ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《7 ·1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠳᠡᠭᠡᠷᠠᠬᠢ ᠶᠠᠷᠢᠶ᠎ᠠ
ᠨᠡᠶ᠋ᠢᠲᠡᠯᠡᠭᠰᠡᠨ ᠴᠠᠭ᠄ 2021-06-30

 

                   《7 ·1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠳᠡᠭᠡᠷᠠᠬᠢ ᠶᠠᠷᠢᠶ᠎ᠠ
                         (2021 ᠣᠨ᠎ᠤ 6 ᠰᠠᠷ᠎ᠠ ᠵᠢᠨ 29᠎ᠤ ᠡᠳᠦᠷ)
                                     ᠰᠢ ᠵᠢᠨ ᠫᠢᠩ


ᠨᠥᠬᠥᠳ ᠡ᠄
      ᠥᠨᠥᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠵᠤ ᠪᠠᠢ᠍ᠢ᠍ᠭ᠎ᠠ ᠲᠠᠰᠢᠷᠠᠮ᠎ᠳᠤ᠂ ᠪᠢᠳᠡ ᠡᠨᠳᠡ ᠦᠪᠡᠳᠡᠭᠰᠢ ᠶᠡᠬᠡ᠎ᠪᠠᠷ ᠶᠣᠰᠣᠯᠠᠯ ᠶᠠᠪᠤᠭᠤᠯᠵᠤ᠂ ᠨᠠᠮ᠎ᠤᠨ ᠳᠣᠲᠣᠭ᠋ᠠᠳᠤ ᠵᠢᠨ ᠬᠠᠮᠤᠭ᠎ᠤᠨ ᠳᠡᠭᠡᠳᠦ ᠢᠷᠠᠭᠤ ᠠᠯᠳᠠᠷ᠎ᠢ ᠨᠠᠮ ᠪᠣᠯᠤᠨ ᠠᠷᠠᠳ ᠲᠦᠮᠡᠨ᠎ᠳᠤ ᠭᠠᠷᠮᠠᠭ᠋ᠠᠢ ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ᠎ᠤᠨ ᠭᠡᠰᠢᠭᠦᠨ᠎ᠳᠤ ᠣᠯᠭᠣᠵᠦ ᠪᠠᠢ᠍ᠢ᠍ᠨ᠎ᠠ᠃
      ᠡᠩ ᠲᠡᠷᠢᠭᠦᠨ᠎ᠳᠤ᠂ ᠪᠢ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠲᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ! ᠬᠠᠮᠤᠭ᠎ᠤᠨ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ!
      ᠵᠠᠭᠤᠨ ᠵᠢᠯ᠎ᠤᠨ ᠲᠤᠷᠰᠢ᠂ ᠮᠠᠨ᠎ᠤ ᠨᠠᠮ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠡᠷᠡᠰ ᠪᠠᠲᠤ ᠦᠢ᠍ᠯᠡᠳᠦᠯᠭᠡᠵᠢᠭᠦᠯᠵᠦ᠂ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠠᠭᠤᠤ ᠶᠡᠬᠡ ᠵᠠᠮ᠎ᠢ ᠨᠡᠭᠡᠭᠡᠵᠦ᠂ ᠠᠭᠤᠤ ᠶᠡᠬᠡ ᠦᠢ᠍ᠯᠡᠰ᠎ᠢ ᠪᠠᠶ᠋ᠢᠭᠤᠯᠵᠤ᠂ ᠠᠭᠤᠤ ᠶᠡᠬᠡ ᠵᠣᠷᠢᠭ ᠰᠠᠨᠠᠭ᠎ᠠ ᠵᠢ ᠱᠤᠭᠤᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠪᠠ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠳᠠᠪᠰᠢᠯᠲᠠ ᠵᠢᠨ ᠲᠡᠦᠬᠡᠨ᠎ᠳᠤ ᠢᠷᠠᠭᠤ ᠵᠢᠪᠬᠤᠯᠠᠨᠭ᠌ᠲᠤ ᠬᠠᠭᠤᠳᠠᠰᠤ ᠵᠢ ᠪᠢᠴᠢᠭᠯᠡᠭᠰᠡᠨ ᠶᠤᠮ᠃
      ᠵᠠᠭᠤᠨ ᠵᠢᠯ᠎ᠤᠨ ᠲᠤᠷᠰᠢ᠂ ᠦᠶ᠎ᠡ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢ ᠲᠡᠮᠡᠴᠡᠨ ᠤᠯᠬᠤ᠂ ᠤᠯᠤᠰ ᠭᠦᠷᠦᠨ᠎ᠤ ᠪᠠᠶᠠᠨ ᠬᠦᠴᠦᠷᠬᠡᠭᠵᠢᠯ ᠪᠠ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ ᠵᠢᠨ ᠲᠥᠯᠥᠭᠡ᠂ ᠬᠤᠢ᠍ᠢ᠍ᠨ᠎ᠠ ᠬᠤᠢ᠍ᠢ᠍ᠨ᠎ᠠ᠎ᠠᠴᠠ᠎ᠪᠠᠨ ᠲᠡᠮᠡᠴᠡᠵᠦ᠂ ᠴᠢᠰᠤ ᠤᠷᠤᠰᠬᠠᠨ ᠪᠠᠶ᠋ᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠭᠣᠶᠠᠴᠢ ᠦᠭᠡᠢ ᠵᠢᠳᠬᠦᠵᠦ᠂ ᠠᠭᠤᠯᠠ ᠵᠢ ᠳᠣᠩᠰᠣᠯᠭ᠋ᠠᠵᠤ ᠮᠦᠷᠡᠨ᠎ᠢ ᠴᠠᠯᠬᠢᠭᠤᠯᠤᠬᠰᠠᠨ ᠪᠠᠭ᠋ᠠᠲᠤᠷᠯᠢᠭ ᠳᠠᠭᠤᠯᠠᠯ᠎ᠢ ᠪᠢᠴᠢᠭᠯᠡᠭᠰᠡᠨ ᠶᠤᠮ᠃
      ᠥᠨᠥᠳᠦᠷ ᠬᠥᠬᠢᠭᠦᠯᠦᠭᠳᠡᠨ ᠰᠠᠶ᠋ᠢᠰᠢᠶᠠᠭᠳᠠᠭᠰᠠᠨ 《7 · 1᠎ᠤ ᠭᠠᠪᠢᠶᠠᠨ ᠲᠡᠮᠳᠡᠭ》 ᠬᠦᠷᠲᠡᠭᠰᠡᠳ ᠪᠣᠯ ᠡᠯ᠎ᠡ ᠹᠷᠣᠨᠲ᠎ᠤᠨ ᠨᠠᠮ᠎ᠤᠨ ᠭᠡᠰᠢᠭᠦᠨ᠎ᠤ ᠳᠣᠲᠣᠷᠠᠬᠢ ᠰᠢᠯᠭ᠋ᠠᠷᠠᠭᠰᠠᠨ ᠲᠥᠯᠥᠭᠡᠯᠡᠭᠴᠢ ᠪᠣᠯᠤᠨ᠎ᠠ᠃ ᠲᠡᠳᠡᠨᠤᠰ᠎ᠤᠨ ᠪᠡᠶ᠎ᠡ ᠳᠡᠭᠡᠷ᠎ᠡ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ ᠵᠶ᠋ᠠᠨ ᠪᠠᠲᠤᠳᠬᠠᠬᠤ᠂ ᠵᠣᠷᠢᠯᠲᠠ᠎ᠪᠠᠨ ᠦᠢ᠍ᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠭᠣᠶᠠᠴᠢ ᠦᠭᠡᠢ ᠵᠢᠳᠬᠦᠬᠦ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠠᠮᠢᠳᠤᠯᠢᠭ ᠵᠶ᠋ᠠᠷ ᠢᠯᠡᠷᠡᠭᠰᠡᠨ ᠶᠤᠮ᠃
      — ᠢᠲᠡᠭᠡᠯ ᠵᠣᠷᠢᠭ ᠵᠶ᠋ᠠᠨ ᠪᠠᠲᠤᠳᠬᠠᠬᠤ ᠭᠡᠳᠡᠭ᠎ᠨᠢ ᠳᠠᠷᠤᠢ ᠤᠭ ᠰᠠᠨᠠᠭ᠎ᠠ᠎ᠪᠠᠨ ᠦᠯᠦ ᠮᠠᠷᠲᠠᠵᠤ᠂ ᠢᠲᠡᠭᠡᠯ ᠵᠣᠷᠢᠭ ᠵᠶ᠋ᠠᠨ ᠦᠯᠦ ᠤᠮᠠᠷᠳᠠᠬᠤ ᠵᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ᠎ᠲᠠᠢ ᠬᠦᠰᠡᠯᠡᠩ ᠢᠲᠡᠭᠡᠯ ᠪᠢᠰᠢᠷᠡᠯ ᠵᠶ᠋ᠠᠷ᠂ ᠨᠠᠮ ᠪᠣᠯᠤᠨ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠰᠡᠳᠭᠢᠯ ᠵᠶ᠋ᠠᠷ᠂ ᠨᠠᠮ ᠪᠣᠯᠤᠨ ᠠᠷᠠᠳ ᠲᠦᠮᠡᠨ᠎ᠳᠡᠭᠡᠨ ᠦᠨᠡᠨᠴᠢ ᠰᠢᠳᠤᠷᠭᠤ ᠪᠠᠶ᠋ᠢᠬᠤ ᠪᠠ ᠬᠠᠶ᠋ᠢᠷ᠎ᠠ ᠰᠡᠳᠬᠢᠯᠭᠡ᠎ᠲᠠᠢ ᠪᠠᠢ᠍ᠢ᠍ᠬᠤ᠎ᠪᠠᠨ ᠪᠠᠲᠤ ᠴᠡᠭᠡᠵᠢᠯᠡᠵᠦ᠂ ᠦᠢ᠍ᠯᠡ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠥᠪᠡᠷ᠎ᠤᠨ ᠠᠯᠢᠪᠠ᠎ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠵᠤ᠂ ᠨᠠᠮ᠎ᠤᠨ ᠬᠦᠰᠡᠯᠡᠩ ᠢᠲᠡᠭᠡᠯ ᠪᠢᠰᠢᠷᠡᠯ᠎ᠤᠨ ᠲᠥᠯᠥᠭᠡ ᠴᠥᠬᠥᠷᠡᠰᠢ ᠦᠭᠡᠢ ᠡᠷᠡᠰ ᠵᠶ᠋ᠠᠷ ᠲᠡᠮᠡᠴᠡᠬᠦ ᠶᠠᠪᠤᠳᠠᠯ ᠪᠣᠯᠤᠨ᠎ᠠ᠃
      ᠢᠲᠡᠭᠡᠯ ᠪᠢᠰᠢᠷᠡᠯ᠎ᠲᠠᠢ ᠪᠣᠯ ᠤᠷᠤᠭᠰᠢᠯᠠᠬᠤ ᠬᠦᠴᠦᠨ᠎ᠲᠠᠢ᠃ ᠪᠦᠬᠦ ᠨᠠᠮ᠎ᠤᠨ ᠨᠥᠬᠥᠳ ᠴᠥᠮ ᠮᠠᠷᠺᠰ᠎ᠤᠨ ᠦᠵᠡᠯ᠎ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠢᠲᠡᠭᠡᠯ ᠵᠣᠷᠢᠭ᠎ᠢ ᠨᠠᠰᠤᠨ ᠲᠤᠷᠰᠢᠳᠠ ᠵᠢᠨ ᠬᠥᠭᠡᠭᠡᠴᠡᠯᠳᠦᠯ ᠵᠶ᠋ᠠᠨ ᠪᠣᠯᠭ᠋ᠠᠵᠤ᠂ ᠨᠠᠮ ᠵᠶ᠋ᠠᠨ ᠢᠲᠡᠭᠡᠵᠦ ᠨᠠᠮ ᠵᠶ᠋ᠠᠨ ᠬᠠᠶ᠋ᠢᠷᠠᠯᠠᠵᠤ ᠨᠠᠮ᠎ᠤᠨ ᠲᠥᠯᠥᠭᠡ ᠵᠢᠳᠬᠦᠵᠦ᠂ ᠥᠪᠡᠷ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ᠎ᠤᠨ ᠲᠥᠯᠥᠭᠡ ᠲᠡᠮᠡᠴᠡᠬᠦ ᠦᠢ᠍ᠯᠡᠳᠦᠯᠭᠡ ᠵᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ᠃
      — ᠵᠣᠷᠢᠯᠲᠠ᠎ᠪᠠᠨ ᠦᠢ᠍ᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ᠎ᠳᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ᠂ ᠰᠡᠳᠬᠢᠯ᠎ᠳᠡᠭᠡᠨ ᠠᠷᠠᠳ ᠲᠦᠮᠡᠨ᠎ᠢ ᠪᠤᠳᠤᠵᠤ᠂ ᠠᠷᠠᠳ ᠲᠦᠮᠡᠨ᠎ᠤ ᠲᠥᠯᠥᠭᠡ ᠠᠵᠢᠯᠯᠠᠵᠤ ᠵᠢᠳᠬᠦᠨ᠂ ᠤᠯᠠᠨ ᠲᠦᠮᠡᠨ᠎ᠤ ᠪᠤᠳᠤᠵᠤ ᠪᠠᠶ᠋ᠢᠭ᠎ᠠ ᠵᠦᠢ᠍ᠯ᠎ᠢ ᠪᠤᠳᠤᠵᠦ᠂ ᠤᠯᠠᠨ ᠲᠦᠮᠡᠨ᠎ᠤ ᠭᠠᠴᠢᠭᠳᠠᠵᠤ ᠪᠠᠶ᠋ᠢᠭ᠎ᠠ ᠵᠦᠢ᠍ᠯ᠎ᠳᠤ ᠰᠠᠨᠠᠭ᠋ᠠᠰᠢᠷᠠᠵᠤ᠂ ᠤᠯᠠᠨ ᠲᠦᠮᠡᠨ᠎ᠤ ᠬᠦᠴᠢᠷ ᠵᠣᠪᠠᠯᠠᠩ᠎ᠢ ᠰᠢᠢ᠍ᠳᠪᠦᠷᠢᠯᠡᠵᠦ᠂ ᠤᠯᠠᠨ ᠲᠦᠮᠡᠨ᠎ᠲᠠᠢ ᠨᠢᠭᠲᠠ ᠬᠠᠷᠢᠯᠴᠠᠵᠤ᠂ ᠤᠯᠠᠨ ᠲᠦᠮᠡᠨ᠎ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠠᠷᠠᠳ ᠲᠦᠮᠡᠨ᠎ᠳᠤ ᠪᠤᠶᠠᠨ ᠦᠢ᠍ᠯᠡᠳᠴᠦ᠂ ᠠᠷᠠᠳ ᠲᠦᠮᠡᠨ᠎ᠳᠤ ᠪᠤᠶᠠᠨ ᠦᠢ᠍ᠯᠡᠳᠬᠦ ᠪᠣᠳᠠᠲᠤ ᠠᠵᠢᠯᠯᠠᠭ᠎ᠠ᠎ᠪᠠᠷ ᠵᠶ᠋ᠠᠨ ᠡᠪ ᠬᠠᠮᠲᠤᠴᠤᠳ᠎ᠤᠨ 《ᠠᠮᠢ ᠪᠡᠶ᠎ᠡ᠎ᠪᠠᠨ ᠦᠯᠦ ᠪᠤᠳᠤᠵᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ》 ᠪᠠᠢ᠍ᠢ᠍ᠬᠤ ᠡᠷᠬᠢᠮ ᠳᠡᠭᠡᠳᠦ ᠬᠠᠶ᠋ᠢᠷ᠎ᠠ ᠰᠡᠳᠬᠢᠯᠭᠡ ᠵᠢ ᠢᠯᠡᠷᠡᠭᠦᠯᠬᠦ ᠶᠠᠪᠤᠳᠠᠯ ᠪᠣᠯᠤᠨ᠎ᠠ᠃
