ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 6 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨ᠎ᠡ ᠵᠥᠩ ᠨᠠᠨ ᠬᠠᠶ ᠵᠢᠨ ᠽᠢ ᠭᠤᠸᠠᠩ ᠭᠧᠳᠤ ᠪᠣᠯᠵᠣᠭ᠎ᠠ ᠶᠣᠰᠣᠭ᠋ᠠᠷ ᠸᠢᠶᠧᠲᠨᠠᠮ᠎ᠤᠨ ᠶᠡᠷᠦᠩᠬᠡᠶ ᠰᠠᠶ᠋ᠢᠳ ᠹᠠᠨ ᠮᠢᠩ ᠵᠧᠩ᠎ᠲᠠᠢ ᠤᠲᠠᠰᠤ᠎ᠪᠠᠷ ᠶᠠᠷᠢᠯᠴᠠᠪᠠ᠃
ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠸᠢᠶᠸᠲᠨᠠᠮ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠨᠥᠬᠥᠷᠰᠡᠭ ᠬᠥᠷᠰᠢ ᠤᠯᠤᠰ ᠪᠣᠯᠤᠨ᠎ᠠ᠃ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 70 ᠭᠠᠷᠤᠢ ᠵᠢᠯ᠎ᠤᠨ ᠲᠤᠷᠰᠢ᠂ ᠬᠣᠶᠠᠷ ᠲᠠᠯ᠎ᠠ᠎ᠪᠠᠷ ᠵᠶ᠋ᠠᠨ ᠬᠣᠶᠠᠷ ᠤᠯᠤᠰ᠎ᠤᠨ ᠠᠬᠠᠮᠠᠳ ᠦᠶ᠎ᠡ ᠵᠢᠨ ᠤᠳᠤᠷᠢᠳᠬᠤ ᠬᠥᠮᠦᠰ᠎ᠤᠨ ᠬᠠᠮᠲᠤ᠎ᠪᠠᠷ ᠴᠣᠭᠴᠠᠯᠠᠨ ᠪᠠᠶ᠋ᠢᠭᠤᠯᠤᠭᠰᠠᠨ ᠭᠦᠨ ᠵᠤᠵᠠᠭ᠋ᠠᠨ ᠨᠥᠬᠥᠷᠯᠡᠯ᠎ᠢ ᠢᠮᠠᠭᠲᠠ ᠨᠠᠨᠳᠢᠩᠨᠠᠭᠰᠠᠭ᠋ᠠᠷ ᠢᠷᠡᠪᠡ᠃ ᠣᠳᠣᠬᠠᠨ᠎ᠳᠤ᠂ ᠬᠣᠶᠠᠷ ᠨᠠᠮ ᠬᠣᠶᠠᠷ ᠤᠯᠤᠰ᠎ᠤᠨ ᠤᠳᠤᠷᠢᠳᠬᠤ ᠬᠥᠮᠥᠰ ᠪᠠᠶ᠋ᠢᠩᠭᠤ ᠵᠢᠨ ᠴᠢᠨᠠᠷᠲᠠᠢ ᠣᠢ᠌ᠯᠠᠭ᠋ᠠᠯᠴᠠᠭ᠎ᠠ ᠨᠡᠪᠲᠡᠷᠡᠯᠴᠡᠭᠡ᠎ᠪᠠᠨ ᠪᠠᠲᠤᠯᠠᠭᠰᠠᠭ᠋ᠠᠷ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠯ ᠦᠭᠡᠢ ᠵᠠᠭᠤᠨ ᠵᠢᠯ᠎ᠤᠨ ᠤᠢ᠎ᠪᠠᠨ ᠤᠭᠲᠤᠬᠤ ᠪᠣᠯᠤᠨ᠎ᠠ᠃ ᠬᠣᠶᠠᠷ ᠲᠠᠯ᠎ᠠ᠎ᠪᠠᠷ ᠵᠶ᠋ᠠᠨ ᠤᠯᠤᠰ ᠲᠦᠷᠦ ᠵᠢᠨ ᠢᠲᠡᠭᠡᠯᠴᠡᠭᠡ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠤᠮᠳᠠᠳᠤ ᠸᠢᠶᠸᠲᠨᠠᠮ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠬᠠᠨᠢᠲᠠᠨ᠎ᠤ ᠬᠠᠷᠢᠴᠠᠭ᠎ᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠵᠢ ᠬᠦᠰᠡᠵᠦ ᠪᠠᠢ᠌ᠨ᠎ᠠ ᠭᠡᠵᠡᠢ᠃
ᠯᠢ ᠺᠸ ᠴᠢᠶᠠᠩ ᠵᠢᠭ᠋ᠠᠬᠤ᠎ᠳᠤ᠎ᠪᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠲᠠᠭ᠋ᠠᠷᠢᠯᠲᠠ ᠪᠠ ᠳᠡᠯᠡᠬᠡᠢ ᠵᠢᠨ ᠠᠵᠤ ᠠᠬᠤᠢ ᠵᠢᠨ ᠲᠣᠭᠲᠠᠭᠤᠨ ᠪᠤᠰᠤ ᠴᠢᠨᠠᠷ᠎ᠤᠨ ᠳᠡᠭᠡᠭᠰᠢᠯᠡᠯᠲᠡ᠎ᠠᠴᠠ ᠪᠣᠯᠤᠭᠰᠠᠨ ᠥᠷᠢᠰᠥᠯᠳᠦᠭᠡᠨ᠎ᠤ ᠡᠮᠦᠨ᠎ᠡ᠂ ᠳᠤᠮᠳᠠᠳᠤ ᠸᠢᠶᠸᠲᠨᠠᠮ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠪᠠᠨ ᠥᠷᠭᠡᠳᠬᠡᠬᠦ᠎ᠨᠢ ᠵᠡᠭᠦᠨ ᠠᠽᠢᠶ᠎ᠠ ᠵᠢᠨ ᠠᠵᠤ ᠠᠬᠤᠢ ᠵᠢᠨ ᠲᠣᠭᠲᠠᠭᠤᠨ ᠵᠶ᠋ᠠᠷ ᠰᠡᠷᠭᠦᠬᠦ ᠵᠢ ᠳᠡᠮᠵᠢᠬᠦ᠎ᠳᠤ ᠠᠰᠢᠭᠲᠠᠢ ᠶᠤᠮ᠃ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠸᠢᠶᠸᠲᠨᠠᠮ᠎ᠤᠨ ᠲᠠᠯ᠎ᠠ ᠵᠢᠨ᠎ᠬᠢᠨ᠎ᠲᠠᠢ 《ᠨᠢᠭᠡ ᠪᠦᠰᠡ ᠨᠢᠭᠡ ᠵᠠᠮ》 ᠪᠣᠯᠤᠨ 《ᠬᠣᠶᠠᠷ ᠬᠤᠩᠬᠢᠯ ᠨᠢᠭᠡ ᠲᠣᠭᠣᠷᠢᠭ》᠎ᠢ ᠬᠠᠮᠲᠤ᠎ᠪᠠᠷ ᠪᠠᠶ᠋ᠢᠭᠤᠯᠬᠤ ᠵᠢ ᠴᠢᠩᠭ᠋ᠠᠳᠬᠠᠵᠤ᠂ ᠬᠢᠯᠢ ᠠᠯᠤᠰᠯᠠᠭᠰᠠᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠥᠭᠡᠳ ᠤᠷᠤᠭᠰᠢᠲᠠᠢ ᠨᠡᠪᠲᠡᠷᠡᠬᠦ ᠵᠢ ᠪᠠᠲᠤᠯᠠᠨ᠎ᠠ᠃ ᠬᠢᠵᠢᠭ᠎ᠢ ᠰᠡᠷᠭᠡᠶ᠋ᠢᠯᠡᠨ ᠡᠵᠡᠮᠳᠡᠬᠦ᠂ ᠸᠠᠺᠼᠢᠨ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠸᠢᠶᠸᠲᠨᠠᠮ᠎ᠤᠨ ᠲᠠᠯ᠎ᠠ ᠵᠢᠨ᠎ᠬᠢᠨ᠎ᠳᠤ ᠦᠷᠭᠦᠯᠵᠢᠯᠡᠨ ᠴᠢᠳᠠᠯ᠎ᠤᠨ ᠬᠢᠷᠢ᠎ᠪᠠᠷ ᠵᠶ᠋ᠠᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠡ᠃ ᠸᠢᠶᠧᠲᠨᠠᠮ᠎ᠤᠨ ᠲᠠᠯ᠎ᠠ ᠵᠢᠨ᠎ᠬᠢᠨ ᠸᠢᠶᠧᠲᠨᠠᠮ᠎ᠳᠤ ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠳ᠎ᠲᠤ ᠸᠠᠺᠼᠢᠨ ᠳᠠᠷᠢᠬᠤ᠎ᠳᠤ ᠲᠥᠬᠥᠮ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠡᠶ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮᠢ ᠪᠠᠭᠲᠠᠭ᠋ᠠᠭᠰᠠᠨ ᠬᠣᠯᠪᠣᠭᠳᠠᠯ ᠪᠦᠬᠦᠢ ᠤᠯᠤᠰ᠎ᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (RCEP)᠎ᠤᠨ ᠡᠷᠲᠡ ᠡᠳᠦᠷ ᠬᠦᠴᠦᠨ᠎ᠲᠠᠢ ᠪᠣᠯᠬᠤ ᠵᠢ ᠠᠬᠢᠭᠤᠯᠵᠤ᠂ ᠭᠠᠵᠠᠷ ᠣᠷᠣᠨ᠎ᠤ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠦᠨ᠎ᠡ ᠭᠡᠪᠡ᠃
