6 ᠰᠠᠷ᠎ᠠ ᠵᠢᠨ 2᠎ᠤᠨ ᠡᠳᠤᠷ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠨᠠᠮᠢᠪᠢᠶ᠎ᠠ ᠵᠢᠨ ᠶᠠᠷᠤᠩᠬᠡᠢ᠍ᠢ᠍ᠯᠡᠭᠴᠢ ᠭ᠋ᠸᠨᠭᠸᠪᠦ᠋ᠳᠤ ᠴᠠᠬᠢᠯᠭ᠋ᠠᠨ ᠴᠢᠮᠡᠬᠡ ᠶᠠᠪᠤᠭᠤᠯᠵᠤ᠂ ᠶᠠᠷᠤᠩᠬᠡᠢ᠍ᠢ᠍ᠯᠡᠭᠴᠢ ᠭ᠋ᠸᠨᠭᠸᠪᠦ᠋ ᠬᠠᠳᠤᠨᠲᠠᠢᠪᠠᠨ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠳᠤ ᠬᠠᠯᠳᠠᠪᠤᠷᠢᠯᠠᠬᠳᠠᠬᠰᠠᠨ᠎ᠳᠤ ᠲᠤᠬᠤᠨᠢᠭᠤᠯᠵᠤ ᠪᠠᠢ᠍ᠢ᠍ᠬᠤ᠎ᠪᠠᠨ ᠢᠯᠡᠳᠭᠡᠪᠡ᠃
ᠰᠢ ᠵᠢᠨ ᠫᠢᠩ ᠲᠤᠬᠤᠨᠢᠭᠤᠯᠬᠤ ᠴᠠᠬᠢᠯᠭ᠋ᠠᠨ ᠴᠢᠮᠡᠬᠡ᠎ᠳᠡᠭᠡᠨ᠂ ᠶᠠᠷᠤᠩᠬᠡᠢ᠍ᠢ᠍ᠯᠡᠭᠴᠢ ᠠᠪᠤᠭ᠋ᠠᠢ ᠪᠤᠯᠤᠨ ᠭ᠋ᠸᠭᠸᠰ ᠠᠪᠠᠬᠠᠢ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠳᠤ ᠬᠠᠯᠳᠠᠪᠤᠷᠢᠯᠠᠬᠳᠠᠬᠰᠠᠨᠢ ᠰᠤᠨᠤᠰᠤᠭ᠋ᠠᠳ᠂ ᠪᠢ ᠬᠠᠳᠤᠨ ᠫᠸᠩ ᠯᠢ ᠶᠤᠸᠠᠨ᠎ᠲᠠᠢ᠎ᠪᠠᠨ ᠲᠠ ᠨᠠᠷ᠎ᠲᠤ ᠴᠢᠩ ᠰᠡᠳᠬᠢᠯ᠎ᠤᠨ ᠲᠤᠬᠤᠨᠢᠭᠤᠯᠤᠯ ᠬᠦᠷᠬᠡᠵᠤ᠂ ᠲᠠᠨ᠎ᠤ ᠡᠷᠳᠡᠬᠡᠨ ᠡᠷᠡᠬᠦᠯᠵᠢᠬᠦ ᠵᠢ ᠵᠦᠩᠨᠡᠵᠦ ᠪᠠᠢ᠍ᠢ᠍ᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠭᠠᠷᠤᠬᠰᠠᠨ᠎ᠠᠴᠠ ᠨᠠᠭ᠋ᠠᠰᠢ᠂ ᠳᠤᠮᠳᠠᠳᠤ ᠨᠠᠮᠢᠪᠢᠶ᠎ᠠ ᠬᠤᠶᠠᠷ ᠤᠯᠤᠰ ᠵᠶ᠋ᠠᠷ ᠵᠶ᠋ᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ ᠬᠤᠯᠪᠤᠯᠴᠠᠨ ᠬᠢᠵᠢᠭ᠎ᠲᠠᠢ ᠲᠡᠮᠡᠴᠡᠵᠤ᠂ ᠤᠯᠠᠮᠵᠢᠯᠠᠯᠳᠤ ᠨᠦᠬᠦᠷᠯᠠᠯ ᠨᠡᠩ ᠬᠦᠨᠵᠡᠬᠡᠢ᠍ᠢ᠍ᠷᠡᠵᠠᠢ᠃ ᠪᠢ ᠳᠤᠮᠳᠠᠳᠤ ᠨᠠᠮᠢᠪᠢᠶ᠎ᠠ ᠵᠢᠨ ᠬᠠᠷᠢᠯᠴᠠᠭ᠎ᠠ ᠵᠢᠨ ᠬᠦᠭᠵᠢᠯᠳᠠ ᠵᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠵᠤ᠂ ᠲᠤᠷᠠᠳᠠᠶ᠎ᠠ ᠶᠠᠷᠤᠩᠭᠡᠢ᠍ᠢ᠍ᠯᠡᠭᠴᠢ ᠭ᠋ᠸᠨᠭᠸᠪᠦ᠋ᠲᠠᠢ ᠬᠠᠮᠳᠤ᠎ᠪᠠᠷ ᠴᠢᠷᠮᠠᠢ᠍ᠢ᠍ᠵᠤ ᠪᠠᠢ᠍ᠢ᠍ᠭ᠋ᠠᠳ᠂ ᠬᠤᠶᠠᠷ ᠤᠯᠤᠰ᠎ᠤᠨ ᠪᠦᠬᠦ ᠲᠠᠯ᠎ᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ ᠵᠢᠨ ᠬᠠᠨᠢᠳᠠᠨ᠎ᠤ ᠬᠠᠷᠢᠯᠴᠠᠭ᠎ᠠ ᠵᠢ ᠲᠠᠰᠤᠷᠠᠯᠳᠠ ᠦᠬᠡᠢ ᠰᠢᠨ᠎ᠠ ᠲᠡᠭᠳᠡᠷ᠎ᠲᠤ ᠭᠠᠷᠭ᠋ᠠᠨ᠎ᠠ ᠬᠡᠵᠤ ᠢᠯᠡᠳᠬᠡᠪᠡ ᠃