ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠴᠠᠬᠢᠯᠭ᠋ᠠᠨ ᠭᠠᠷᠴᠠᠭ᠄ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠤᠶ᠎ᠠ — ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠭᠰᠠᠨ ᠪᠣᠳᠠᠲᠤ ᠲᠡᠮᠳᠡᠭᠯᠡᠯ
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠴᠢ ᠵᠦᠩ ᠰᠢ᠂ ᠭᠣᠣ ᠵᠢᠩ᠂ ᠬᠤ᠌ ᠯᠦ᠍᠂ ᠢᠦᠢ ᠸᠧᠨ ᠵᠢᠩ
6 ᠳ᠋ᠤᠭ᠋ᠠᠷ ᠰᠠᠷ᠎ᠠ ᠵᠢᠨ 5᠎ᠤ ᠡᠳᠦᠷ ᠪᠣᠯ ᠳᠡᠯᠡᠬᠡᠶ ᠵᠢᠨ ᠣᠷᠴᠢᠨ ᠲᠣᠭᠣᠷᠢᠨ᠎ᠤ ᠡᠳᠦᠷ ᠪᠣᠯᠣᠨ᠎ᠠ᠃ ᠡᠨᠡ ᠵᠢᠯ᠎ᠤᠨ ᠮᠠᠨ᠎ᠤ ᠤᠯᠤᠰ᠎ᠤᠨ ᠲᠣᠭᠲᠠᠭ᠋ᠠᠭᠰᠠᠨ ᠣᠷᠴᠢᠨ ᠲᠣᠭᠣᠷᠢᠨ᠎ᠤ ᠡᠳᠦᠷ᠎ᠤᠨ ᠭᠣᠤᠯ ᠰᠡᠳᠦᠪ ᠪᠣᠯ 《ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ》 ᠪᠣᠯᠤᠨ᠎ᠠ᠃
ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠰᠠᠭᠤᠷᠢ ᠵᠢ ᠬᠠᠮᠲᠤ᠎ᠪᠠᠷ ᠴᠣᠭᠴᠠᠯᠠᠨ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠬᠠᠮᠲᠤᠳᠬᠠᠵᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠶᠠᠭ ᠵᠢᠷᠤᠭ ᠲᠥᠰᠦᠪ᠎ᠠᠴᠠ᠎ᠪᠠᠨ ᠪᠣᠳᠠᠲᠤ ᠠᠬᠤᠢ ᠪᠣᠯᠤᠨ ᠬᠤᠪᠢᠷᠠᠵᠤ ᠪᠠᠶ᠋ᠢᠨ᠎ᠠ᠃
ᠭᠦᠨᠵᠡᠭᠡᠢ ᠰᠡᠳᠬᠢᠵᠦ ᠬᠤᠯᠠ ᠵᠢ ᠪᠣᠳᠣᠯᠬᠢᠯᠠᠬᠤ — ᠠᠮᠢ ᠠᠬᠤᠢ ᠵᠢᠨ ᠪᠣᠯᠪᠠᠰᠤᠨ᠎ᠢ ᠪᠠᠶ᠋ᠢᠭᠤᠯᠵᠤ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠵᠠᠮ᠎ᠢ ᠰᠦᠪᠡᠭᠴᠢᠯᠡᠶ᠎ᠡ

ᠡᠨᠡ ᠵᠢᠷᠤᠭ ᠪᠣᠯ ᠵᠢᠶᠠᠩᠰᠦ ᠮᠤᠵᠢ ᠵᠢᠨ ᠨᠠᠨᠲ᠋ᠦᠢ᠍ᠩᠤᠨ ᠲᠠᠪᠤᠨ ᠠᠭᠤᠯᠠ ᠵᠢᠴᠢ ᠮᠥᠷᠡᠨ ᠳᠠᠭ᠋ᠠᠤ ᠵᠢᠨ ᠦᠵᠡᠮᠵᠢ ᠪᠣᠯᠤᠨ᠎ᠠ (2020 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ ᠰᠡᠭᠦᠳᠡᠷᠯᠡᠪᠡ᠂ ᠵᠢᠯᠣᠭᠣᠴᠢ ᠦᠭᠡᠶ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠶ ᠴᠦᠨ ᠫᠧᠩ ᠰᠡᠭᠦᠳᠡᠷᠯᠡᠪᠡ
ᠵᠢᠶᠠᠩᠰᠦ ᠮᠤᠵᠢ ᠵᠢᠨ ᠨᠠᠨᠲ᠋ᠦᠢ᠍ᠩ ᠬᠤᠳᠠ ᠪᠣᠯ ᠲᠦᠮᠡᠨ ᠭᠠᠵᠠᠷ᠎ᠤᠨ ᠬᠥᠬᠡᠮᠥ᠋ᠷᠡᠨ᠎ᠤ ᠤᠷᠤᠰᠬᠠᠯ᠎ᠤᠨ ᠲᠠᠯᠠᠢ᠎ᠳᠤ ᠴᠢᠳᠬᠤᠬᠤ 《ᠡᠴᠦᠰ᠎ᠤᠨ ᠦᠷᠳᠡᠬᠡ》 ᠪᠣᠯᠤᠨ᠎ᠠ᠃ ᠬᠣᠲᠠ ᠵᠢᠨ ᠲᠣᠭᠣᠷᠢᠭ᠎ᠤᠨ ᠡᠮᠦᠨ᠎ᠡ ᠬᠡᠰᠡᠭ᠎ᠲᠤ ᠬᠤᠸᠠᠩ᠎ᠨᠢ ᠱᠠᠨ ᠠᠭᠤᠯᠠ᠂ ᠮᠠ ᠠᠨ ᠱᠠᠨ ᠠᠭᠤᠯᠠ᠂ ᠯᠠᠩ ᠱᠠᠨ ᠠᠭᠤᠯᠠ᠂ ᠵᠢᠶᠠᠨ ᠱᠠᠨ ᠠᠭᠤᠯᠠ᠂ ᠵᠢᠶᠦ᠋ᠨ ᠱᠠᠨ ᠠᠭᠤᠯᠠ ᠵᠡᠷᠭᠡ ᠲᠠᠪᠤᠨ ᠠᠭᠤᠯᠠ ᠮᠥᠷᠡᠨ᠎ᠲᠠᠢ ᠨᠢᠭᠤᠷᠯᠠᠨ ᠰᠦᠨᠳᠡᠷᠯᠡᠵᠦ᠂ ᠠᠭᠤᠯᠠ ᠤᠰᠤ ᠲᠦᠰᠢᠯᠴᠡᠵᠦ ᠪᠠᠶ᠋ᠢᠳᠠᠭ᠃
《ᠥᠩᠭᠡᠷᠡᠭᠰᠡᠨ᠎ᠳᠤ ᠪᠢᠳᠡ ᠮᠥᠷᠡᠨ᠎ᠤ ᠬᠥᠪᠡᠭᠡᠨ᠎ᠳᠤ ᠰᠠᠭᠤᠵᠤ ᠪᠠᠶ᠋ᠢᠭᠰᠠᠨ ᠪᠣᠯᠪᠠᠴᠤ ᠮᠥᠷᠡᠨ᠎ᠢ ᠣᠯᠵᠤ ᠦᠵᠡᠬᠦ ᠦᠭᠡᠢ ᠪᠠᠶ᠋ᠢᠭᠰᠠᠨ᠃》 ᠨᠠᠨᠲ᠋ᠦᠢ᠍ᠩ ᠬᠤᠲᠠ ᠵᠢᠨ ᠠᠷᠠᠳ ᠬᠤᠸᠠᠩ ᠵᠢᠶᠠ ᠶᠦᠩ᠄ 《ᠭᠠᠷᠠᠮ᠎ᠤᠨ ᠠᠵᠢᠯ᠎ᠤᠨ ᠬᠣᠭ ᠲᠣᠭᠣᠰᠣ ᠳᠡᠩᠳᠡᠭᠦᠦ ᠶᠡᠬᠡ᠂ ᠴᠣᠩᠬᠣ᠎ᠪᠠᠨ ᠨᠡᠭᠡᠭᠡᠵᠦ ᠪᠣᠯᠬᠤ ᠦᠭᠡᠢ᠂ ᠬᠥᠨᠵᠢᠯᠡ᠎ᠪᠠᠨ ᠨᠡᠷᠡᠨ᠎ᠳᠤ ᠡᠭᠡᠭᠡᠵᠦ ᠴᠢᠳᠠᠬᠤ ᠦᠭᠡᠢ》 ᠭᠡᠵᠦ ᠬᠡᠯᠡᠪᠡ᠃
100 ᠭᠠᠷᠤᠢ ᠵᠢᠯ᠎ᠤᠨ ᠡᠮᠦᠨ᠎ᠡ᠂ ᠠᠵᠤ ᠣᠶ᠋ᠢᠯᠠᠰᠴᠢᠨ ᠵᠠᠩ ᠵᠢᠶᠠᠨ ᠨᠤᠲᠤᠭ᠎ᠤᠨ ᠵᠶ᠋ᠠᠨ ᠲᠠᠪᠤᠨ ᠠᠭᠤᠯᠠ ᠣᠷᠣᠨ᠎ᠨᠢ 《ᠴᠡᠴᠡᠷᠯᠢᠭ ᠮᠥᠷᠲᠡᠭᠡᠨ ᠦᠵᠡᠮᠵᠢ ᠵᠢᠨ ᠣᠷᠣᠨ》 ᠪᠣᠯᠬᠤ ᠵᠢ ᠬᠦᠰᠡᠵᠦ ᠪᠠᠢ᠌ᠪᠠ᠃ ᠭᠡᠲᠡᠯ᠎ᠡ᠂ ᠲᠠᠪᠤᠨ ᠠᠭᠤᠯᠠ ᠵᠢᠴᠢ ᠮᠥᠷᠡᠨ ᠳᠠᠭ᠋ᠠᠤ ᠣᠷᠣᠨ᠎ᠳᠤ ᠨᠢᠭᠡ ᠦᠶ᠎ᠡ ᠠᠶᠤᠯᠲᠠᠢ ᠬᠢᠮᠢ ᠵᠢᠨ ᠪᠣᠳᠠᠰ᠎ᠤᠨ ᠭᠠᠷᠠᠮ᠂ ᠵᠠᠳᠠᠭ᠋ᠠᠶ ᠪᠠᠷᠠᠭ᠋ᠠᠨ᠎ᠤ ᠭᠠᠷᠠᠮ᠂ ᠴᠢᠩᠭᠡᠯᠢᠭ᠎ᠤᠨ ᠭᠠᠷᠠᠮ ᠵᠡᠷᠭᠡ᠎ᠨᠢ ᠣᠳᠣᠨ ᠮᠡᠴᠢᠳ ᠰᠢᠭ ᠲᠠᠷᠬᠠᠵᠤ᠂ ᠲᠤᠬᠠᠶ ᠵᠢᠨ ᠭᠠᠵᠠᠷ᠎ᠲᠤ ᠪᠣᠬᠢᠷ ᠤᠰᠤ᠂ ᠲᠣᠭᠣᠰᠣ ᠰᠢᠷᠣᠶ ᠵᠡᠷᠭᠡ᠎ᠨᠢ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ᠎ᠠᠴᠠ ᠡᠨᠳᠡᠬᠢ 《ᠮᠥᠷᠡᠨ ᠳᠠᠭ᠋ᠠᠤ ᠰᠠᠭᠤᠭᠰᠠᠨ ᠴᠤ᠌ ᠮᠥᠷᠡᠨ ᠬᠠᠷᠠᠭᠳᠠᠬᠤ ᠥᠬᠡᠶ᠂ ᠤᠰᠤᠨ᠎ᠤ ᠣᠢ᠌ᠷ᠎ᠠ ᠪᠠᠢ᠌ᠭᠰᠠᠨ ᠴᠤ᠌ ᠤᠰᠤᠨ᠎ᠳᠤ ᠬᠦᠷᠬᠦ ᠦᠭᠡᠢ》 ᠪᠠᠶ᠋ᠢᠳᠠᠯ᠎ᠢ ᠡᠭᠦᠰᠬᠡᠪᠡ᠃
ᠵᠥᠪᠬᠡᠨ ᠨᠠᠨᠲ᠋ᠦᠢ᠍ᠩ ᠯᠡ ᠡᠢ᠌ᠮᠦ ᠭᠡᠵᠦ ᠦᠦ? ᠥᠩᠭᠡᠷᠡᠭᠰᠡᠨ᠎ᠳᠤ᠂ ᠰᠧᠴᠤᠸᠠᠨ᠎ᠤ ᠠᠭᠤᠯᠠ ᠤᠰᠤ᠎ᠠᠴᠠ ᠵᠢᠶᠠᠩᠨᠠᠨ ᠬᠦᠷᠲᠡᠯ᠎ᠡ᠂ ᠪᠣᠬᠢᠷ ᠤᠰᠤ ᠭᠣᠣᠯ ᠮᠥᠷᠡᠨ᠎ᠳᠤ ᠤᠷᠤᠰ᠎ᠤᠨ ᠣᠷᠣᠵᠤ᠂ ᠭᠠᠷᠠᠮ᠎ᠳᠤ ᠬᠠᠶ᠋ᠢᠷ ᠴᠢᠯᠠᠭᠤ ᠣᠪᠣᠭ᠋ᠠᠷᠠᠨ᠂ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠳ ᠮᠥᠷᠡᠨ᠎ᠢ ᠬᠦᠷᠢᠶᠡᠯᠡᠵᠦ᠂ ᠬᠥᠬᠡᠮᠥ᠋ᠷᠡᠨ᠎ᠤ ᠤᠰᠤᠨ᠎ᠤ ᠴᠢᠨᠠᠷ ᠦᠷᠭᠦᠯᠵᠢᠯᠡᠨ ᠮᠠᠭᠤᠳᠠᠵᠤ᠂ ᠠᠮᠢ ᠠᠬᠤᠢ ᠵᠢᠨ ᠴᠢᠳᠠᠮᠵᠢ ᠠᠭ᠋ᠠᠵᠢᠮ ᠵᠶ᠋ᠠᠷ ᠳᠣᠷᠣᠢ᠌ᠲᠠᠨ᠂ ᠠᠮᠢ ᠠᠬᠤᠢ ᠵᠢᠨ ᠰᠢᠰᠲ᠋ᠧᠮ᠎ᠤᠨ ᠰᠡᠷᠡᠮᠵᠢ ᠵᠢᠨ ᠬᠤᠩᠬᠤ ᠵᠠᠯᠭ᠋ᠠᠭ᠎ᠠ᠎ᠪᠠᠷ ᠳᠤᠤᠭ᠋ᠠᠷᠴᠤ ᠪᠠᠢ᠌ᠯ᠎ᠠ᠃ ᠰᠢ ᠵᠢᠨ ᠫᠢᠩ ᠶᠡᠷᠦᠩᠬᠡᠶ ᠱᠦᠵᠢ ᠡᠵᠢ ᠭᠣᠤᠯ᠎ᠢ᠄ 《ᠡᠪᠡᠳᠴᠢᠯᠡᠪᠡ᠂ ᠬᠦᠨᠳᠦ ᠡᠪᠡᠳᠴᠢᠯᠡᠪᠡ》 ᠭᠡᠵᠦ ᠰᠡᠳᠬᠢᠯ ᠰᠢᠮᠰᠢᠷᠡᠨ ᠳᠦᠷᠰᠦᠯᠡᠵᠦ ᠥᠩᠭᠡᠷᠡᠭᠰᠡᠨ ᠶᠤᠮ᠃
ᠵᠥᠪᠬᠡᠨ ᠬᠥᠬᠡᠮᠥ᠋ᠷᠡᠨ ᠯᠡ ᠡᠢ᠌ᠮᠦ ᠭᠡᠵᠦ ᠦᠦ? ᠥᠩᠭᠡᠷᠡᠭᠰᠡᠨ᠎ᠳᠤ᠂ ᠬᠡᠳᠦᠨ ᠠᠷᠪᠠᠨ ᠵᠢᠯ᠎ᠤᠨ ᠲᠦᠷᠭᠡᠨ ᠬᠥᠭᠵᠢᠯᠲᠡ᠎ᠪᠠᠷ ᠳᠡᠮᠵᠢᠨ ᠬᠤᠷᠠᠮᠳᠤᠭᠰᠠᠨ ᠣᠷᠴᠢᠨ ᠲᠣᠭᠣᠷᠢᠨ᠎ᠤ ᠠᠰᠠᠭᠤᠳᠠᠯ᠎ᠨᠢ ᠥᠨᠳᠥᠷ ᠬᠦᠴᠦᠯᠡᠴᠡ᠎ᠪᠠᠷ ᠪᠠᠶ᠋ᠢᠨ ᠳᠠᠬᠢᠨ ᠡᠭᠦᠰᠬᠦ ᠪᠣᠯᠵᠤ᠂ ᠨᠠᠮᠤᠷ ᠡᠪᠦᠯ᠎ᠤᠨ ᠤᠯᠠᠷᠢᠯ᠎ᠳᠤ ᠪᠣᠬᠢᠷ ᠮᠠᠨᠠᠨ ᠪᠠᠶ᠋ᠢᠨ ᠳᠠᠬᠢᠨ ᠠᠭ᠋ᠠᠷ᠎ᠤᠨ ᠪᠣᠬᠢᠷᠲᠤᠯ᠎ᠤᠨ ᠰᠡᠷᠡᠮᠵᠢ ᠵᠢᠨ ᠳᠣᠬᠢᠶ᠎ᠠ ᠵᠢ ᠳᠤᠤᠭ᠋ᠠᠷᠭ᠋ᠠᠵᠤ᠂ ᠭᠣᠤᠯ ᠮᠥᠷᠡᠨ᠎ᠤ ᠵᠢᠭ᠋ᠠᠰᠤ ᠵᠢᠷᠠᠭ᠋ᠠᠬᠠᠢ ᠴᠥᠭᠡᠷᠡᠵᠦ᠂ ᠤᠰᠤᠨ᠎ᠤ ᠴᠢᠨᠠᠷ ᠬᠦᠨᠳᠦ ᠨᠣᠴᠢᠲᠠᠢ ᠮᠠᠭᠤᠳᠠᠪᠠ᠃

ᠬᠠᠲᠤᠨ ᠭᠣᠤᠯ ᠨᠢᠩᠰᠢᠶᠠ ᠵᠢᠨ ᠵᠥᠩ ᠸᠧᠶ ᠬᠣᠲᠠ ᠵᠢᠨ ᠱᠠ ᠫᠥᠸᠧ ᠳᠧᠦ ᠲᠣᠭᠣᠷᠢᠭ ᠵᠶ᠋ᠠᠷ ᠤᠷᠤᠰ᠎ᠤᠨ ᠥᠩᠭᠡᠷᠡᠨ᠎ᠡ (2021 ᠣᠨ᠎ᠤ 3 ᠳ᠋ᠤᠭ᠋ᠠᠷ ᠰᠠᠷ᠎ᠠ ᠵᠢᠨ 3᠎ᠤ ᠡᠳᠦᠷ ᠰᠡᠭᠦᠳᠡᠷᠯᠡᠪᠡ᠂ ᠵᠢᠯᠣᠭᠣᠴᠢ ᠥᠬᠡᠶ ᠨᠢᠰᠬᠡᠯ᠎ᠤᠨ ᠰᠡᠭᠦᠳᠡᠷ)᠃ (ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠲᠠᠩ ᠷᠦ᠍ ᠹᠧᠩ ᠰᠡᠭᠦᠳᠡᠷᠯᠡᠪᠡ)
2016 ᠣᠨ᠎ᠤ 1 ᠳ᠋ᠦ᠍ᠭᠡᠷ ᠰᠠᠷ᠎ᠠ ᠵᠢᠨ 5᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠴᠦᠩᠴᠢᠩ᠎ᠳᠤ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠤ᠂ 《ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠵᠤ᠂ ᠶᠡᠬᠡ ᠨᠡᠭᠡᠭᠡᠨ ᠬᠥᠭᠵᠢᠭᠦᠯᠦᠯᠲᠡ ᠵᠢ ᠦᠯᠦ ᠬᠢᠬᠦ ᠬᠡᠷᠡᠭᠲᠡᠢ》 ᠭᠡᠵᠦ ᠬᠥᠮᠦᠰ᠎ᠲᠤ ᠰᠡᠷᠡᠮᠵᠢᠯᠡᠭᠦᠯᠦᠨ ᠳᠤᠷᠠᠳᠪᠠ᠃
ᠴᠠᠭ ᠮᠥᠴᠡ ᠥᠩᠭᠡᠷᠡᠨ ᠣᠳᠴᠤ᠂ ᠵᠠᠩ ᠵᠢᠶᠠᠨ᠎ᠤ ᠬᠦᠰᠡᠯ ᠡᠴᠦᠰ᠎ᠲᠤ᠎ᠪᠠᠨ ᠪᠡᠶᠡᠯᠡᠭᠳᠡᠪᠡ᠃ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ᠂ ᠨᠠᠨᠲ᠋ᠦᠢ᠍ᠩ ᠲᠤᠬᠠᠢ ᠵᠢᠨ ᠭᠠᠵᠠᠷ᠎ᠤᠨ ᠵᠶ᠋ᠠᠨ ᠨᠡᠢ᠍ᠢ᠍ᠳᠡ 200 ᠭᠠᠷᠤᠢ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ ᠠᠵᠤ ᠠᠬᠤᠶ᠋ᠢᠯᠠᠯ᠎ᠢ ᠬᠠᠭ᠋ᠠᠵᠤ ᠵᠣᠭᠰᠣᠭ᠋ᠠᠭ᠋ᠠᠳ᠂ 160 ᠭᠠᠷᠤᠢ ᠵᠢᠵᠢᠭ ᠣᠩᠭᠣᠴᠠ ᠵᠢ ᠴᠡᠪᠡᠷᠯᠡᠵᠦ᠂ ᠲᠤᠬᠠᠢ ᠵᠢᠨ ᠦᠶ᠎ᠡ ᠵᠢᠨ ᠪᠦᠬᠦ ᠤᠯᠤᠰ᠎ᠤᠨ ᠬᠠᠮᠤᠭ ᠲᠤᠮᠤ ᠭᠠᠳᠠᠭ᠋ᠠᠳᠤ᠎ᠠᠴᠠ ᠣᠷᠣᠭᠤᠯᠤᠭᠰᠠᠨ ᠬᠦᠬᠦᠷᠢ ᠲᠥᠪᠯᠡᠷᠡᠭᠦᠯᠵᠦ ᠲᠠᠷᠬᠠᠭ᠋ᠠᠬᠤ ᠰᠠᠭᠤᠷᠢᠨ᠎ᠢ ᠬᠠᠭ᠋ᠠᠵᠤ᠂ ᠡᠷᠭᠢ ᠵᠢᠨ ᠱᠤᠭᠤᠮ᠎ᠢ ᠰᠡᠯᠪᠢᠨ ᠵᠠᠰᠠᠭᠰᠠᠨ ᠪᠠ ᠰᠤᠯᠠᠯᠠᠵᠤ᠂ ᠤᠢ ᠰᠢᠭᠤᠢ ᠵᠢᠨ ᠲᠠᠯᠠᠪᠠᠢ ᠵᠢ ᠰᠢᠨ᠎ᠡ᠎ᠪᠠᠷ ᠨᠡᠮᠡᠭᠳᠡᠭᠦᠯᠵᠦ᠂ ᠬᠥᠬᠡᠮᠥ᠋ᠷᠡᠨ᠎ᠤ ᠬᠥᠪᠡᠭᠡ ᠳᠠᠭ᠋ᠠᠤ ᠠᠯᠬᠤᠮ ᠠᠯᠬᠤᠮ ᠵᠶ᠋ᠠᠷ ᠨᠣᠭᠣᠭ᠋ᠠᠨ ᠬᠤᠨᠭ᠌ᠬᠢᠯᠢ ᠪᠠᠶ᠋ᠢᠭᠤᠯᠵᠠᠢ᠃
《ᠪᠢᠳᠡ ᠣᠳᠣ ᠣᠷᠣᠶ᠎ᠳᠤ᠎ᠪᠠᠨ ᠦᠷᠭᠦᠯᠵᠢ ᠮᠥᠷᠡᠨ᠎ᠤ ᠬᠥᠪᠡᠭᠡᠨ᠎ᠳᠠᠬᠢ ᠴᠡᠴᠡᠷᠯᠢᠭ ᠵᠶ᠋ᠡᠷ ᠰᠡᠯᠡᠭᠦᠴᠡᠨ ᠠᠯᠬᠤᠳᠠᠭ᠂ ᠮᠠᠰᠢ ᠲᠠᠭ᠋ᠠᠯᠠᠮᠵᠢᠲᠠᠶ ᠪᠠᠶ᠋ᠢᠳᠠᠭ》 ᠭᠡᠵᠦ ᠬᠤᠸᠠᠩ ᠵᠢᠶᠠ ᠶᠦᠩ ᠢᠨᠢᠶᠡᠮᠰᠦᠭᠯᠡᠨ ᠬᠡᠯᠡᠪᠡ᠃
2020 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ᠂ ᠶᠡᠷᠦᠩᠬᠡᠢ ᠱᠦᠵᠢ ᠰᠢ ᠵᠢᠨ ᠫᠢᠩ ᠲᠠᠪᠤᠨ ᠠᠭᠤᠯᠠ ᠣᠷᠣᠨ᠎ᠤ ᠮᠥᠷᠡᠨ ᠳᠠᠭ᠋ᠠᠤ ᠣᠷᠣᠨ᠎ᠢ ᠰᠢᠨᠵᠢᠯᠡᠨ ᠪᠠᠢ᠌ᠴᠠᠭ᠋ᠠᠬᠤ᠎ᠳᠤ᠎ᠪᠠᠨ 《ᠥᠩᠭᠡᠷᠡᠭᠰᠡᠨ᠎ᠳᠤ ᠪᠤᠵᠠᠷ ᠰᠠᠮᠠᠭᠤᠨ ᠮᠠᠭᠤᠬᠠᠢ ᠪᠠᠶ᠋ᠢᠭᠰᠠᠨ ᠭᠠᠵᠠᠷ᠎ᠨᠢ ᠤᠳᠤ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠪᠦᠰᠡ ᠪᠣᠯᠤᠭᠰᠠᠨ᠎ᠨᠢ ᠪᠢᠳᠡ ᠵᠣᠷᠢᠭ ᠰᠢᠭᠤᠳᠤᠨ ᠬᠢᠳᠡᠭ ᠯᠠ ᠶᠤᠮ ᠪᠣᠯ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠎ᠳᠤ ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠬᠤ᠂ ᠶᠡᠬᠡ ᠨᠡᠭᠡᠭᠡᠨ ᠬᠥᠭᠵᠢᠭᠦᠯᠦᠯᠲᠡ ᠵᠢ ᠦᠯᠦ ᠬᠢᠬᠦ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ ᠴᠢᠳᠠᠨ᠎ᠠ ᠭᠡᠰᠡᠨ᠎ᠢ ᠬᠠᠷᠠᠭᠤᠯᠵᠤ ᠪᠠᠶ᠋ᠢᠨ᠎ᠠ》 ᠭᠡᠵᠡᠢ᠃
ᠤᠰᠤᠨ᠎ᠤ ᠴᠢᠨᠠᠷ ᠰᠠᠶ᠋ᠢᠵᠢᠷᠠᠵᠤ᠂ ᠭᠠᠬᠠᠶ ᠬᠠᠯᠢᠮᠤ ᠴᠢᠯᠦᠭᠡᠲᠡᠢ ᠤᠮᠪᠠᠵᠤ᠂ ᠬᠥᠬᠡᠮᠥ᠋ᠷᠡᠨ ᠡᠵᠢ ᠭᠣᠣᠯ ᠶᠠᠭ ᠰᠠᠶᠢᠬᠠᠨ ᠠᠮᠢᠵᠢᠷᠠᠯ᠎ᠤᠨ ᠬᠦᠴᠦᠨ ᠵᠶ᠋ᠠᠨ ᠳᠠᠬᠢᠨ ᠪᠠᠳᠠᠷᠠᠭᠤᠯᠵᠤ ᠪᠠᠶ᠋ᠢᠨ᠎ᠠ᠃

