ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠫᠠᠺᠢᠰᠲ᠋ᠠᠨ᠎ᠤ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-06-07

      6 ᠰᠠᠷ᠎ᠠ ᠵᠢᠨ 5᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠠᠵᠢᠯᠯᠠᠭ᠎ᠠ ᠫᠠᠺᠢᠰᠲ᠋ᠠᠨ᠎ᠤ ᠢᠰᠯᠠᠮᠠᠪᠠᠳ᠋᠎ᠲᠤ ᠶᠠᠪᠤᠭᠳᠠᠭᠰᠠᠨ᠎ᠳᠤ ᠵᠠᠬᠢᠳᠠᠯ ᠢᠯᠡᠭᠡᠵᠦ ᠪᠠᠶᠠᠷ ᠬᠦᠷᠭᠡᠪᠡ᠃
      ᠰᠢ ᠵᠢᠨ ᠫᠢᠩ᠂ ᠡᠨᠡ ᠵᠢᠯ ᠪᠣᠯ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ ᠠᠷᠪᠠᠨ ᠵᠢᠯ᠎ᠤᠨ ᠡᠬᠢᠯᠡᠯᠲᠡ ᠵᠢᠨ ᠵᠢᠯ ᠪᠣᠯᠤᠨ᠎ᠠ᠂ ᠫᠠᠺᠢᠰᠲ᠋ᠠᠨ᠎ᠤ᠎ᠬᠢᠨ 《ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ》᠎ᠪᠠᠷ ᠭᠣᠣᠯ ᠰᠡᠳᠦᠪ ᠪᠣᠯᠭ᠋ᠠᠭᠰᠠᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠠᠵᠢᠯᠯᠠᠭ᠎ᠠ ᠡᠷᠬᠢᠯᠡᠭᠰᠡᠨ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠳᠡᠯᠡᠬᠡᠢ ᠵᠢᠨ ᠪᠥᠮᠪᠥᠷᠴᠡᠭ ᠪᠣᠯ ᠬᠥᠮᠦᠨ ᠲᠥᠷᠥᠯᠬᠢᠲᠡᠨ᠎ᠤ ᠬᠠᠮᠲᠤ ᠵᠢᠨ ᠭᠡᠷ ᠣᠷᠣᠨ ᠮᠥᠨ᠃ ᠠᠮᠢ ᠠᠬᠤᠢ ᠮᠠᠨᠳᠤᠪᠠᠯ ᠪᠣᠯᠪᠠᠰᠤᠨ ᠮᠠᠨᠳᠤᠨ᠎ᠠ᠃ ᠬᠥᠮᠦᠨ ᠲᠥᠷᠥᠯᠬᠢᠲᠡᠨ ᠪᠠᠶ᠋ᠢᠭ᠋ᠠᠯᠢ ᠵᠢ ᠬᠦᠨᠳᠦᠳᠬᠡᠵᠦ᠂ ᠪᠠᠶ᠋ᠢᠭ᠋ᠠᠯᠢ᠎ᠲᠠᠢ ᠵᠣᠬᠢᠴᠠᠵᠤ᠂ ᠪᠠᠶ᠋ᠢᠭ᠋ᠠᠯᠢ ᠵᠢ ᠬᠠᠮᠠᠭ᠋ᠠᠯᠠᠵᠤ᠂ ᠬᠥᠮᠦᠨ ᠬᠢᠬᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠢᠨ᠎ᠡ ᠪᠠᠶ᠋ᠢᠷᠢᠰᠢᠯ᠎ᠢ ᠠᠬᠢᠭᠤᠯᠤᠨ ᠪᠦᠷᠢᠯᠳᠦᠬᠦᠯᠪᠡᠯ ᠵᠣᠬᠢᠨ᠎ᠠ᠃ ᠠᠭᠤᠷ ᠠᠮᠢᠰᠬᠤᠯ᠎ᠤᠨ ᠬᠤᠪᠢᠷᠠᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠠᠯᠳᠠᠬᠳᠠᠬᠤ᠂ ᠴᠦᠯᠯᠡᠷᠭᠡᠭᠵᠢᠯ ᠬᠡᠴᠡᠬᠦᠳᠡᠵᠤ ᠪᠠᠶ᠋ᠢᠬᠤ ᠪᠠ ᠬᠠᠴᠢᠨ ᠠᠭᠤᠷ ᠠᠮᠢᠰᠬᠤᠯ ᠣᠯᠠᠨᠲᠠ ᠡᠭᠦᠰᠴᠦ ᠪᠠᠶ᠋ᠢᠬᠤ᠎ᠨᠢ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠯ ᠪᠠ ᠬᠥᠭᠵᠢᠯᠳᠠ᠎ᠳᠤ ᠬᠦᠨᠳᠦ ᠨᠣᠴᠢᠲᠠᠢ ᠦᠷᠢᠰᠦᠯᠳᠦᠭᠡᠨ᠎ᠢ ᠠᠪᠴᠢᠷᠠᠭᠰᠠᠨ ᠪᠠᠶ᠋ᠢᠨ᠎ᠠ᠃ ᠳᠡᠯᠡᠬᠡᠢ ᠶᠢᠷᠲᠢᠨᠴᠦ ᠪᠣᠯ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠬᠤᠪᠢ ᠵᠠᠶᠠᠭ᠋ᠠᠨ᠎ᠤ ᠬᠠᠮᠲᠤ ᠴᠣᠭᠴᠠ ᠮᠥᠨ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠤᠷᠢᠳᠦ ᠡᠮᠦᠨ᠎ᠡ ᠪᠠᠶ᠋ᠢᠭ᠎ᠠ ᠦᠭᠡᠢ ᠠᠤᠭ᠎ᠠ ᠰᠠᠨᠠᠭ᠎ᠠ ᠡᠷᠡᠯᠬᠡᠭ ᠵᠤᠷᠢᠭ ᠪᠠ ᠠᠵᠢᠯᠯᠠᠭ᠎ᠠ᠎ᠪᠠᠷ ᠵᠶ᠋ᠠᠨ ᠲᠥᠪ ᠭᠣᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠵᠢᠨ ᠪᠣᠯᠪᠠᠰᠤᠨ ᠶᠡᠷᠦ᠎ᠠᠴᠠ ᠬᠥᠮᠦᠨ ᠪᠠᠢ᠍ᠢ᠍ᠭ᠋ᠠᠯᠢ ᠵᠢᠨ ᠨᠢᠭᠡᠳᠦᠯ᠎ᠢ ᠡᠷᠬᠢᠮᠯᠡᠳᠡᠭ᠃ ᠳᠤᠮᠳᠠᠳᠤ ᠤᠯᠤᠰ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠶᠡᠷᠦᠩᠬᠡᠢ ᠪᠠᠶ᠋ᠢᠷᠢᠰᠢᠭᠤᠯᠤᠯᠲᠠ᠎ᠳᠤ ᠣᠷᠣᠭᠤᠯᠪᠠ᠃ ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠬᠦᠳᠦᠯᠦᠨ ᠳᠠᠭ᠋ᠠᠭᠤᠯᠤᠭᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ᠎ᠪᠠᠷ ᠭᠣᠣᠯ ᠪᠣᠯᠭ᠋ᠠᠭᠰᠠᠨ ᠤᠯᠠᠨ ᠤᠯᠤᠰ᠎ᠤᠨ ᠰᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭ᠋ᠠᠭᠰᠠᠨ ᠤᠯᠠᠨ ᠤᠯᠤᠰ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠎ᠪᠠᠷ ᠡᠷᠡᠰ ᠴᠢᠷᠮᠠᠶ᠋ᠢᠵᠤ ᠪᠠᠶ᠋ᠢᠨ᠎ᠠ᠃ ᠳᠤᠮᠳᠠᠳᠤ ᠤᠯᠤᠰ ᠡᠨᠡ ᠵᠢᠯ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠶᠡᠬᠡ ᠪᠤᠳᠤᠯᠭ᠎ᠠ ᠵᠢ ᠵᠥᠪᠯᠡᠵᠦ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠂ ᠬᠥᠮᠦᠨ ᠬᠢᠭᠡᠳ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠴᠣᠭᠴᠠ ᠵᠢ ᠪᠠᠶ᠋ᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶ᠋ᠢᠬᠠᠨ ᠳᠡᠯᠡᠬᠡᠢ ᠶᠢᠷᠲᠢᠨᠴᠦ ᠵᠢ ᠬᠠᠮᠲᠤ᠎ᠪᠠᠷ ᠪᠠᠶ᠋ᠢᠭᠤᠯᠤᠨ᠎ᠠ ᠭᠡᠵᠦ ᠵᠢᠭ᠋ᠠᠵᠦ ᠭᠠᠷᠭ᠋ᠠᠪᠠ᠃
      1972 ᠣᠨ᠎ᠳᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠯ ᠪᠦᠷᠢ ᠵᠢᠨ 6 ᠰᠠᠷ᠎ᠠ ᠵᠢᠨ 5᠎ᠤ ᠡᠳᠦᠷ᠎ᠢ ᠳᠡᠯᠡᠬᠡᠶ ᠵᠢᠨ ᠣᠷᠴᠢᠨ ᠲᠤᠭᠤᠷᠢᠨ᠎ᠤ ᠡᠳᠦᠷ ᠵᠶ᠋ᠠᠷ ᠲᠣᠭᠲᠠᠭ᠋ᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠲᠤᠭᠤᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠯ ᠪᠦᠷᠢ ᠨᠢᠭᠡ ᠪᠦᠷᠢᠯᠳᠦᠬᠦᠨ ᠤᠯᠤᠰ᠎ᠢ ᠰᠣᠩᠭᠣᠵᠤ ᠳᠡᠯᠡᠬᠡᠶ ᠵᠢᠨ ᠣᠷᠴᠢᠨ ᠲᠤᠭᠤᠷᠢᠨ᠎ᠤ ᠡᠳᠦᠷ᠎ᠢ ᠳᠤᠷᠠᠰᠬᠠᠬᠤ ᠠᠵᠢᠯᠯᠠᠭ᠎ᠠ ᠵᠢ ᠦᠷᠨᠢᠬᠦᠯᠳᠡᠭ᠃ ᠡᠨᠡ ᠵᠢᠯ᠎ᠤᠨ ᠳᠡᠯᠡᠬᠡᠶ ᠵᠢᠨ ᠣᠷᠴᠢᠨ ᠲᠣᠭᠣᠷᠢᠨ᠎ᠤ ᠡᠳᠦᠷ᠎ᠤᠨ ᠭᠤᠤᠯ ᠰᠡᠳᠦᠪ ᠪᠣᠯ 《ᠠᠮᠢ ᠠᠬᠤᠶ ᠵᠢᠨ ᠰᠢᠰᠲ᠋ᠧᠮ᠎ᠢ ᠰᠡᠷᠭᠦᠭᠡᠬᠦ》 ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠸᠢᠶᠧᠲᠨᠠᠮ᠎ᠤᠨ ᠶᠡᠷᠦᠩᠬᠡᠢ ᠰᠠᠢ᠌ᠳ ᠹᠠᠨ ᠮᠢᠩ ᠵᠧᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠬᠥᠬᠡᠨᠠᠭᠤᠷ᠎ᠲᠤ ᠬᠦᠷᠴᠦ ᠪᠠᠶ᠋ᠢᠴᠠᠭ᠋ᠠᠨ ᠰᠤᠳᠤᠯᠪᠠ
ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠤᠶ᠎ᠠ — ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠭᠰᠠᠨ ᠪᠣᠳᠠᠲᠤ ᠲᠡᠮᠳᠡᠭᠯᠡᠯ
ᠰᠢ ᠵᠢᠨ ᠫᠢᠩ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠦᠽᠪᠸᠺᠰᠲ᠋ᠠᠨ᠎ᠤ ᠶᠡᠷᠦᠩᠬᠡᠢ ᠰᠠᠶ᠋ᠢᠳ ᠠᠷᠢᠫᠣᠸ᠎ᠲᠠᠢ ᠸᠢᠳᠢᠣ᠋᠎ᠪᠠᠷ ᠠᠭᠤᠯᠵᠠᠯᠲᠠ ᠬᠢᠪᠡ
 
            