      ᠲᠥᠷᠥ ᠵᠠᠰᠠᠭ ᠪᠣᠯ ᠳᠠᠷᠤᠶ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ ᠵᠠᠰᠠᠭ ᠮᠦᠨ᠃ ᠪᠦᠬᠦ ᠨᠠᠮ᠎ᠤᠨ ᠨᠥᠬᠥᠳ ᠴᠥᠮ ᠠᠷᠠᠳ ᠲᠦᠮᠡᠨ᠎ᠤ ᠲᠠᠯ᠎ᠠ᠎ᠳᠤ ᠵᠤᠭᠰᠤᠬᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠤᠯᠠᠨ ᠲᠦᠮᠡᠨ᠎ᠳᠤ ᠪᠣᠳᠠᠲᠤ ᠶᠠᠪᠤᠳᠠᠯ ᠰᠠᠢ᠍ᠢ᠍ᠨ ᠶᠠᠪᠤᠳᠠᠯ ᠬᠢᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠠᠷᠠᠳ ᠤᠯᠠᠨ᠎ᠯᠤᠭ᠎ᠠ ᠵᠢᠨ ᠴᠢᠰᠤ ᠮᠢᠬᠠᠨ᠎ᠤ ᠬᠠᠷᠢᠴᠠᠭ᠎ᠠ᠎ᠪᠠᠨ ᠢᠮᠠᠭᠲᠠ ᠪᠠᠲᠤᠯᠠᠬᠤ ᠬᠡᠷᠡᠭᠲᠡᠢ᠃
      — ᠡᠷᠡᠮᠡᠬᠡᠢ᠍ᠢ᠍ᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ ᠤᠯᠤᠰ᠎ᠤᠨ ᠵᠶ᠋ᠠᠨ ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠮᠢᠳᠤᠷᠠᠬᠤᠢ ᠵᠢᠨ ᠬᠠᠷᠠᠯᠲᠠ ᠪᠣᠯᠭ᠋ᠠᠵᠤ᠂ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠵᠣᠷᠢᠭᠲᠠᠢ᠎ᠪᠠᠷ ᠠᠮᠢ ᠪᠡᠶ᠎ᠡ᠎ᠪᠠᠨ ᠦᠷᠡᠭᠳᠡᠭᠦᠯᠵᠦ᠂ ᠰᠢᠷᠭ᠋ᠠᠭᠤ ᠠᠵᠢᠯᠯᠠᠵᠤ ᠪᠣᠳᠠᠲᠠᠢ ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ ᠬᠠᠮᠲᠤᠴᠤᠳ᠎ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠬᠦ ᠶᠠᠪᠤᠳᠠᠯ ᠪᠣᠯᠤᠨ᠎ᠠ᠃
      ᠬᠡᠳᠦᠢ ᠠᠭᠤᠤ ᠶᠡᠬᠡ ᠦᠢ᠍ᠯᠡᠰ ᠪᠣᠯᠬᠤ ᠲᠤᠳᠤᠮ᠂ ᠲᠡᠳᠦᠢ ᠥᠷᠢᠰᠥᠯᠳᠦᠭᠡᠨ ᠵᠶ᠋ᠠᠷ ᠳᠦᠭᠦᠷᠴᠦ᠂ ᠲᠡᠳᠦᠢ ᠬᠦᠨᠳᠦ ᠡᠭᠦᠷᠭᠡ ᠵᠢ ᠡᠭᠦᠷᠭᠡᠯᠡᠬᠦ ᠴᠢᠬᠤᠯᠠᠲᠠᠢ ᠪᠠᠢ᠍ᠢ᠍ᠳᠠᠭ᠃ ᠪᠦᠬᠦ ᠨᠠᠮ᠎ᠤᠨ ᠨᠥᠬᠥᠳ ᠴᠥᠮ 《ᠪᠡᠷᠬᠡ ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ》 ᠪᠠᠭ᠋ᠠᠲᠤᠷᠯᠢᠭ ᠵᠤᠷᠢᠭ ᠰᠠᠨᠠᠭ᠎ᠠ᠎ᠪᠠᠨ ᠪᠠᠷᠢᠮᠲᠠᠯᠠᠨ᠂ 