ᠡᠨᠡ ᠪᠣᠯ ᠨᠢᠭᠡᠨ ᠨᠡᠶ᠋ᠢᠯᠡᠭᠦᠯᠦᠭᠰᠡᠨ ᠰᠡᠭᠦᠳᠡᠷ ᠪᠣᠯᠤᠨ᠎ᠠ᠄ ᠵᠡᠭᠦᠨ ᠳᠡᠭᠡᠷᠡᠬᠢ ᠵᠢᠷᠤᠭ ᠪᠣᠯ ᠬᠤᠪᠸᠢ ᠮᠤᠵᠢ ᠵᠢᠨ ᠢᠴᠠᠩ ᠬᠣᠲᠠ ᠵᠢᠨ ᠮᠥᠷᠡᠨ᠎ᠤ ᠬᠥᠪᠡᠭᠡᠨ᠎ᠳᠤ ᠬᠥᠬᠡᠮᠥ᠋ᠷᠡᠨ᠎ᠤ ᠭᠠᠬᠠᠶ ᠬᠠᠯᠢᠮᠤ ᠤᠰᠤᠨ᠎ᠳᠤ ᠴᠢᠯᠦᠭᠡᠲᠡᠢ ᠨᠠᠭ᠋ᠠᠳᠴᠤ ᠪᠠᠶ᠋ᠢᠭ᠎ᠠ ᠵᠢᠷᠤᠭ ᠪᠣᠯᠤᠨ᠎ᠠ (ᠵᠢᠯᠣᠭᠣᠴᠢ ᠦᠭᠡᠶ ᠨᠢᠰᠬᠡᠯ᠎ᠤᠨ ᠰᠡᠭᠦᠳᠡᠷ᠂ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠤᠤ ᠢ ᠵᠢᠦ 5 ᠳ᠋ᠤᠭ᠋ᠠᠷ ᠰᠠᠷ᠎ᠠ ᠵᠢᠨ 11᠎ᠤ ᠡᠳᠦᠷ ᠰᠡᠭᠦᠳᠡᠷᠯᠡᠪᠡ) ᠪᠠᠷᠠᠭᠤᠨ ᠳᠡᠭᠡᠷᠡᠬᠢ ᠵᠢᠷᠤᠭ ᠪᠣᠯ ᠱᠠᠨᠰᠢ ᠮᠤᠵᠢ ᠵᠢᠨ ᠬᠠᠨᠵᠦ᠋ᠩ ᠬᠣᠲᠠ ᠵᠢᠨ ᠶᠠᠩ ᠰᠢᠶᠠᠨ᠎ᠤ ᠤᠯᠠᠭ᠋ᠠᠨ ᠥᠷᠪᠢᠯᠳᠡᠶ ᠠᠮᠢ ᠠᠬᠤᠶ ᠵᠢᠨ ᠬᠦᠷᠢᠶᠡᠯᠡᠩ᠎ᠤᠨ ᠤᠯᠠᠭ᠋ᠠᠨ ᠥᠷᠪᠢᠯᠳᠡᠶ ᠪᠣᠯᠤᠨ᠎ᠠ (ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢᠦ ᠰᠢᠶᠤᠤ 5 ᠳ᠋ᠤᠭ᠋ᠠᠷ ᠰᠠᠷ᠎ᠠ ᠵᠢᠨ 13᠎ᠤ ᠡᠳᠦᠷ ᠰᠡᠭᠦᠳᠡᠷᠯᠡᠪᠡ) ᠳᠣᠣᠷᠠᠬᠢ ᠵᠢᠷᠤᠭ ᠪᠣᠯ ᠲᠥᠪᠡᠳ ᠪᠥᠬᠥᠩ ᠭᠤᠷᠪᠠᠨ ᠮᠥᠷᠡᠨ᠎ᠤ ᠡᠬᠢ ᠵᠢᠨ ᠬᠥᠬᠡᠰᠢᠯᠢ ᠣᠷᠣᠨ᠎ᠳᠤ ᠪᠠᠶ᠋ᠢᠭ᠎ᠠ᠎ᠨᠢ (ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠡᠦ ᠭᠠᠩ 4 ᠳ᠋ᠦ᠍ᠭᠡᠷ ᠰᠠᠷ᠎ᠠ ᠵᠢᠨ 20᠎ᠤ ᠡᠳᠦᠷ ᠰᠡᠭᠦᠳᠡᠷᠯᠡᠪᠡ)᠃ ᠰᠢᠨᠬᠤᠸᠠ ᠬᠣᠷᠢᠶ᠎ᠠ ᠲᠠᠷᠬᠠᠭ᠋ᠠᠪᠠ
ᠠᠮᠢ ᠠᠬᠤᠢ ᠬᠥᠭᠵᠢᠪᠡᠯ ᠪᠣᠯᠪᠠᠰᠤᠨ ᠮᠠᠨᠳᠤᠵᠤ᠂ ᠠᠮᠢ ᠠᠬᠤᠢ ᠮᠠᠭᠤᠳᠠᠪᠠᠯ ᠪᠣᠯᠪᠠᠰᠤᠨ ᠪᠠᠭᠤᠷᠠᠨ᠎ᠠ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ᠎ᠳᠤ ᠬᠣᠯᠪᠣᠭᠳᠠᠭᠰᠠᠨ ᠦᠨᠳᠦᠰᠦᠨ ᠶᠡᠬᠡ ᠪᠤᠳᠤᠯᠭ᠎ᠠ ᠮᠥᠨ᠃
ᠡᠢ᠌ᠮᠦᠷᠬᠦᠦ ᠦᠨᠳᠦᠷᠴᠡ᠎ᠳᠤ ᠵᠣᠭᠰᠣᠵᠤ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠵᠠᠮ᠎ᠢ ᠰᠦᠪᠡᠭᠴᠢᠯᠡᠵᠦ᠂ ᠠᠮᠢ ᠠᠬᠤᠢ ᠵᠢᠨ ᠪᠣᠯᠪᠠᠰᠤᠨ᠎ᠤ ᠵᠠᠮ᠎ᠢ ᠲᠣᠳᠣᠷᠬᠠᠢ ᠵᠢᠭ᠋ᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠠᠤᠭ᠎ᠠ ᠵᠢᠷᠤᠭ ᠲᠥᠯᠥᠪᠯᠡᠭᠡ ᠵᠢ ᠵᠢᠷᠤᠭᠯᠠᠭᠰᠠᠨ ᠪᠠᠶ᠋ᠢᠨ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠳᠤ ᠲᠠᠪᠤᠨ ᠶᠡᠬᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠳᠤᠷᠠᠳᠴᠤ᠂ ᠪᠣᠬᠢᠷᠲᠤᠯ ᠦᠭᠡᠢ ᠬᠥᠭᠵᠢᠯᠲᠡ᠎ᠨᠢ ᠴᠢᠨᠠᠷᠯᠢᠭ ᠬᠥᠭᠵᠢᠯᠲᠡ ᠵᠢ ᠠᠬᠢᠭᠤᠯᠬᠤ ᠰᠡᠳᠦᠪ᠎ᠤᠨ ᠳᠣᠲᠣᠷᠠᠬᠢ ᠭᠣᠣᠯ ᠰᠠᠨᠠᠭ᠎ᠠ ᠪᠣᠯᠪᠠ; ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠲᠦᠷᠭᠡᠳᠬᠡᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠢ᠌ᠭᠤᠯᠤᠶ᠎ᠠ ᠭᠡᠵᠦ ᠲᠣᠳᠣᠷᠬᠠᠢ ᠳᠤᠷᠠᠳᠪᠠ; ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠳᠤ 《ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠵᠢ ᠠᠬᠢᠭᠤᠯᠤᠶ᠎ᠠ》 ᠭᠡᠵᠦ ᠳᠠᠬᠢᠨᠲᠠ ᠴᠢᠬᠤᠯᠠᠴᠢᠯᠠᠪᠠ ᠁ ᠠᠯᠢ ᠤᠯᠠᠨ ᠴᠢᠬᠤᠯᠠ ᠶᠡᠬᠡ ᠪᠠᠶ᠋ᠢᠷᠢᠯᠠᠭᠤᠯᠤᠯᠲᠠ᠎ᠨᠢ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠪᠠᠲᠤ ᠴᠢᠩᠭ᠎ᠠ ᠵᠣᠷᠢᠭ᠎ᠢ ᠲᠤᠩᠬᠠᠭᠯᠠᠵᠠᠢ᠃

ᠡᠨᠡ ᠪᠣᠯ 2018 ᠣᠨ᠎ᠤ 10 ᠳ᠋ᠤᠭ᠋ᠠᠷ ᠰᠠᠷ᠎ᠠ ᠵᠢᠨ 18᠎ᠤ ᠡᠳᠦᠷ ᠰᠡᠭᠦᠳᠡᠷᠯᠡᠭᠰᠡᠨ ᠭᠤᠸᠠᠩᠰᠢ ᠵᠢᠨ ᠭᠦᠢ᠍ᠯᠢᠨᠤ ᠶᠠᠩ ᠱᠦᠸᠧ ᠰᠢᠶᠠᠨ᠎ᠤ ᠰᠢᠩ ᠫᠢᠩ ᠪᠠᠯᠭ᠋ᠠᠰᠤᠨ᠎ᠤ ᠯᠢᠵᠢᠶᠠᠩ ᠮᠥᠷᠡᠨ᠎ᠤ ᠥᠩᠭᠡ ᠦᠵᠡᠮᠵᠢ (ᠵᠢᠯᠣᠭᠣᠴᠢ ᠥᠬᠡᠶ ᠨᠢᠰᠬᠡᠯ ᠵᠶ᠋ᠠᠷ ᠰᠡᠭᠦᠳᠡᠷᠯᠡᠭᠰᠡᠨ ᠵᠠᠯᠭ᠋ᠠᠮᠠᠯ ᠰᠡᠭᠦᠳᠡᠷ) ᠪᠣᠯᠤᠨ᠎ᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢ ᠰᠢᠨ ᠰᠡᠭᠦᠳᠡᠷᠯᠡᠪᠡ
ᠭᠤᠸᠠᠩᠰᠢ ᠵᠢᠨ ᠭᠦᠢ᠍ᠯᠢᠨᠳᠤ ᠯᠢᠵᠢᠶᠠᠩ ᠮᠥᠷᠡᠨ᠎ᠤ ᠶᠠᠩ ᠱᠦᠸᠧ ᠵᠢᠨ ᠬᠡᠰᠡᠭ᠎ᠢ ᠰᠢᠨᠵᠢᠯᠡᠨ ᠪᠠᠶ᠋ᠢᠴᠠᠭ᠋ᠠᠭᠰᠠᠨ᠎ᠤ ᠳᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠠᠭᠤᠯᠠ ᠤᠰᠤᠨ᠎ᠤ ᠠᠮᠢ ᠠᠬᠤᠢ ᠵᠢᠨ ᠤᠭ ᠴᠢᠨᠠᠷ ᠪᠣᠯᠤᠨ ᠪᠦᠷᠢᠨ ᠪᠦᠲᠦᠨ ᠴᠢᠨᠠᠷ᠎ᠢ ᠪᠠᠲᠤᠯᠠᠬᠤ᠎ᠪᠠᠷ ᠴᠢᠬᠤᠯᠠ ᠠᠵᠢᠯ ᠪᠣᠯᠭ᠋ᠠᠵᠤ᠂ ᠠᠮᠢ ᠠᠬᠤᠢ ᠵᠢᠨ ᠰᠡᠷᠭᠦᠭᠡᠯᠲᠡ ᠪᠠ ᠣᠷᠴᠢᠨ ᠲᠣᠭᠣᠷᠢᠨ᠎ᠤ ᠪᠣᠬᠢᠷᠲᠤᠯ᠎ᠤᠨ ᠵᠠᠰᠠᠯᠲᠠ ᠵᠢ ᠭᠦᠨᠵᠡᠭᠡᠢ ᠠᠬᠢᠭᠤᠯᠵᠤ᠂ ᠳᠤᠷ᠎ᠠ᠎ᠪᠠᠷ ᠵᠶ᠋ᠠᠨ ᠮᠠᠯᠲᠠᠬᠤ ᠵᠢ ᠬᠣᠷᠢᠭᠯᠠᠵᠤ᠂ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠠᠶ᠋ᠢᠵᠢᠷᠠᠭᠤᠯᠬᠤ᠂ ᠠᠮᠢ ᠠᠬᠤᠢ ᠵᠢᠨ ᠰᠢᠰᠲ᠋ᠧᠮ᠎ᠢ ᠦᠷᠭᠦᠯᠵᠢᠯᠡᠨ ᠰᠢᠯᠢᠳᠡᠭᠵᠢᠭᠦᠯᠬᠦ ᠪᠠ ᠪᠦᠬᠦᠯᠢ ᠴᠣᠭᠴᠠ ᠵᠢᠨ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ ᠭᠡᠪᠡ᠃

ᠣᠭᠲᠠᠷᠭᠤᠶ᠎ᠠᠴᠠ ᠵᠧᠵᠢᠶᠠᠩ ᠮᠤᠵᠢ ᠵᠢᠨ ᠠᠨ ᠵᠢᠶ ᠰᠢᠶᠠᠨ᠎ᠤ ᠲᠢᠶᠠᠨ ᠬᠤᠸᠠᠩ ᠫᠢᠩ ᠪᠠᠯᠭ᠋ᠠᠰᠤᠨ᠎ᠤ ᠢᠦᠶ ᠼᠦᠨ ᠲᠣᠰᠬᠣᠨ᠎ᠢ ᠥᠩᠭᠡ᠎ᠶ᠋ᠢᠨ ᠬᠠᠷᠠᠬᠤᠶ᠎ᠠ (2020 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ ᠰᠡᠭᠦᠳᠡᠷᠯᠡᠪᠡ᠂ ᠵᠢᠯᠣᠭᠣᠴᠢ ᠥᠬᠡᠶ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠤᠢ ᠢᠦᠢ ᠰᠡᠭᠦᠳᠡᠷᠯᠡᠪᠡ
ᠵᠧᠵᠢᠶᠠᠩ ᠮᠤᠵᠢ ᠵᠢᠨ ᠬᠤᠵᠸᠦ ᠬᠤᠳᠠ ᠵᠢᠨ ᠠᠨ ᠵᠢᠢ ᠰᠢᠶᠠᠨ᠎ᠤ ᠲᠢᠶᠠᠨ ᠬᠤᠸᠠᠩ ᠫᠢᠩ ᠪᠠᠯᠭ᠋ᠠᠰᠤᠨ᠎ᠤ ᠢᠦᠢ ᠼᠦᠨ ᠲᠣᠰᠬᠣᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠦᠶ᠎ᠡ᠎ᠳᠤ᠂ ᠶᠡᠷᠦᠩᠬᠡᠢ ᠱᠦᠵᠢ ᠰᠢ ᠵᠢᠨ ᠫᠢᠩ ᠲᠡᠳᠡᠨ᠎ᠤ ᠪᠣᠬᠢᠷᠲᠤᠯ ᠦᠭᠡᠢ ᠠᠵᠤ ᠠᠬᠤᠢ ᠵᠢ ᠬᠥᠭᠵᠢᠭᠦᠯᠵᠦ᠂ ᠲᠣᠰᠬᠣᠨ᠎ᠤ ᠠᠷᠠᠳ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠤᠭᠰᠠᠨ ᠠᠷᠭ᠎ᠠ ᠬᠢᠳᠡᠯ᠎ᠢ ᠨᠤᠲᠠᠯᠠᠬᠤ᠎ᠳᠤ᠎ᠪᠠᠨ 《ᠠᠵᠤ ᠠᠬᠤᠶ ᠵᠢᠨ ᠬᠥᠭᠵᠢᠯᠲᠡ᠎ᠨᠢ ᠠᠮᠢ ᠠᠬᠤᠶ ᠵᠢ ᠡᠪᠳᠡᠬᠦ᠎ᠪᠠᠷ ᠲᠥᠯᠥᠪᠦᠷᠢ ᠪᠣᠯᠭ᠋ᠠᠵᠤ ᠪᠣᠯᠬᠤ ᠦᠭᠡᠶ᠂ ᠠᠮᠢ ᠠᠬᠤᠶ ᠵᠢᠨ ᠲᠤᠰ ᠪᠡᠶ᠎ᠡ᠎ᠨᠢ ᠳᠠᠷᠤᠶ ᠠᠵᠤ ᠠᠬᠤᠶ ᠮᠥᠨ᠂ ᠠᠮᠢ ᠠᠬᠤᠶ ᠵᠢ ᠬᠠᠮᠠᠭ᠋ᠠᠯᠠᠬᠤ ᠪᠣᠯ ᠳᠠᠷᠤᠶ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ ᠪᠠᠶ᠋ᠢᠭ᠎ᠠ ᠶᠠᠪᠤᠳᠠᠯ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠵᠡᠶ》 ᠭᠡᠰᠡᠨ ᠪᠠᠢ᠌ᠨ᠎ᠠ᠃

