ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠬᠤᠭᠤᠷᠤᠨᠳᠤᠬᠢ ᠨᠥᠬᠥᠷᠯᠡᠯ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠵᠡᠢ
ᠨᠡᠶ᠋ᠢᠲᠡᠯᠡᠭᠰᠡᠨ ᠴᠠᠭ᠄ 2021-06-04

      6 ᠰᠠᠷ᠎ᠠ ᠵᠢᠨ 3᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠬᠤᠭᠤᠷᠤᠨᠳᠤᠬᠢ ᠨᠥᠬᠥᠷᠯᠡᠯ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ ᠪᠢ ᠨᠢᠳᠤᠨᠤᠨ᠎ᠤ 11 ᠰᠠᠷ᠎ᠠ᠎ᠳᠤ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠬᠤᠭᠤᠷᠤᠨᠳᠤᠬᠢ ᠨᠥᠬᠥᠷᠯᠡᠯ᠎ᠤᠨ ᠶᠠᠷᠢᠶᠠᠨ᠎ᠤ ᠲᠠᠪᠴᠠᠩ᠎ᠢ ᠡᠷᠬᠢᠯᠡᠬᠦ ᠰᠠᠨᠠᠭ᠋ᠠᠴᠢᠯᠠᠭ᠎ᠠ ᠵᠢ ᠳᠤᠷᠠᠳᠤᠭ᠋ᠠᠳ ᠡᠯ᠎ᠡ ᠪᠦᠷᠢᠯᠳᠦᠬᠦᠨ ᠤᠯᠤᠰ᠎ᠤᠨ ᠬᠠᠯᠠᠭᠤᠨ ᠬᠦᠷᠢᠶᠡᠯᠡᠯ ᠪᠠ ᠢᠳᠡᠪᠬᠢᠲᠡᠢ ᠳᠡᠮᠵᠢᠯᠭᠡ ᠵᠢ ᠤᠯᠪᠠ᠃ ᠶᠠᠷᠢᠶᠠᠨ᠎ᠤ ᠲᠠᠪᠴᠠᠩ᠎ᠨᠢ ᠡᠯ᠎ᠡ ᠲᠠᠯ᠎ᠠ ᠵᠢᠨ᠎ᠬᠢᠨ᠎ᠤ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠬᠦ᠂ ᠨᠥᠬᠥᠷᠯᠡᠯ ᠵᠶ᠋ᠠᠨ ᠵᠤᠵᠠᠭ᠋ᠠᠳᠬᠠᠬᠤ᠂ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠴᠢᠬᠤᠯᠠ ᠲᠠᠪᠴᠠᠩ ᠪᠣᠯᠤᠨ᠎ᠠ ᠭᠡᠳᠡᠭ᠎ᠢ ᠢᠲᠡᠭᠡᠵᠦ ᠪᠠᠶ᠋ᠢᠨ᠎ᠠ ᠭᠡᠵᠤ ᠴᠢᠬᠤᠯᠠᠴᠢᠯᠠᠪᠠ᠃
      ᠰᠢ ᠵᠢᠨ ᠫᠢᠩ᠂ ᠡᠯ᠎ᠡ ᠲᠠᠯ᠎ᠠ ᠵᠢᠨ᠎ᠬᠢᠨ 《ᠱᠠᠩᠬᠠᠢ ᠵᠢᠨ ᠵᠣᠷᠢᠭ ᠰᠠᠨᠠᠭ᠎ᠠ》 ᠵᠢ ᠪᠠᠷᠢᠮᠲᠠᠯᠠᠨ᠂ ᠤᠭ ᠰᠠᠨᠠᠭ᠎ᠠ᠎ᠪᠠᠨ ᠪᠠᠲᠤ ᠰᠠᠬᠢᠵᠤ᠂ ᠰᠡᠳᠬᠢᠯ ᠨᠢᠭᠡᠲᠦᠨ ᠬᠦᠴᠦ᠎ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠬᠦᠰᠡᠵᠦ ᠪᠠᠶ᠋ᠢᠨ᠎ᠠ᠃ ᠠᠷᠠᠳ᠎ᠤᠨ ᠬᠤᠭᠤᠷᠤᠨᠳᠤᠬᠢ ᠭᠠᠳᠠᠭ᠋ᠠᠳᠤ ᠬᠠᠷᠢᠯᠴᠠᠭ᠋ᠠᠨ᠎ᠤ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠤ ᠰᠡᠳᠬᠢᠯ ᠰᠠᠨᠠᠭ᠎ᠠ᠎ᠪᠠᠨ ᠨᠡᠪᠳᠡᠷᠡᠯᠴᠡᠬᠦᠯᠬᠦ ᠠᠷᠭ᠎ᠠ ᠵᠠᠮ᠎ᠢ ᠥᠷᠭᠡᠳᠬᠡᠵᠦ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠬᠣᠭᠣᠷᠣᠨᠳᠣᠬᠢ ᠨᠥᠬᠥᠷᠯᠡᠯ᠎ᠤᠨ ᠶᠠᠷᠢᠶᠠᠨ᠎ᠤ ᠲᠠᠪᠴᠠᠩ᠎ᠢ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠯᠤᠭ᠎ᠠ ᠵᠢᠨ ᠨᠥᠬᠥᠷᠯᠡᠯ᠎ᠤᠨ ᠨᠡᠶ᠋ᠢᠭᠡᠮᠯᠢᠭ᠂ ᠬᠤᠪᠸᠢ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠵᠥᠪᠯᠡᠯ ᠬᠠᠮᠲᠤ᠎ᠪᠠᠷ ᠭᠣᠣᠯᠯᠠᠨ ᠡᠷᠬᠢᠯᠡᠵᠦ᠂ ᠲᠤᠰ ᠡᠳᠦᠷ ᠬᠤᠪᠸᠢ ᠮᠤᠵᠢ ᠵᠢᠨ ᠦᠬᠠᠨ ᠬᠤᠳᠠ᠎ᠳᠤ ᠡᠬᠢᠯᠡᠪᠡ᠂ ᠭᠣᠣᠯ ᠰᠡᠳᠦᠪ᠎ᠨᠢ 《ᠠᠷᠠᠳ᠎ᠤᠨ ᠬᠣᠭᠣᠷᠣᠨᠳᠣᠬᠢ ᠨᠥᠬᠥᠷᠯᠡᠯ᠎ᠢ ᠠᠬᠢᠭᠤᠯᠵᠤ᠂ 〈ᠱᠠᠩᠬᠠᠢ ᠵᠢᠨ ᠵᠣᠷᠢᠭ ᠰᠠᠨᠠᠭ᠎ᠠ〉 ᠵᠢ ᠤᠯᠠᠮᠵᠢᠯᠠᠶ᠎ᠠ》 ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠪᠦᠬᠦ ᠤᠯᠤᠰ᠎ᠤᠨ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ ᠵᠢᠴᠢ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠠᠵᠢᠯ᠎ᠤᠨ ᠲᠧᠯᠸᠢᠰ ᠤᠲᠠᠰᠤ ᠬᠤᠷᠠᠯ᠎ᠳᠤ ᠴᠢᠬᠤᠯᠠ ᠴᠣᠬᠣᠯᠠᠪᠤᠷᠢ ᠥᠭᠴᠡᠢ
ᠰᠢ ᠵᠢᠨ ᠫᠢᠩ ᠫᠠᠺᠢᠰᠲ᠋ᠠᠨ᠎ᠤ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠧ ᠴᠢᠶᠠᠩ ᠸᠢᠶᠧᠲᠨᠠᠮ᠎ᠤᠨ ᠶᠡᠷᠦᠩᠬᠡᠢ ᠰᠠᠢ᠌ᠳ ᠹᠠᠨ ᠮᠢᠩ ᠵᠧᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠬᠥᠬᠡᠨᠠᠭᠤᠷ᠎ᠲᠤ ᠬᠦᠷᠴᠦ ᠪᠠᠶ᠋ᠢᠴᠠᠭ᠋ᠠᠨ ᠰᠤᠳᠤᠯᠪᠠ
ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠤᠶ᠎ᠠ — ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠭᠰᠠᠨ ᠪᠣᠳᠠᠲᠤ ᠲᠡᠮᠳᠡᠭᠯᠡᠯ
 
            