《ᠲᠡᠭᠷᠢ ᠭᠠᠵᠠᠷ᠎ᠢ ᠲᠤᠨᠭ᠌ᠰᠤᠯᠭ᠋ᠠᠬᠤ ᠰᠢᠨ᠎ᠡ ᠬᠤᠪᠢᠷᠠᠯᠳᠠ ᠭᠠᠷᠭ᠋ᠠᠬᠤ》 ᠣᠮᠣᠭ ᠪᠠᠳᠠᠷᠠᠩᠭᠤᠢ ᠲᠡᠮᠡᠴᠡᠯ᠎ᠤᠨ ᠵᠣᠷᠢᠭ ᠵᠶ᠋ᠠᠨ ᠪᠠᠳᠠᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠵᠢ ᠴᠢᠷᠮᠠᠶ᠋ᠢᠨ ᠡᠭᠦᠳᠬᠦ ᠬᠡᠷᠡᠭᠲᠡᠢ᠃
      — ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠪᠣᠯ ᠳᠠᠷᠤᠢ ᠡᠪ ᠬᠠᠮᠲᠤᠴᠤᠳ᠎ᠤᠨ ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶ᠋ᠢᠲᠡ ᠵᠢᠨ ᠲᠥᠯᠥᠭᠡ ᠬᠤᠪᠢ ᠪᠡᠶ᠎ᠡ᠎ᠪᠠᠨ ᠤᠮᠠᠷᠳᠠᠬᠤ ᠦᠨᠭᠭᠡ ᠭᠡᠷᠡᠯᠲᠦ ᠤᠯᠠᠮᠵᠢᠯᠠᠯ ᠵᠶ᠋ᠠᠨ ᠪᠠᠷᠢᠮᠲᠠᠯᠠᠵᠤ᠂ ᠶᠡᠷᠦ᠎ᠠᠴᠠ ᠭᠠᠪᠢᠶ᠎ᠠ᠎ᠳᠠᠭᠠᠨ ᠡᠷᠳᠦᠬᠦ ᠦᠭᠡᠢ᠂ ᠬᠤᠪᠢ ᠬᠥᠮᠦᠨ᠎ᠤ ᠣᠯᠵᠤ ᠠᠯᠳᠠᠬᠤ ᠵᠢ ᠬᠠᠶ᠋ᠢᠬᠤᠷᠬᠤ ᠦᠭᠡᠢ᠂ ᠵᠢᠷᠭ᠋ᠠᠯ ᠴᠡᠩᠭᠡᠯ᠎ᠢ ᠬᠥᠭᠡᠭᠡᠴᠡᠯᠳᠦᠬᠦ ᠦᠭᠡᠢ᠂ ᠰᠠᠬᠢᠯᠭ᠎ᠠ ᠪᠠᠲᠤ ᠵᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ ᠵᠢ ᠪᠠᠷᠢᠮᠲᠠᠯᠠᠵᠤ᠂ ᠡᠪ ᠬᠠᠮᠲᠤᠴᠤᠳ᠎ᠤᠨ ᠪᠠᠶ᠋ᠢᠪᠠᠰᠤ ᠵᠣᠬᠢᠬᠤ ᠶᠣᠰᠣ ᠰᠤᠷᠲᠠᠬᠤᠨ᠎ᠤ ᠬᠡᠪ ᠰᠤᠷᠲᠠᠯ᠎ᠢ ᠠᠮᠢᠳᠤᠯᠢᠭ ᠵᠶ᠋ᠠᠷ ᠢᠯᠡᠷᠡᠭᠦᠯᠬᠦ ᠶᠠᠪᠤᠳᠠᠯ ᠪᠣᠯᠤᠨ᠎ᠠ᠃
      ᠡᠪ ᠬᠠᠮᠲᠤᠴᠤᠳ ᠡᠷᠬᠢᠮ ᠨᠠᠨᠳᠢᠨ ᠵᠠᠩ ᠰᠤᠷᠲᠠᠯ᠎ᠲᠠᠢ ᠪᠠᠶ᠋ᠢᠪᠠᠯ ᠰᠠᠶᠢ ᠠᠷᠠᠳ᠎ᠤᠨ ᠰᠡᠳᠬᠢᠯ᠎ᠢ ᠣᠯᠵᠤ ᠴᠢᠳᠠᠨ᠎ᠠ᠃ ᠪᠦᠬᠦ ᠨᠠᠮ᠎ᠤᠨ ᠨᠥᠬᠥᠳ ᠴᠥᠮ ᠶᠡᠬᠡ ᠶᠣᠰᠣ ᠵᠢ ᠮᠡᠳᠡᠵᠦ᠂ ᠨᠡᠶ᠋ᠢᠲᠡ ᠵᠢᠨ ᠶᠣᠰᠣ ᠮᠣᠷᠠᠯ᠎ᠢ ᠰᠠᠬᠢᠵᠤ᠂ ᠬᠤᠪᠢ ᠵᠢᠨ ᠶᠣᠰᠣ ᠰᠤᠷᠲᠠᠬᠤᠨ ᠵᠶ᠋ᠠᠨ ᠴᠢᠩᠳᠠᠯᠠᠨ᠂ ᠠᠷᠢᠭᠤᠨ ᠴᠢᠬᠡᠴᠢ᠎ᠪᠠᠷ ᠬᠥᠮᠦᠨ ᠪᠤᠯᠵᠤ᠂ ᠠᠷᠢᠭᠤᠨ ᠴᠢᠬᠡᠴᠢ᠎ᠪᠠᠷ ᠠᠵᠢᠯ ᠶᠠᠪᠤᠳᠠᠯ ᠬᠢᠵᠦ᠂ ᠬᠤᠪᠢ ᠵᠢᠨ ᠠᠰᠢᠭ ᠵᠶ᠋ᠠᠨ ᠲᠡᠪᠴᠢᠨ ᠨᠡᠶ᠋ᠢᠲᠡ ᠵᠢᠨ ᠲᠥᠯᠥᠭᠡ ᠵᠢᠳᠬᠦᠵᠦ᠂ ᠠᠵᠢᠯᠴᠢ ᠠᠷᠪᠢᠴᠢ᠎ᠪᠠᠷ ᠪᠡᠶ᠎ᠡ᠎ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠬᠡᠷᠡᠭᠲᠡᠢ᠃
      《7 · 1᠎ᠤ ᠭᠠᠪᠢᠶᠠᠨ ᠲᠡᠮᠳᠡᠭ》 ᠬᠦᠷᠲᠡᠭᠰᠡᠳ ᠪᠣᠯ ᠴᠥᠮ ᠠᠷᠠᠳ ᠲᠦᠮᠡᠨ᠎ᠤ ᠳᠤᠮᠳᠠ᠎ᠠᠴᠠ ᠢᠷᠡᠵᠦ᠂ ᠠᠷᠠᠳ ᠲᠦᠮᠡᠨ᠎ᠤ ᠳᠤᠮᠳᠠ ᠦᠨᠳᠦᠰᠦᠯᠡᠭᠰᠡᠨ᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠦᠭᠡ ᠳᠠᠭᠤᠨ ᠦᠭᠡᠢ᠎ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ᠎ᠤᠨ ᠪᠠᠭ᠋ᠠᠲᠤᠷ ᠮᠥᠨ᠃ ᠲᠡᠳᠡ ᠨᠡᠷ᠎ᠤᠨ ᠦᠢ᠍ᠯᠡ ᠠᠵᠢᠯᠯᠠᠭ᠎ᠠ ᠵᠢ᠎ᠲᠠᠭᠠᠨ ᠰᠤᠷᠤᠯᠴᠠᠵᠤ ᠦᠢ᠍ᠯᠡᠳᠦᠯᠭᠡᠵᠢᠬᠦᠯᠵᠦ᠂ ᠲᠡᠳᠡ ᠨᠠᠷ᠎ᠤᠨ ᠵᠣᠷᠢᠭ ᠰᠠᠨᠠᠭ᠎ᠠ ᠵᠢ ᠰᠤᠷᠤᠯᠴᠠᠭᠤᠰᠢᠳᠠᠢ ᠶᠤᠮ᠃ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠲᠡᠮᠡᠴᠡᠯ᠎ᠤᠨ ᠵᠣᠷᠢᠭ ᠵᠶ᠋ᠠᠨ ᠪᠠᠲᠤᠳᠬᠠᠵᠤ᠂ ᠬᠠᠳᠠᠨ ᠵᠣᠷᠢᠭ ᠵᠶ᠋ᠠᠨ ᠪᠠᠲᠤᠳᠬᠠᠵᠤ᠂ ᠡᠩ᠎ᠤᠨ ᠦᠶ᠎ᠡ᠎ᠳᠤ ᠦᠵᠡᠵᠦ ᠭᠠᠷᠤᠨ᠂ ᠵᠠᠩᠭᠢᠯᠠᠭ᠎ᠠ ᠵᠢᠨ ᠦᠶ᠎ᠡ᠎ᠳᠤ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ᠎ᠲᠠᠢ ᠦᠶ᠎ᠡ᠎ᠳᠤ ᠠᠮᠢ ᠴᠦᠯᠡᠨ ᠲᠡᠮᠡᠴᠡᠪᠡᠯ᠂ ᠨᠠᠮ᠎ᠤᠨ ᠭᠡᠰᠢᠭᠦᠨ ᠨᠢᠭᠡ ᠪᠦᠷᠢ ᠴᠦᠮ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠳᠤᠮᠳᠠ ᠨᠠᠮ ᠪᠣᠯᠤᠨ ᠠᠷᠠᠳ ᠲᠦᠮᠡᠨ᠎ᠤ ᠲᠥᠯᠥᠭᠡ ᠭᠠᠪᠢᠶ᠎ᠠ ᠵᠢᠳᠬᠦᠯ ᠪᠠᠶ᠋ᠢᠭᠤᠯᠵᠤ ᠴᠢᠳᠠᠨ᠎ᠠ ᠭᠡᠳᠡᠭ᠎ᠢ ᠲᠡᠳᠡ ᠪᠣᠳᠠᠲᠤ ᠠᠵᠢᠯᠯᠠᠭ᠎ᠠ᠎ᠪᠠᠷ ᠵᠶ᠋ᠠᠨ ᠭᠡᠷᠡᠴᠢᠯᠡᠪᠡ!
      ᠨᠥᠬᠥᠳ ᠡ!