2021 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ᠂ ᠵᠧᠵᠢᠶᠠᠩ ᠮᠤᠵᠢ ᠵᠢᠨ ᠬᠤᠵᠸᠦ ᠵᠢᠨ ᠦ᠋ ᠰᠢᠩ ᠲᠣᠭᠣᠷᠢᠭ᠎ᠤᠨ ᠪᠠ ᠯᠢ ᠳ᠋ᠢᠶᠠᠨ ᠪᠠᠯᠭ᠋ᠠᠰᠤᠨ᠎ᠤ ᠢ ᠶᠠᠨ ᠱᠠᠨ ᠲᠣᠰᠬᠣᠨ᠎ᠤ ᠭᠣᠣᠯ᠎ᠤᠨ ᠳᠠᠷᠤᠭ᠎ᠠ ᠠᠵᠢᠯ᠎ᠤᠨ ᠳᠤᠭᠤᠢ᠌ᠯᠠᠩ ᠳᠠᠭ᠋ᠠᠭᠤᠯᠤᠨ ᠢ ᠶᠠᠨ ᠱᠠᠨ ᠲᠣᠰᠬᠣᠨ᠎ᠳᠤ ᠭᠣᠣᠯ᠎ᠢ ᠴᠠᠭᠳᠠᠬᠤ᠂ ᠠᠷᠢᠭᠤᠨ ᠴᠡᠪᠡᠷ᠎ᠢ ᠬᠠᠮᠠᠭ᠋ᠠᠯᠠᠬᠤ ᠠᠵᠢᠯ᠎ᠢ ᠥᠷᠨᠢᠭᠦᠯᠵᠡᠢ (ᠵᠢᠯᠣᠭᠣᠴᠢ ᠦᠭᠡᠢ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠸᠧᠩ ᠰᠢᠨ ᠶᠠᠩ ᠰᠡᠭᠦᠳᠡᠷᠯᠡᠪᠡ
ᠶᠦᠨᠨᠠᠨ᠎ᠤ ᠳ᠋ᠢᠶᠠᠨ ᠊ᠤᠤᠢ ᠨᠠᠭᠤᠷ᠎ᠤᠨ ᠬᠥᠪᠡᠭᠡᠨ᠎ᠳᠤ᠂ ᠶᠡᠷᠦᠩᠬᠡᠢ ᠱᠦᠵᠢ ᠰᠢ ᠵᠢᠨ ᠫᠢᠩ ᠳ᠋ᠢᠶᠠᠨ ᠊ᠤᠤᠢ ᠨᠠᠭᠤᠷ᠎ᠢ ᠬᠠᠮᠠᠭ᠋ᠠᠯᠠᠨ ᠵᠠᠰᠠᠭᠰᠠᠨ ᠪᠠ ᠤᠰᠤᠨ᠎ᠤ ᠴᠢᠨᠠᠷ᠎ᠢ ᠰᠠᠢ᠌ᠵᠢᠷᠠᠭᠤᠯᠵᠤ ᠪᠠᠢ᠌ᠭ᠎ᠠ ᠪᠠᠶ᠋ᠢᠳᠠᠯ᠎ᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠬᠤ᠎ᠳᠤ᠎ᠪᠠᠨ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ᠂ ᠤᠷᠢᠳ ᠵᠶ᠋ᠠᠷ ᠪᠣᠬᠢᠷᠲᠤᠭᠤᠯᠵᠤ ᠳᠠᠷᠠᠭ᠎ᠠ᠎ᠨᠢ ᠵᠠᠰᠠᠬᠤ ᠬᠠᠭᠤᠴᠢᠨ ᠵᠠᠮ ᠵᠶ᠋ᠠᠷ ᠶᠠᠭ᠋ᠠᠬᠢᠭᠰᠠᠨ ᠴᠤ᠌ ᠶᠠᠪᠤᠵᠤ ᠪᠣᠯᠬᠤ ᠦᠭᠡᠢ᠃ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠥᠨᠢ ᠤᠳᠠᠭ᠋ᠠᠨ ᠴᠤᠴᠠᠯᠲᠠ ᠦᠭᠡᠢ ᠴᠢᠷᠮᠠᠶ᠋ᠢᠪᠠᠯ ᠯᠠᠪᠳᠠᠶ᠎ᠠ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠᠨ ᠮᠥᠩᠭᠥᠨ ᠠᠭᠤᠯᠠ ᠪᠣᠯᠭ᠋ᠠᠨ ᠬᠤᠪᠢᠷᠠᠭᠤᠯᠵᠤ ᠴᠢᠳᠠᠨ᠎ᠠ ᠁ ᠭᠡᠪᠡ᠃

2021 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ᠂ ᠬᠥᠬᠡᠨᠠᠭᠤᠷ᠎ᠤᠨ ᠮᠠᠳᠣᠢ ᠰᠢᠶᠠᠨ᠎ᠤ ᠦᠨᠳᠦᠰᠦᠲᠡᠨ᠎ᠤ ᠪᠠᠢ᠌ᠷᠢᠯᠠᠬᠤ ᠳᠦᠷᠢᠮᠲᠦ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ᠎ᠤ ᠰᠤᠷᠤᠭᠴᠢᠳ ᠬᠢᠴᠢᠶᠡᠯ᠎ᠤᠨ ᠵᠠᠪᠰᠠᠷᠯᠠᠭ᠎ᠠ᠎ᠳᠤ ᠨᠠᠭ᠋ᠠᠳᠴᠤ ᠪᠠᠶ᠋ᠢᠭ᠎ᠠ᠎ᠨᠢ᠃ ᠲᠣᠰ ᠰᠤᠷᠭ᠋ᠠᠭᠤᠯᠢ ᠣᠳᠣᠬᠠᠨ᠎ᠳᠤ ᠠᠷᠢᠭᠤᠨ ᠴᠡᠪᠡᠷ ᠳᠤᠯᠠᠭ᠋ᠠᠯᠭ᠎ᠠ ᠬᠢᠬᠦ ᠠᠷᠭ᠎ᠠ ᠵᠢ ᠬᠡᠷᠡᠭᠯᠡᠵᠦ᠂ ᠰᠤᠷᠤᠭᠴᠢᠳ᠎ᠤᠨ ᠰᠤᠷᠤᠯᠭ᠎ᠠ ᠪᠠ ᠠᠮᠢᠳᠤᠷᠠᠯ᠎ᠤᠨ ᠣᠷᠴᠢᠨ ᠲᠣᠭᠣᠷᠢᠨ ᠶᠡᠬᠡ᠎ᠪᠠᠷ ᠰᠠᠶ᠋ᠢᠵᠢᠷᠠᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠠᠩ ᠬᠣᠩ ᠰᠢᠶᠠᠩ ᠰᠡᠭᠦᠳᠡᠷᠯᠡᠪᠡ
ᠡᠲᠡᠭᠡᠷ ᠵᠢᠯ᠎ᠤᠳ᠎ᠲᠤ᠂ ᠶᠡᠷᠦᠩᠬᠡᠶ ᠱᠦᠵᠢ ᠰᠢ ᠵᠢᠨ ᠫᠢᠩ ᠣᠷᠣᠨ ᠨᠤᠲᠤᠭ᠎ᠲᠤ ᠬᠦᠷᠴᠦ ᠠᠵᠢᠯ ᠪᠠᠶ᠋ᠢᠴᠠᠭ᠋ᠠᠬᠤ᠎ᠳᠤ᠎ᠪᠠᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯ ᠨᠢᠭᠡ ᠵᠦᠢ᠍ᠯ᠎ᠤᠨ ᠴᠢᠬᠤᠯᠠ ᠲᠣᠬᠢᠷᠠᠭᠤᠯᠤᠯᠲᠠ ᠮᠥᠨ᠃ ᠡᠬᠡ ᠤᠯᠤᠰ᠎ᠤᠨ ᠠᠭᠤᠯᠠ ᠤᠰᠤ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ᠎ᠲᠠᠢ ᠰᠡᠳᠬᠢᠯ ᠵᠢᠷᠦᠬᠡ᠎ᠪᠠᠨ ᠬᠣᠯᠪᠣᠭᠰᠠᠨ ᠰᠡᠳᠬᠢᠯᠭᠡ ᠵᠢ ᠭᠡᠷᠡᠴᠢᠯᠡᠵᠦ ᠪᠠᠢ᠌ᠨ᠎ᠠ᠃
《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠮᠥᠩᠭᠥᠨ ᠠᠭᠤᠯᠠ ᠮᠥᠨ》;
《ᠠᠮᠢ ᠠᠬᠤᠢ ᠵᠢᠨ ᠣᠷᠴᠢᠨ ᠲᠣᠭᠣᠷᠢᠨ᠎ᠢ ᠨᠢᠳᠦ᠎ᠪᠠᠨ ᠰᠢᠭ ᠬᠠᠮᠠᠭ᠋ᠠᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠳᠤ ᠠᠮᠢ ᠨᠠᠰᠤᠲᠠᠢ᠎ᠪᠠᠨ ᠠᠳᠠᠯᠢ ᠬᠠᠨᠳᠤᠭ᠋ᠠᠷᠠᠢ》;
《ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠣᠯ ᠦᠢ᠍ᠯᠡᠳᠪᠦᠷᠢᠯᠡᠯ᠎ᠤᠨ ᠬᠦᠴᠦᠨ᠎ᠢ ᠬᠠᠮᠠᠭ᠋ᠠᠯᠠᠵᠤ ᠪᠠᠢ᠌ᠭ᠎ᠠ ᠶᠠᠪᠤᠳᠠᠯ ᠮᠥᠨ᠂ ᠠᠮᠢ ᠠᠬᠤᠢ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠪᠣᠯ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ ᠪᠠᠢ᠌ᠭ᠎ᠠ ᠶᠠᠪᠤᠳᠠᠯ ᠮᠥᠨ》;
《ᠬᠥᠮᠦᠨ ᠬᠥᠬᠡᠮᠳᠦᠭ ᠠᠭᠤᠯᠠ ᠵᠢ ᠬᠥᠰᠡᠷᠳᠡᠭᠦᠯᠬᠦ ᠦᠭᠡᠢ ᠪᠣᠯ ᠬᠥᠬᠡᠮᠳᠦᠭ ᠠᠭᠤᠯᠠ ᠯᠠᠪᠲᠠᠢ ᠬᠥᠮᠦᠨ᠎ᠢ ᠬᠥᠰᠡᠷᠳᠡᠭᠦᠯᠬᠦ ᠦᠭᠡᠢ ᠶᠤᠮ》;
《ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠪᠡᠯᠴᠢᠭᠡᠷ ᠡᠯᠡᠰᠦ ᠱᠠᠩᠳᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠯᠡᠨ᠎ᠡ》;
᠁
ᠢᠳᠡ ᠬᠦᠴᠦᠲᠡᠢ ᠦᠭᠡ ᠶᠠᠷᠢᠶ᠎ᠠ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠭᠡᠷᠡᠯ ᠭᠢᠯᠪᠠᠭ᠎ᠠ ᠵᠢ ᠰᠠᠴᠤᠷᠠᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠦᠨ ᠠᠬᠢᠭᠤᠯᠬᠤ ᠵᠢ ᠵᠢᠯᠣᠭᠣᠳᠴᠤ ᠪᠠᠶ᠋ᠢᠨ᠎ᠠ᠃

ᠶᠣᠣ ᠽᠦ᠍ ᠶᠤᠸᠠᠨ (ᠪᠠᠷᠠᠭᠤᠨ᠎ᠠᠴᠠ ᠨᠢᠭᠡᠳᠦᠭᠡᠷ) ᠬᠡᠷ᠎ᠤᠨ ᠬᠥᠮᠦᠰ᠎ᠲᠠᠢ᠎ᠪᠠᠨ ᠬᠠᠮᠲᠤ ᠮᠣᠳᠣ ᠲᠠᠷᠢᠵᠤ ᠪᠠᠢ᠌ᠨ᠎ᠠ (2019 ᠣᠨ᠎ᠤ 7 ᠳ᠋ᠤᠭ᠋ᠠᠷ ᠰᠠᠷ᠎ᠠ ᠵᠢᠨ 13᠎ᠤ ᠡᠳᠦᠷ ᠰᠡᠭᠦᠳᠡᠷᠯᠡᠪᠡ)᠃ ᠴᠢᠨᠯᠢᠩ ᠳᠠᠪᠠᠭ᠎ᠠ ᠵᠢᠨ ᠭᠦᠨᠳᠤ ᠪᠠᠶ᠋ᠢᠭ᠎ᠠ ᠱᠠᠨᠰᠢ ᠮᠤᠵᠢ ᠵᠢᠨ ᠬᠠᠨᠵᠦ᠋ᠩ ᠬᠤᠳᠠ ᠵᠢᠨ ᠯᠢᠦ ᠪᠠ ᠰᠢᠶᠠᠨ᠎ᠤ ᠾᠦᠸᠸ ᠱᠤᠤ ᠳ᠋ᠢᠶᠠᠨ ᠪᠠᠯᠭ᠋ᠠᠰᠤᠨ᠎ᠳᠤ᠂ ᠶᠣᠣ ᠣᠪᠣᠭᠲᠤ ᠵᠢᠨ ᠲᠠᠪᠤᠨ ᠦᠶ᠎ᠡ ᠵᠢᠨ ᠬᠥᠮᠦᠰ᠎ᠤᠨ 70 ᠵᠢᠯ᠎ᠤᠨ ᠲᠤᠷᠰᠢᠬᠢ ᠴᠢᠨᠯᠢᠩ ᠳᠠᠪᠠᠭ᠎ᠠ ᠵᠢ ᠭᠦᠨ ᠬᠠᠭ᠋ᠠᠯᠪᠤᠷᠢᠯᠠᠨ ᠮᠣᠳᠣ ᠲᠠᠷᠢᠭᠰᠠᠨ ᠦᠯᠢᠭᠡᠷ᠎ᠢ ᠲᠤᠬᠠᠢ ᠵᠢᠨ ᠭᠠᠵᠠᠷ᠎ᠤᠨ᠎ᠬᠢᠨ ᠳᠠᠶᠠᠭ᠋ᠠᠷ ᠵᠶ᠋ᠠᠨ ᠮᠡᠳᠡᠳᠡᠭ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠲᠤᠤ ᠮᠢᠩ ᠰᠡᠭᠦᠳᠡᠷᠯᠡᠪᠡ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠱᠠᠩᠳᠠ ᠵᠢ ᠨᠢᠭᠡ ᠴᠤᠭᠴᠠᠵᠢᠭᠤᠯᠤᠨ ᠵᠠᠰᠠᠵᠤ᠂ ᠠᠯᠢ ᠤᠯᠠᠨ ᠦᠨᠳᠦᠰᠦᠨ ᠴᠢᠨᠠᠷᠲᠠᠢ᠂ ᠡᠭᠦᠳᠦᠯᠲᠡ ᠵᠢᠨ ᠴᠢᠨᠠᠷᠲᠠᠢ᠂ ᠠᠯᠤᠰ ᠬᠡᠳᠤ ᠵᠢᠨ ᠴᠢᠨᠠᠷᠲᠠᠢ ᠠᠵᠢᠯ᠎ᠢ ᠥᠷᠨᠢᠭᠦᠯᠵᠦ᠂ ᠵᠣᠷᠢᠭ᠎ᠨᠢ ᠶᠡᠬᠡ᠂ ᠡᠷᠴᠢᠮ᠎ᠨᠢ ᠶᠡᠬᠡ᠂ ᠦᠷ᠎ᠡ ᠪᠦᠲᠦᠮᠵᠢ᠎ᠨᠢ ᠶᠡᠬᠡ ᠪᠠᠢ᠌ᠭ᠎ᠠ᠎ᠪᠠᠷ ᠵᠶ᠋ᠠᠨ ᠤᠷᠢᠳ ᠡᠮᠦᠨ᠎ᠡ ᠭᠠᠷᠤᠭ᠎ᠠ ᠦᠭᠡᠢ ᠪᠠᠢ᠌ᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠲᠠᠨᠢᠯᠲᠠ᠎ᠠᠴᠠ ᠦᠢ᠍ᠯᠡᠳᠦᠯᠭᠡ᠎ᠳᠤ ᠬᠦᠷᠲᠡᠯ᠎ᠡ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠤᠭᠰᠠᠨ ᠪᠠᠶ᠋ᠢᠨ᠎ᠠ᠃
