ᠯᠢ ᠺᠸ ᠴᠢᠶᠠᠩ ᠪᠦᠬᠦ ᠤᠯᠤᠰ᠎ᠤᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ ᠵᠢᠴᠢ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ᠎ᠤᠨ ᠲᠧᠯᠸᠢᠰ ᠤᠲᠠᠰᠤ ᠬᠤᠷᠠᠯ᠎ᠳᠤ ᠴᠢᠬᠤᠯᠠ ᠴᠣᠬᠣᠯᠠᠪᠤᠷᠢ ᠥᠭᠴᠦ ᠴᠢᠬᠤᠯᠠᠴᠢᠯᠠᠭᠰᠠᠨ᠎ᠨᠢ
ᠨᠡᠩ ᠤᠯᠠᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠠ ᠲᠣᠬᠢᠶᠠᠯ ᠬᠠᠩᠭ᠋ᠠᠵᠤ ᠠᠵᠢᠯ ᠣᠯᠭᠣᠬᠤ ᠰᠢᠨ᠎ᠡ ᠬᠡᠯᠪᠡᠷᠢ ᠪᠠᠶ᠋ᠢᠳᠠᠯ᠎ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠵᠦ ᠪᠦᠬᠦ ᠵᠢᠯ᠎ᠤᠨ ᠠᠵᠢᠯ ᠣᠯᠭᠣᠬᠤ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ
ᠰᠦᠨ ᠴᠦᠨ ᠯᠠᠨ ᠬᠤ᠌ ᠴᠦᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠪᠥᠬᠥ ᠤᠯᠤᠰ᠎ᠤᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ ᠵᠢᠴᠢ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ᠎ᠤᠨ ᠲᠧᠯᠸᠢᠰ ᠤᠲᠠᠰᠤ ᠬᠤᠷᠠᠯ᠎ᠢ 6 ᠳ᠋ᠤᠭ᠋ᠠᠷ ᠰᠠᠷ᠎ᠠ ᠵᠢᠨ 3᠎ᠤ ᠡᠳᠦᠷ ᠪᠡᠭᠡᠵᠢᠩ᠎ᠳᠤ ᠬᠤᠷᠠᠯᠳᠤᠭᠤᠯᠪᠠ᠃ ᠳᠤᠮᠳᠠᠳᠤ ᠡᠣᠯᠣᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠧ ᠴᠢᠶᠠᠩ ᠴᠢᠬᠤᠯᠠ ᠴᠣᠬᠣᠯᠠᠪᠤᠷᠢ ᠥᠭᠴᠡᠢ᠃ ᠴᠣᠬᠣᠯᠠᠪᠤᠷᠢᠳᠤᠪᠠᠨ ᠵᠢᠭ᠋ᠠᠵᠤ ᠭᠠᠷᠭ᠋ᠠᠭᠰᠠᠨ᠎ᠨᠢ᠄ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠪᠠᠢ᠌ᠵᠤ᠂ ᠨᠡᠶ᠋ᠢᠭᠡᠮ᠎ᠤᠨ ᠡᠳ᠋ ᠪᠠᠶᠠᠯᠢᠭ᠎ᠢ ᠡᠭᠦᠳᠦᠨ ᠪᠦᠲᠦᠭᠡᠬᠦ ᠢᠷᠡᠯᠲᠡ ᠪᠠ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠪᠠᠲᠤᠯᠠᠬᠤ ᠴᠢᠬᠤᠯᠠ ᠲᠦᠰᠢᠭ ᠲᠤᠯᠭ᠋ᠠᠭᠤᠷᠢ ᠮᠥᠨ᠃ ᠡᠨᠡ ᠵᠢᠯ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠥᠷᠭᠡᠳᠬᠡᠬᠦ ᠡᠭᠦᠷᠭᠡ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ ᠪᠠᠶ᠋ᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠵᠤ᠂ ᠠᠵᠤ ᠠᠬᠤᠢ ᠵᠢᠨ ᠬᠥᠭᠵᠢᠯᠲᠡ᠎ᠪᠠᠷ ᠠᠵᠢᠯ ᠣᠯᠭᠣᠬᠤ ᠤᠳᠤᠷᠢᠳᠤᠮᠵᠢ ᠵᠢ ᠪᠠᠷᠢᠮᠲᠠᠯᠠᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠤᠳᠤᠯᠭ᠎ᠠ ᠵᠢ ᠴᠢᠩᠭ᠋ᠠᠳᠬᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ ᠤᠨ ᠠᠯᠪᠠ᠎ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ ᠵᠡᠷᠭᠡ ᠭᠣᠣᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠠᠵᠢᠯ᠎ᠢ ᠳᠣᠪᠣᠢ᠌ᠯᠭ᠋ᠠᠨ ᠰᠠᠶ᠋ᠢᠲᠤᠷ ᠠᠳᠬᠤᠬᠤ ᠬᠡᠷᠡᠭᠲᠡᠢ᠃ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠵᠤ ᠠᠵᠢᠯ᠎ᠤᠨ ᠪᠠᠶ᠋ᠢᠷᠢ ᠵᠢ ᠥᠷᠭᠡᠳᠬᠡᠬᠦ ᠵᠡᠷᠭᠡ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠡᠮᠵᠢᠵᠦ ᠬᠦᠴᠢᠷᠳᠡᠯ᠎ᠢ᠎ᠨᠢ ᠤᠯᠠᠮ ᠴᠢᠨᠠᠭᠰᠢᠳᠠ ᠰᠢᠢ᠍ᠳᠪᠦᠷᠢᠯᠡᠬᠦ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ᠎ᠨᠢ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠨᠡᠩ ᠤᠯᠠᠨ ᠠᠵᠠ ᠲᠣᠬᠢᠶᠠᠯ᠎ᠢ ᠬᠠᠩᠭ᠋ᠠᠬᠤ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠶ᠋ᠢᠳᠠᠯ᠎ᠢ ᠳᠡᠮᠵᠢᠨ ᠵᠢᠷᠤᠮᠵᠢᠭᠤᠯᠵᠤ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠬᠡᠷᠡᠭᠲᠡᠢ᠃ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ ᠪᠠ ᠠᠵᠢᠯ ᠣᠯᠭᠣᠬᠤ ᠦᠢ᠍ᠯᠡᠴᠢᠯᠡᠭᠡᠨ᠎ᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠥᠳᠡᠯᠮᠦᠷᠢ ᠬᠦᠴᠦ᠂ ᠴᠢᠳᠠᠪᠤᠷᠢᠲᠠᠨ᠂ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠎ᠤᠨ ᠨᠡᠩ ᠰᠠᠢ᠌ᠲᠤᠷ ᠬᠥᠭᠵᠢᠬᠦ ᠵᠢ ᠳᠡᠮᠵᠢᠵᠦ᠂ ᠠᠵᠢᠯ ᠣᠯᠤᠭᠰᠠᠳ᠎ᠤᠨ ᠦᠨᠳᠦᠰᠦᠨ ᠡᠷᠬᠡ ᠠᠰᠢᠭ᠎ᠢ ᠠᠮᠢᠳᠤᠯᠢᠭ ᠵᠶ᠋ᠠᠷ ᠪᠠᠲᠤᠯᠠᠵᠤ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠲᠣᠭᠲᠠᠭᠤᠨ ᠵᠶ᠋ᠠᠷ ᠠᠵᠢᠯ ᠤᠯᠬᠤ ᠵᠢ ᠳᠡᠮᠵᠢᠵᠦ᠂ ᠠᠵᠢᠯ ᠤᠯᠬᠤ᠎ᠳᠤ ᠬᠦᠴᠢᠷᠲᠡᠢ ᠬᠥᠮᠦᠰ᠎ᠢ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠵᠦ᠂ ᠠᠵᠢᠯ ᠠᠯᠳᠠᠭᠰᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠤ᠂ ᠪᠦᠬᠦ ᠵᠢᠯ᠎ᠤᠨ ᠠᠵᠢᠯ ᠣᠯᠭᠣᠯᠲᠠ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠵᠦ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ! ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠰᠦᠨ ᠴᠦᠨ ᠯᠠᠨ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠤ᠌ ᠴᠦᠨ ᠬᠤᠸᠠ ᠬᠤᠷᠠᠯ᠎ᠳᠤ ᠣᠷᠣᠯᠴᠠᠵᠤ ᠦᠭᠡ ᠬᠡᠯᠡᠪᠡ᠃
ᠬᠤᠷᠠᠯ᠎ᠳᠤ ᠴᠢᠬᠤᠯᠠᠴᠢᠯᠠᠬᠤ᠎ᠳᠤ᠎ᠪᠠᠨ᠂ ᠠᠵᠤ ᠠᠬᠤᠢ ᠵᠢᠨ ᠬᠥᠭᠵᠢᠯᠲᠡ᠎ᠪᠠᠷ ᠠᠵᠢᠯ ᠣᠯᠭᠣᠬᠤ ᠤᠳᠤᠷᠢᠳᠤᠮᠵᠢ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭᠲᠠᠭᠤᠨ ᠵᠶ᠋ᠠᠷ ᠬᠥᠭᠵᠢᠵᠦ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠵᠢ ᠳᠡᠮᠵᠢᠵᠦ᠂ ᠰᠢᠨ᠎ᠡ ᠠᠵᠢᠯ᠎ᠤᠨ ᠪᠠᠶ᠋ᠢᠷᠢ ᠵᠢ ᠢᠳᠡᠪᠬᠢᠲᠡᠢ ᠡᠭᠦᠳᠦᠨ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠶᠡᠬᠡ᠎ᠪᠠᠷ ᠳᠡᠮᠵᠢᠵᠦ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠡᠯ᠎ᠡ ᠲᠥᠷᠥᠯ᠎ᠤᠨ ᠠᠵᠢᠯ ᠣᠯᠭᠣᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠰᠠᠭᠤᠷᠢ ᠪᠠ ᠰᠠᠭᠤᠷᠢ ᠵᠢ ᠪᠠᠲᠤᠯᠠᠬᠤ ᠴᠢᠳᠠᠮᠵᠢ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠳᠡᠮᠵᠢᠵᠦ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ ᠣᠯᠭᠣᠬᠤ ᠦᠢ᠍ᠯᠡᠴᠢᠯᠡᠭᠡᠨ᠎ᠳᠤ ᠥᠷᠭᠡᠨ ᠵᠶ᠋ᠠᠷ ᠣᠷᠣᠯᠴᠠᠬᠤ ᠵᠢ ᠵᠣᠷᠢᠭᠵᠢᠭᠤᠯᠤᠨ ᠬᠥᠲᠥᠯᠦᠨ ᠵᠢᠯᠣᠭᠣᠳᠴᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠪᠦᠷᠢᠨᠰᠢᠭᠦᠯᠬᠦ ᠬᠡᠷᠡᠭᠲᠡᠶ᠃ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠡᠭᠦᠷᠭᠡ ᠵᠢ ᠴᠢᠨᠠᠷ ᠪᠠ ᠲᠣᠭ᠎ᠠ ᠬᠡᠮᠵᠢᠶ᠎ᠡ ᠶᠣᠰᠣᠭ᠋ᠠᠷ ᠪᠠᠲᠤᠯᠠᠨ ᠪᠡᠶᠡᠯᠡᠭᠦᠯᠵᠦ᠂ ᠡᠯ᠎ᠡ ᠲᠥᠷᠥᠯ᠎ᠤᠨ ᠪᠣᠯᠪᠠᠰᠤᠷᠠᠯ᠎ᠤᠨ ᠨᠢᠭᠡᠴᠢ ᠵᠢᠨ ᠢᠳᠡᠪᠬᠢᠵᠢᠯ᠎ᠢ ᠪᠦᠲᠦᠮᠵᠢᠲᠡᠶ ᠳᠠᠶ᠋ᠢᠴᠢᠯᠠᠨ᠂ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ᠎ᠢ ᠨᠠᠮᠳᠠᠭᠤᠯᠬᠤ ᠬᠡᠷᠡᠭᠲᠡᠶ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠰᠤᠷᠭ᠋ᠠᠭᠤᠯᠢ᠎ᠠᠴᠠ᠎ᠪᠠᠨ ᠰᠠᠯᠬᠤ᠎ᠠᠴᠠ ᠡᠮᠦᠨ᠎ᠡ ᠬᠣᠶ᠋ᠢᠨᠠᠬᠢ ᠦᠢ᠍ᠯᠡᠴᠢᠯᠡᠭᠡ ᠵᠢ ᠰᠠᠢ᠌ᠲᠤᠷ ᠵᠣᠯᠭ᠋ᠠᠭᠤᠯᠵᠤ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢᠨ ᠮᠡᠳᠡᠭᠡ ᠵᠠᠩᠭᠢ ᠵᠢᠨ ᠵᠣᠯᠭ᠋ᠠᠯᠴᠠᠭ᠎ᠠ ᠵᠢ ᠠᠬᠢᠭᠤᠯᠤᠨ᠂ ᠲᠡᠭᠦᠰᠬᠦ ᠣᠶᠤᠲᠠᠳ᠎ᠲᠤ ᠠᠵᠢᠯ ᠣᠯᠭᠣᠬᠤ ᠠᠵᠢᠯ᠎ᠤᠨ ᠪᠠᠶ᠋ᠢᠷᠢ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠬᠦ ᠬᠡᠷᠡᠭᠲᠡᠶ ᠭᠡᠵᠡᠢ᠃
ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ᠎ᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠠᠵᠢᠯ ᠣᠯᠭᠣᠯᠲᠠ ᠵᠢᠨ ᠵᠢᠯᠣᠭᠣᠳᠣᠯᠭ᠎ᠠ ᠦᠢ᠍ᠯᠡᠴᠢᠯᠡᠭᠡᠨ᠎ᠤ ᠬᠠᠨᠳᠤᠯᠭ᠋ᠠᠲᠤ ᠴᠢᠨᠠᠷ᠎ᠢ ᠳᠡᠭᠡᠭᠰᠢᠯᠡᠭᠦᠯᠦᠨ᠂ ᠲᠡᠭᠦᠰᠬᠦ ᠣᠶᠤᠲᠠᠳ᠎ᠤᠨ ᠵᠥᠪ ᠣᠨᠣᠪᠴᠢᠲᠠᠶ ᠠᠵᠢᠯ ᠤᠯᠬᠤ ᠦᠵᠡᠯᠲᠡᠢ ᠪᠤᠢ ᠪᠣᠯᠭ᠋ᠠᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠷᠴᠦ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠬᠥᠲᠥᠯᠥᠨ ᠵᠢᠯᠣᠭᠣᠳᠴᠤ᠂ ᠲᠡᠳᠡᠨ᠎ᠢ ᠬᠠᠪᠰᠤᠷᠤᠨ ᠠᠵᠢᠯ ᠡᠷᠢᠬᠦ ᠶᠠᠪᠤᠴᠠ᠎ᠳᠤ ᠲᠣᠬᠢᠶᠠᠯᠳᠤᠭᠰᠠᠨ ᠬᠦᠴᠢᠷᠳᠡᠯ᠎ᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠰᠤᠷᠭ᠋ᠠᠭᠤᠯᠢ᠎ᠠᠴᠠ ᠰᠠᠯᠬᠤ᠎ᠠᠴᠠ ᠡᠮᠦᠨᠡᠬᠢ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠡᠯᠰᠡᠬᠦ ᠠᠵᠢᠯ᠎ᠤᠨ ᠡᠷᠴᠢᠮ᠎ᠢ ᠪᠠᠭᠤᠷᠠᠭᠤᠯᠬᠤ ᠥᠬᠡᠶ᠂ ᠰᠤᠷᠭ᠋ᠠᠭᠤᠯᠢ᠎ᠠᠴᠠ ᠰᠠᠯᠤᠭᠰᠠᠨ᠎ᠤ ᠳᠠᠷᠠᠭ᠎ᠠ ᠠᠵᠢᠯ ᠣᠯᠭᠣᠬᠤ ᠦᠢ᠍ᠯᠡᠴᠢᠯᠡᠭᠡ ᠵᠢ ᠵᠣᠯᠭ᠋ᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠰᠢᠩᠭᠡᠭᠡᠨ ᠠᠪᠬᠤ ᠦᠢ᠍ᠯᠡᠳᠦᠯ᠎ᠢ ᠪᠠᠳᠠᠷᠠᠭᠤᠯᠵᠤ᠂ ᠪᠠᠭᠰᠢ᠂ ᠡᠮᠨᠡᠯᠭᠡ ᠵᠢᠨ ᠠᠵᠢᠯᠲᠠᠨ ᠵᠡᠷᠭᠡ ᠠᠵᠢᠯ᠎ᠤᠨ ᠪᠠᠶ᠋ᠢᠷᠢ ᠵᠢᠨ ᠡᠯᠰᠡᠨ ᠬᠡᠷᠡᠭᠯᠡᠬᠦ ᠴᠠᠭ᠎ᠢ ᠰᠢᠯᠢᠳᠡᠭᠵᠢᠭᠦᠯᠦᠨ ᠳᠣᠭᠢᠷᠠᠭᠤᠯᠵᠤ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》᠂ 《ᠣᠨᠴᠠᠭ᠋ᠠᠶ ᠠᠵᠢᠯ᠎ᠤᠨ ᠪᠠᠶ᠋ᠢᠷᠢ ᠵᠢᠨ ᠪᠠᠭᠰᠢ》᠂ 《ᠪᠠᠷᠠᠭᠤᠨ ᠣᠷᠣᠨ᠎ᠤ ᠲᠥᠯᠥᠪᠯᠡᠭᠡ》 ᠵᠡᠷᠭᠡ ᠦᠨᠳᠦᠰᠦᠨ ᠱᠠᠲᠤᠨ᠎ᠤ ᠠᠵᠢᠯ ᠣᠯᠭᠣᠯᠲᠠ ᠵᠢᠨ ᠲᠥᠷᠥᠯ ᠵᠦᠢ᠍ᠯ᠎ᠢ ᠰᠠᠶ᠋ᠢᠲᠤᠷ ᠬᠡᠷᠡᠭᠵᠢᠭᠦᠯᠬᠦ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠣᠯᠲᠠ ᠵᠢᠨ ᠠᠷᠭ᠎ᠠ ᠵᠠᠮ᠎ᠢ ᠥᠷᠭᠡᠳᠬᠡᠵᠦ᠂ ᠳᠠᠷᠤᠭ᠋ᠠᠰᠤ ᠵᠢ᠎ᠨᠢ ᠬᠥᠩᠭᠡᠯᠡᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠵᠤ ᠠᠵᠢᠯ ᠣᠯᠭᠣᠯᠲᠠ ᠵᠢ ᠥᠷᠭᠡᠳᠬᠡᠬᠦ ᠤᠯᠤᠰ᠎ᠤᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠬᠡᠷᠡᠭᠯᠡᠵᠦ᠂ ᠠᠵᠤ ᠠᠬᠤᠶ᠋ᠢᠯᠠᠯ᠎ᠤᠨ ᠰᠢᠩᠭᠡᠭᠡᠨ ᠠᠪᠴᠤ ᠠᠵᠢᠯ ᠣᠯᠭᠣᠬᠤ ᠵᠢ ᠵᠣᠷᠢᠭᠵᠢᠭᠤᠯᠵᠤ᠂ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠂ ᠠᠳᠠᠯ ᠦᠢ᠍ᠯᠡᠰ ᠴᠣᠭᠴᠠᠯᠠᠬᠤ ᠵᠢᠭᠡᠯᠡᠯᠭᠡ ᠵᠡᠷᠭᠡ ᠲᠦᠷᠦ ᠵᠢᠨ ᠪᠤᠳᠤᠯᠭ᠎ᠠ᠎ᠪᠠᠷ ᠳᠠᠮᠵᠢᠭᠤᠯᠤᠨ ᠲᠡᠭᠦᠰᠬᠦ ᠣᠶᠤᠲᠠᠳ᠎ᠤᠨ ᠠᠳᠠᠯ ᠦᠢ᠍ᠯᠡᠰ ᠴᠣᠭᠴᠠᠯᠠᠬᠤ ᠵᠢ ᠳᠡᠮᠵᠢᠵᠦ᠂ ᠲᠡᠭᠦᠰᠬᠦ ᠣᠶᠤᠲᠠᠳ᠎ᠤᠨ ᠨᠡᠩ ᠭᠦᠢ᠍ᠴᠡᠳ ᠨᠡᠩ ᠴᠢᠨᠠᠷ ᠰᠠᠶ᠋ᠢᠲᠠᠢ ᠠᠵᠢᠯ ᠤᠯᠬᠤ ᠵᠢ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠠᠶᠠᠷᠯᠠᠨ ᠪᠡᠯᠭᠡᠯᠡᠬᠦ ᠬᠡᠷᠡᠭᠲᠡᠢ᠃