      ᠰᠢᠨ᠎ᠡ ᠴᠠᠭ ᠦᠶ᠎ᠡ ᠪᠣᠯ ᠪᠠᠭ᠋ᠠᠲᠤᠷᠴᠤᠳ᠎ᠢ ᠬᠡᠷᠡᠭᠰᠡᠬᠦ ᠪᠥᠭᠡᠳ ᠯᠠᠪᠳᠠᠢ ᠪᠠᠭ᠋ᠠᠲᠤᠷᠴᠤᠳ ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠴᠠᠭ ᠦᠶ᠎ᠡ ᠵᠢᠨ ᠬᠣᠰᠢᠭᠤᠴᠢ᠂ ᠦᠨᠳᠦᠰᠦᠲᠡᠨ᠎ᠤ ᠲᠤᠯᠭ᠋ᠠᠭᠤᠷᠢ ᠪᠣᠯᠤᠶ᠎ᠠ ᠭᠡᠪᠡᠯ᠂ ᠨᠠᠮ᠎ᠤᠨ ᠭᠡᠰᠢᠭᠦᠨ᠎ᠤ ᠡᠩᠨᠡᠭᠡ ᠡᠷᠬᠡᠪᠰᠢ ᠪᠠᠲᠤ ᠴᠢᠩᠭ᠎ᠠ ᠪᠠᠶ᠋ᠢᠬᠤ ᠬᠡᠷᠡᠭᠲᠡᠢ᠃ ᠬᠥᠬᠢᠭᠦᠯᠦᠨ ᠰᠠᠶ᠋ᠢᠰᠢᠶᠠᠭᠳᠠᠭᠰᠠᠨ ᠨᠥᠬᠥᠳ᠎ᠢ ᠢᠷᠠᠭᠤ ᠠᠯᠳᠠᠷ ᠵᠶ᠋ᠠᠨ ᠨᠠᠨᠳᠢᠩᠨᠠᠨ᠂ ᠠᠮᠵᠢᠯᠲᠠ ᠪᠦᠲᠦᠮᠵᠢ᠎ᠪᠠᠨ ᠪᠠᠳᠠᠷᠠᠭᠤᠯᠵᠤ᠂ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ ᠵᠢ ᠬᠦᠰᠡᠵᠦ ᠪᠠᠶ᠋ᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠠᠵᠢᠯ ᠠᠮᠢᠳᠤᠷᠠᠯ᠎ᠤᠨ ᠲᠠᠯ᠎ᠠ᠎ᠪᠠᠷ ᠭᠠᠪᠢᠶ᠎ᠠ ᠵᠢᠳᠭᠦᠯᠲᠦ ᠨᠠᠮ᠎ᠤᠨ ᠭᠡᠰᠢᠭᠦᠨ᠎ᠢ ᠬᠠᠯᠠᠮᠵᠢᠯᠠᠨ ᠬᠠᠶ᠋ᠢᠷᠠᠯᠠᠵᠤ᠂ 《7 · 1᠎ᠤ ᠭᠠᠪᠢᠶᠠᠨ ᠲᠡᠮᠳᠡᠭ》 ᠬᠦᠷᠲᠡᠭᠰᠡᠳ᠎ᠤᠨ ᠰᠡᠳᠬᠢᠯ ᠬᠥᠳᠡᠯᠭᠡᠮ᠎ᠡ ᠦᠢ᠍ᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ᠎ᠢ ᠬᠦᠴᠦᠯᠡᠨ ᠤᠬᠠᠭᠤᠯᠵᠤ᠂ ᠪᠥᠬᠥ ᠨᠠᠮ ᠪᠥᠬᠥ ᠨᠡᠶ᠋ᠢᠭᠡᠮ᠎ᠳᠤ ᠲᠡᠷᠢᠭᠦᠨ᠎ᠤ᠎ᠬᠢ ᠵᠢ ᠡᠷᠬᠢᠮᠯᠡᠬᠦ᠂ ᠡᠷᠳᠡᠮᠲᠡᠨ ᠮᠡᠷᠭᠡᠳ᠎ᠠᠴᠠ ᠰᠤᠷᠤᠯᠴᠠᠬᠤ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ ᠨᠠᠮ᠎ᠤᠨ ᠰᠢᠨᠵᠢ ᠴᠢᠨᠠᠷ ᠵᠣᠷᠢᠯᠲᠠ ᠵᠢ ᠪᠠᠲᠤ ᠴᠡᠭᠡᠵᠢᠯᠡᠵᠦ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠂ ᠴᠥᠬᠥᠷᠡᠰᠢ ᠥᠬᠡᠶ ᠲᠡᠮᠡᠴᠡᠵᠦ᠂ ᠥᠨᠢ ᠡᠭᠦᠷᠢᠳᠡ ᠲᠡᠮᠡᠴᠡᠬᠦᠯᠬᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠲᠡᠶ᠋ᠢᠰᠢ ᠡᠷᠡᠯᠬᠡᠭᠯᠡᠨ ᠤᠷᠤᠭᠰᠢᠯᠠᠬᠤ ᠵᠢ ᠵᠤᠷᠢᠬ᠍ᠵᠢᠭᠤᠯᠬᠤ

ᠬᠡᠷᠡᠭᠲᠡᠶ!

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠬᠦ ᠤᠯᠤᠰ᠎ᠤᠨ ᠰᠢᠯᠢᠳᠡᠭ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠷ᠎ᠲᠠᠢ ᠠᠭᠤᠯᠵᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ 《7 · 1᠎ᠤ ᠭᠠᠪᠢᠶᠠᠨ ᠲᠡᠮᠳᠡᠭ》 ᠣᠯᠭᠣᠬᠤ ᠶᠣᠰᠣᠯᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠵᠤ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
 
            