᠳ᠎ᠲᠠᠢ ᠠᠭᠤᠯᠵᠠᠭᠰᠠᠨ ᠪᠥᠭᠡᠳ ᠤᠯᠠᠨ᠎ᠲᠠᠢ ᠬᠠᠮᠲᠤ ᠰᠡᠬᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
      ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠬᠡᠰᠡᠭ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠪᠠᠶ᠋ᠢᠴᠠᠭ᠋ᠠᠬᠤ ᠳᠠᠷᠤᠭ᠎ᠠ᠂ ᠭᠡᠰᠡᠭ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠭᠡᠰᠢᠭᠦᠨ ᠭᠠᠪᠢᠶᠠᠠ ᠲᠡᠮᠲᠡᠭ ᠤᠯᠭᠤᠬᠤ ᠶᠣᠰᠣᠯᠠᠯ᠎ᠳᠤ ᠣᠷᠣᠯᠴᠠᠵᠠᠢ᠃
      ᠲᠥᠪ᠎ᠤᠨ ᠨᠠᠮ ᠵᠠᠰᠠᠭ ᠴᠡᠷᠢᠭ ᠣᠯᠠᠨ ᠲᠦᠮᠡᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠪᠡᠭᠡᠵᠢᠩ ᠬᠣᠲᠠ ᠵᠢᠨ ᠬᠠᠷᠢᠭᠤᠴᠠᠯᠭ᠋ᠠᠲᠠᠨ ᠨᠥᠬᠥᠳ᠂

《7 · 1᠎ᠤ ᠭᠠᠪᠢᠶᠠᠨ ᠲᠡᠮᠳᠡᠭ》 ᠬᠦᠷᠲᠡᠭᠰᠡᠳ ᠵᠢᠴᠢ ᠲᠡᠳᠡᠨ᠎ᠤ ᠲᠥᠷᠥᠯ ᠰᠠᠳᠤᠨ᠎ᠤ ᠲᠥᠯᠥᠭᠡᠯᠡᠭᠴᠢ᠂ ᠪᠠᠶ᠋ᠢᠭ᠎ᠠ ᠨᠢᠭᠡᠴᠢ ᠵᠢᠨ ᠲᠥᠯᠥᠭᠡᠯᠡᠭᠴᠢ᠂ ᠥᠩᠭᠡᠷᠡᠭᠰᠡᠨ᠎ᠤ ᠭᠠᠪᠢᠶᠠᠠ ᠲᠡᠮᠲᠡᠭ ᠢᠷᠠᠭᠤ ᠠᠯᠳᠠᠷ᠎ᠤᠨ ᠬᠥᠬᠢᠭᠦᠯᠦᠯ ᠰᠠᠶ᠋ᠢᠰᠢᠶᠠᠯ᠎ᠢ ᠬᠦᠷᠲᠡᠭᠰᠡᠳ᠎ᠤᠨ ᠲᠥᠯᠥᠭᠡᠯᠡᠭᠴᠢ᠂ 《ᠨᠠᠮ᠎ᠤᠨ ᠭᠡᠰᠢᠬᠦᠨ ᠪᠤᠯᠤᠭᠰᠠᠨ ᠢᠷᠠᠭᠤ ᠠᠯᠳᠠᠷ᠎ᠲᠠᠢ 50 ᠵᠢᠯ》᠎ᠤᠨ ᠳᠤᠷᠠᠰᠬᠠᠯ᠎ᠤᠨ ᠲᠡᠮᠳᠡᠭ ᠬᠦᠷᠲᠡᠭᠰᠡᠳ᠎ᠤᠨ ᠲᠥᠯᠥᠭᠡᠯᠡᠭᠴᠢ ᠪᠣᠯᠤᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠎ᠤᠨ ᠲᠥᠯᠥᠭᠡᠯᠡᠭᠴᠢ᠂ ᠡᠯ᠎ᠡ ᠡᠲᠡᠭᠡᠳ᠎ᠤᠨ ᠺᠠᠳ᠋ᠷ ᠣᠯᠠᠨ ᠲᠦᠮᠡᠨ᠎ᠤ ᠲᠥᠯᠥᠭᠡᠯᠡᠭᠴᠢ ᠲᠣᠰ ᠲᠣᠰ ᠭᠠᠪᠢᠶᠠᠠ ᠲᠡᠮᠲᠡᠭ ᠤᠯᠭᠤᠬᠤ ᠶᠣᠰᠣᠯᠠᠯ᠎ᠳᠤ ᠣᠷᠣᠯᠴᠠᠵᠠᠶ᠃ ᠪᠦᠬᠦ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠵᠶ᠋ᠠᠷ ᠬᠥᠬᠢᠭᠦᠯᠦᠨ ᠰᠠᠶ᠋ᠢᠰᠢᠶᠠᠬᠲᠠᠭᠰᠠᠳ ᠭᠠᠪᠢᠶᠠᠠ ᠲᠡᠮᠲᠡᠭ ᠣᠯᠭᠣᠬᠤ ᠶᠣᠰᠣᠯᠠᠯ ᠪᠤᠶᠤ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ ᠶᠡᠬᠡ ᠲᠢᠩᠬᠢᠮ᠎ᠳᠤ ᠭᠠᠪᠢᠶᠠᠠ ᠲᠡᠮᠲᠡᠭ ᠤᠯᠭᠤᠬᠤ ᠶᠣᠰᠣᠯᠠᠯ᠎ᠤᠨ ᠰᠢᠭᠤᠳ ᠨᠡᠪᠲᠡᠷᠡᠭᠦᠯᠭᠡ ᠵᠢ ᠰᠣᠨᠢᠷᠬᠠᠪᠠ᠃
      《ᠪᠦᠬᠦ ᠤᠯᠤᠰ᠎ᠤᠨ ᠬᠤᠶᠠᠷ ᠰᠢᠯᠢᠲᠡᠭ ᠨᠢᠭᠡ ᠲᠡᠷᠢᠭᠦᠨ》᠎ᠢ ᠬᠦᠬᠢᠭᠦᠯᠦᠨ ᠰᠠᠢ᠍ᠢ᠍ᠰᠢᠶᠠᠬᠤ ᠶᠡᠬᠡ ᠬᠤᠷᠠᠯ 28᠎ᠤ ᠦᠲᠡ ᠵᠢᠨ ᠬᠤᠢ᠍ᠢ᠍ᠨ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠭᠢᠮ᠎ᠳᠤ ᠶᠠᠪᠤᠭᠲᠠᠵᠦ᠂ ᠬᠦᠬᠢᠭᠦᠯᠦᠭᠲᠡᠡ ᠰᠠᠢ᠍ᠢ᠍ᠰᠢᠶᠠᠭᠲᠠᠭᠰᠠᠠ ᠬᠤᠪᠢ ᠬᠦᠮᠦᠨ ᠪᠤᠯᠤᠨ ᠬᠠᠮᠲᠤ ᠵᠢᠨ ᠲᠦᠯᠦᠭᠡᠯᠡᠭᠴᠢ᠎ᠳᠤ ᠱᠠᠩᠨᠠᠯ ᠤᠯᠭᠤᠵᠠᠢ᠃ ᠸᠠᠩ ᠬᠤ᠌ ᠨᠢᠩ ᠶᠡᠭᠡ ᠬᠤᠷᠠᠯ᠎ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠂ ᠲᠡᠷᠡ᠂ ᠨᠠᠮ᠎ᠤᠨ ᠠᠷᠪᠠᠠ ᠨᠠᠢ᠍ᠮᠠᠲᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠭᠡᠢ ᠱᠦᠵᠢ ᠰᠢ ᠵᠢᠨ ᠫᠢᠩ 《ᠬᠤᠶᠠᠷ ᠰᠢᠯᠢᠲᠡᠭ ᠨᠢᠭᠡ ᠲᠡᠷᠢᠭᠦᠨ》᠎ᠢ ᠰᠢᠯᠭ᠋ᠠᠷᠠᠭᠤᠯᠵᠦ ᠬᠦᠬᠢᠭᠦᠯᠦᠨ ᠰᠠᠢ᠍ᠢ᠍ᠰᠢᠶᠠᠬᠤ ᠠᠵᠢᠯ᠎ᠢ ᠲᠡᠭᠡᠲᠦ ᠬᠡᠮᠵᠢᠶ᠎ᠠ᠎ᠪᠠᠷ ᠴᠢᠬᠤᠯᠠᠴᠢᠯᠠᠠ ᠦᠵᠡᠵᠦ᠂ ᠨᠠᠮ᠎ᠤᠨ ᠭᠡᠰᠢᠭᠦᠨ᠎ᠤ ᠦᠢ᠍ᠯᠡᠲᠦᠯ᠎ᠢ ᠪᠠᠲᠠᠷᠠᠭᠤᠯᠬᠤ ᠪᠠ ᠦᠨᠲᠦᠰᠦᠨ ᠱᠠᠲᠤᠨ᠎ᠤ ᠨᠠᠮ᠎ᠤᠨ ᠵᠤᠬᠢᠶᠠᠠ ᠪᠠᠢ᠍ᠢ᠍ᠭᠤᠯᠤᠯᠲᠠ ᠵᠢᠨ ᠴᠤᠭᠴᠠᠯᠠᠯᠲᠠ ᠵᠢ ᠴᠢᠩᠭ᠋ᠠᠳᠬᠠᠬᠤ ᠠᠵᠢᠯ᠎ᠤᠨ ᠲᠤᠬᠠᠢ ᠠᠯᠢ ᠤᠯᠠᠠ ᠴᠢᠬᠤᠯᠠ ᠵᠢᠭ᠋ᠠᠪᠤᠷᠢ ᠦᠭᠴᠤ᠂ ᠪᠢᠳᠠᠨᠤᠰ᠎ᠲᠤ ᠴᠢᠷᠮᠠᠢ᠍ᠢ᠍ᠬᠤ ᠴᠢᠭᠯᠡᠯ᠎ᠢ ᠵᠢᠭ᠋ᠠᠠ ᠦᠭᠴᠠᠢ᠃ ᠦᠷᠭᠡᠡ ᠤᠯᠠᠠ ᠨᠠᠮ᠎ᠤᠨ ᠭᠡᠰᠢᠭᠦᠨ ᠪᠤᠯᠤᠨ ᠦᠨᠲᠦᠰᠦᠨ ᠱᠠᠲᠤᠨ᠎ᠤ ᠨᠠᠮ᠎ᠤᠨ ᠵᠤᠬᠢᠶᠠᠠ ᠪᠠᠢ᠍ᠢ᠍ᠭᠤᠯᠤᠯᠲᠠ ᠵᠢᠨ᠎ᠬᠢᠨ ᠲᠡᠷᠢᠭᠦᠨ᠎ᠤ ᠨᠡᠢ᠍ᠢ᠍ᠲᠡᠯᠢᠭ ᠵᠢᠱ᠌ᠢᠶ᠎ᠠ᠎ᠪᠠᠷ ᠦᠯᠢᠭᠡᠷ ᠲᠠᠭᠤᠷᠢᠶᠠᠯ ᠪᠤᠯᠭ᠋ᠠᠵᠦ᠂ ᠨᠠᠮᠴᠢ ᠴᠢᠨᠠᠷ ᠵᠶ᠋ᠠᠨ ᠲᠠᠪᠲᠠᠠ ᠪᠤᠯᠪᠠᠰᠤᠷᠠᠭᠤᠯᠵᠦ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠦᠨᠡᠡᠴᠢ᠎ᠪᠠᠷ ᠬᠦᠢ᠍ᠴᠡᠳᠭᠡᠵᠦ᠂ ᠦᠪᠡᠷ᠎ᠤᠨ ᠪᠡᠶ᠎ᠠ᠎ᠳᠡᠭᠡᠨ ᠵᠤᠷᠢᠠᠠᠲᠠᠢ ᠬᠤᠪᠢᠰᠬᠠᠯ ᠬᠢᠵᠦ᠂ ᠬᠤᠰᠢᠭᠤᠴᠢ ᠲᠠᠭᠤᠷᠢᠶᠠᠯ᠎ᠤᠨ ᠦᠢ᠍ᠯᠡᠲᠦᠯ ᠪᠤᠯᠤᠨ ᠲᠠᠢ᠍ᠢ᠍ᠴᠢᠨ ᠪᠡᠬᠢᠯᠡᠯᠲᠠ ᠵᠢᠨ ᠦᠢ᠍ᠯᠡᠲᠦᠯ ᠵᠶ᠋ᠠᠨ ᠨᠡᠩ ᠰᠠᠢ᠍ᠢ᠍ᠨ ᠪᠠᠲᠠᠷᠠᠭᠤᠯᠬᠤ ᠭᠡᠷᠡᠭᠲᠡᠢ ᠭᠡᠵᠦ ᠢᠯᠡᠳᠭᠡᠪᠡ᠃
      ᠵᠤᠤ ᠯᠸ ᠵᠢᠢ ᠶᠡᠬᠡ ᠬᠤᠷᠠᠯ᠎ᠳᠤ ᠣᠷᠣᠯᠴᠠᠵᠠᠢ᠃ ᠴᠧᠨ ᠰᠢ 《ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠳᠠᠨ ᠪᠣᠯᠤᠨ ᠪᠦᠬᠦ ᠤᠯᠤᠰ᠎ᠤᠨ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠬᠥᠬᠢᠭᠦᠯᠦᠨ ᠰᠠᠶ᠋ᠢᠰᠢᠶᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃ ᠬᠥᠬᠢᠭᠦᠯᠦᠨ ᠰᠠᠶ᠋ᠢᠰᠢᠶᠠᠭᠳᠠᠭᠰᠠᠳ᠎ᠤᠨ ᠲᠥᠯᠥᠭᠡᠯᠡᠭᠴᠢ ᠦᠭᠡ ᠭᠡᠯᠡᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠰᠢ ᠵᠢᠨ ᠫᠢᠩ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠲᠠᠢ ᠲᠦᠷᠦᠭᠦᠴᠦᠳ᠎ᠤᠨ ᠸᠢᠳᠢᠣ᠋ ᠬᠤᠷᠠᠯ ᠬᠤᠷᠠᠯᠳᠤᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
 
            