ᠹᠠᠨ ᠮᠢᠩ ᠵᠧᠩ ᠸᠢᠶᠸᠲᠨᠠᠮ᠎ᠤᠨ ᠨᠠᠮ᠂ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠢ ᠲᠥᠯᠥᠭᠡᠯᠡᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢᠨ ᠪᠠᠶᠠᠷ᠎ᠢ ᠬᠠᠯᠠᠭᠤᠨ ᠵᠶ᠋ᠠᠷ ᠪᠡᠯᠭᠡᠯᠡᠪᠡ᠃ ᠹᠠᠨ ᠮᠢᠩ ᠵᠧᠩ ᠢᠯᠡᠳᠬᠡᠬᠦ᠎ᠳᠤ᠎ᠪᠠᠨ᠂ ᠸᠢᠶᠧᠲᠨᠠᠮ ᠳᠤᠮᠳᠠᠳᠤ ᠵᠢᠨ ᠬᠣᠭᠣᠷᠣᠨᠳᠣᠬᠢ ᠤᠯᠠᠮᠵᠢᠯᠠᠯᠲᠤ ᠭᠦᠨ ᠵᠤᠵᠠᠭ᠋ᠠᠨ ᠨᠥᠬᠥᠷᠯᠡᠯ ᠪᠣᠯ ᠬᠣᠶᠠᠷ ᠲᠠᠯ᠎ᠠ ᠵᠢᠨ ᠬᠠᠮᠲᠤ ᠵᠢᠨ ᠡᠳ᠋ ᠪᠠᠶᠠᠯᠢᠭ ᠪᠣᠯᠤᠨ᠎ᠠ᠃ ᠸᠢᠶᠧᠲᠨᠠᠮ ᠳᠤᠮᠳᠠᠳᠤ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠬᠠᠨᠢᠲᠠᠨ᠎ᠤ ᠬᠠᠷᠢᠴᠠᠭ᠎ᠠ ᠵᠢ ᠬᠠᠮᠠᠭ᠋ᠠᠯᠠᠨ ᠬᠥᠭᠵᠢᠭᠦᠯᠬᠦ ᠪᠣᠯ ᠸᠢᠶᠧᠲᠨᠠᠮ᠎ᠤᠨ ᠭᠠᠳᠠᠭ᠋ᠠᠳᠤ ᠬᠠᠷᠢᠯᠴᠠᠭ᠋ᠠᠨ᠎ᠤ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠸᠢᠶᠧᠲᠨᠠᠮ ᠳᠤᠷᠠᠲᠠᠶ᠎ᠠ ᠳᠤᠮᠳᠠᠳᠤ ᠤᠯᠤᠰ᠎ᠯᠤᠭ᠎ᠠ ᠵᠢᠨ ᠬᠠᠷᠢᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠯᠵᠢᠶᠠᠨ᠎ᠤ ᠪᠡᠯᠡ ᠣᠷᠣᠭᠤᠯᠤᠯᠲᠠ᠂ ᠰᠠᠭᠤᠷᠢ ᠲᠥᠬᠥᠭᠡᠷᠦᠮᠵᠢ᠂ ᠬᠠᠷᠢᠯᠴᠠᠨ ᠬᠣᠯᠪᠣᠭ᠋ᠠᠯᠠᠨ ᠨᠡᠪᠲᠡᠷᠡᠯᠴᠡᠬᠦ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠣᠶᠠᠷ ᠤᠯᠤᠰ᠎ᠤᠨ ᠬᠠᠷᠢᠴᠠᠭ᠎ᠠ ᠵᠢᠨ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ ᠭᠡᠪᠡ᠃
ᠬᠣᠶᠠᠷ ᠤᠯᠤᠰ᠎ᠤᠨ ᠶᠡᠷᠦᠩᠬᠡᠢ ᠰᠠᠶ᠋ᠢᠳ ᠬᠣᠶᠠᠷ ᠲᠠᠯ᠎ᠠ᠎ᠪᠠᠷ ᠵᠶ᠋ᠠᠨ ᠲᠤᠬᠢᠷᠠᠯᠴᠠᠭᠰᠠᠠ ᠬᠠᠮᠲᠤ ᠵᠢᠨ ᠲᠠᠨᠢᠯᠲᠠ ᠶᠣᠰᠣᠭ᠋ᠠᠷ ᠳᠠᠯᠠᠢ ᠳᠡᠭᠡᠷᠡᠬᠢ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠵᠦ᠂ ᠡᠮᠦᠨᠡᠲᠦ ᠲᠠᠩᠭᠢᠰ᠎ᠤᠨ ᠡᠩᠬᠡ ᠲᠠᠶ᠋ᠢᠪᠤᠩ ᠪᠥᠭᠡᠳ ᠲᠣᠭᠲᠠᠭᠤᠨ ᠪᠠᠢ᠌ᠳᠠᠯ᠎ᠢ ᠬᠠᠮᠲᠤ᠎ᠪᠠᠷ ᠬᠠᠮᠠᠭ᠋ᠠᠯᠠᠬᠤ᠎ᠪᠠᠷ ᠰᠠᠨᠠᠯ ᠨᠢᠭᠡᠲᠡᠢ ᠵᠥᠪᠰᠢᠶᠡᠷᠡᠵᠡᠢ᠃
ᠡᡁᠸ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