ᠡᠨᠡ ᠵᠢᠯ᠎ᠤᠨ 5 ᠳ᠋ᠤᠭ᠋ᠠᠷ ᠰᠠᠷ᠎ᠠ ᠵᠢᠨ 26᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《2020 ᠣᠨ᠎ᠤ ᠳᠤᠮᠳᠠᠳᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠪᠠᠶ᠋ᠢᠳᠠᠯ᠎ᠤᠨ ᠠᠯᠪᠠᠨ ᠮᠡᠳᠡᠭᠡ》 ᠵᠢ ᠵᠢᠩᠬᠢᠨᠢ᠎ᠪᠠᠷ ᠨᠡᠶ᠋ᠢᠲᠡᠯᠡᠪᠡ᠃ ᠡᠨᠡ ᠪᠣᠯ ᠨᠣᠭᠣᠭ᠋ᠠᠨ ᠦᠩᠭᠡ᠎ᠪᠠᠷ ᠪᠢᠯᠬᠠᠭᠰᠠᠨ ᠮᠡᠳᠡᠭᠦᠯᠦᠯᠲᠡ ᠪᠣᠯᠤᠨ᠎ᠠ᠂ 2020 ᠣᠨ ᠪᠠ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠭᠣᠣᠯᠳᠠᠯᠭ᠎ᠠ᠎ᠲᠠᠢ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠢᠯᠡᠳᠲᠡ ᠰᠠᠶ᠋ᠢᠵᠢᠷᠠᠪᠠ᠃

ᠣᠩᠭᠣᠴᠠ ᠰᠠᠯ ᠬᠤᠪᠸᠢ ᠮᠤᠵᠢ ᠵᠢᠨ ᠦᠬᠠᠨ ᠬᠤᠳᠠ ᠵᠢᠨ ᠶᠠᠩ ᠯᠦᠸᠧ ᠭᠠᠷᠠᠮ ᠲᠣᠭᠣᠷᠢᠭ᠎ᠤᠨ ᠤᠰᠤᠨ ᠣᠷᠣᠨ ᠵᠶ᠋ᠠᠷ ᠠᠶᠠᠯᠠᠵᠤ ᠪᠠᠢ᠌ᠭ᠎ᠠ᠎ᠨᠢ (2018 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ ᠰᠡᠭᠦᠳᠡᠷᠯᠡᠪᠡ᠂ ᠵᠢᠯᠣᠭᠣᠴᠢ ᠦᠭᠡᠢ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠤᠤ ᠢ ᠵᠢᠦ ᠰᠡᠭᠦᠳᠡᠷᠯᠡᠪᠡ
ᠠᠭ᠋ᠠᠷ ᠲᠩᠷᠢ ᠨᠠᠩ ᠬᠥᠬᠡᠷᠡᠵᠦ᠂ ᠪᠥᠬᠥ ᠤᠯᠤᠰ᠎ᠤᠨ ᠲᠤᠰᠬᠠᠶ ᠣᠷᠣᠨ᠎ᠤ ᠲᠠᠰ ᠵᠢᠴᠢ ᠳᠡᠭᠡᠭᠰᠢᠬᠢ ᠬᠣᠲᠠ ᠵᠢᠨ ᠰᠢᠯᠢᠳᠡᠭ ᠰᠠᠶ᠋ᠢᠨ ᠡᠳᠦᠷ᠎ᠤᠨ ᠬᠠᠷᠢᠴᠠᠯ᠎ᠨᠢ 87% ᠪᠣᠯᠲᠠᠯ᠎ᠠ ᠳᠡᠭᠡᠭᠰᠢᠯᠡᠪᠡ; ᠭᠣᠣᠯ ᠮᠥᠷᠡᠨ ᠨᠡᠩ ᠲᠤᠩᠭ᠋ᠠᠯᠠᠭᠰᠢᠵᠤ᠂ ᠭᠠᠵᠠᠷ᠎ᠤᠨ ᠭᠠᠳᠠᠷᠭᠤ ᠵᠢᠨ ᠤᠰᠤᠨ᠎ᠤ ᠰᠢᠯᠢᠳᠡᠭ ᠰᠠᠢ᠌ᠨ ᠣᠭᠲᠣᠯᠤᠭ᠋ᠠᠰᠤ ᠵᠢᠨ ᠬᠠᠷᠢᠴᠠᠯ᠎ᠨᠢ 83.4% ᠪᠣᠯᠲᠠᠯ᠎ᠠ ᠳᠡᠭᠡᠭᠰᠢᠯᠡᠪᠡ; ᠭᠡᠷ ᠣᠷᠣᠨ ᠨᠡᠩ ᠰᠠᠶ᠋ᠢᠬᠠᠨ ᠪᠣᠯᠵᠤ᠂ ᠡᠯ᠎ᠡ ᠳᠡᠰ ᠡᠯ᠎ᠡ ᠲᠦᠷᠦᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠶᠡᠷᠦᠩᠬᠡᠢ ᠲᠣᠭ᠎ᠠ 1.18 ᠲᠦᠮᠡ᠎ᠳᠤ ᠬᠦᠷᠴᠡᠢ ᠁
ᠪᠣᠬᠢᠷᠲᠤᠯ ᠦᠭᠡᠢ ᠬᠠᠷᠢᠭᠤᠯᠲᠠ ᠵᠢᠨ ᠬᠠᠭᠤᠳᠠᠰᠤ ᠵᠢᠨ ᠠᠷᠤ᠎ᠳᠤ᠂ ᠳᠤᠮᠳᠠᠳᠤ ᠤᠯᠤᠰ ᠭᠡᠬᠦ ᠡᠨᠡ ᠬᠦ᠌ ᠬᠠᠮᠤᠭ ᠲᠤᠮᠤ ᠬᠥᠭᠵᠢᠵᠦ ᠪᠠᠶ᠋ᠢᠭ᠎ᠠ ᠤᠯᠤᠰ᠎ᠤᠨ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠡᠷᠡᠰ ᠪᠠᠲᠤ ᠠᠯᠬᠤᠭ᠎ᠠ ᠪᠠᠶ᠋ᠢᠵᠤ᠂ 14 ᠳ᠋ᠦᠩᠰᠢᠭᠤᠷ ᠳᠤᠮᠳᠠᠳᠤᠴᠤᠳ᠎ᠤᠨ ᠪᠣᠳᠠᠲᠤ ᠠᠵᠢᠯᠯᠠᠭ᠎ᠠ᠎ᠪᠠᠷ ᠵᠶ᠋ᠠᠨ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠯᠲᠠ ᠵᠢ ᠠᠬᠢᠭᠤᠯᠬᠤ ᠴᠥᠬᠥᠷᠡᠰᠢ ᠦᠭᠡᠢ ᠴᠢᠷᠮᠠᠶ᠋ᠢᠯᠭ᠎ᠠ ᠪᠠᠢ᠌ᠳᠠᠭ᠃
ᠪᠣᠬᠢᠷ ᠮᠠᠨᠠᠨ᠎ᠲᠠᠢ ᠲᠤᠯᠤᠯᠳᠤᠭᠰᠠᠨ ᠳᠠᠢ᠌ᠨ᠎ᠤ ᠲᠠᠯᠠᠪᠤᠷ᠎ᠲᠤ᠂ ᠮᠠᠨ᠎ᠤ ᠤᠯᠤᠰ᠎ᠤᠨ ᠤᠮᠠᠷᠠᠲᠤ ᠣᠷᠣᠨ᠎ᠤ 2500 ᠭᠠᠷᠤᠢ ᠲᠦᠮᠡᠨ ᠡᠷᠦᠬᠡ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠬᠢᠵᠦ᠂ ᠪᠦᠬᠦ ᠤᠯᠤᠰ᠎ᠲᠤ 2400 ᠭᠠᠷᠤᠢ ᠲᠦᠮᠡᠨ ᠰᠢᠷ᠎ᠠ ᠲᠡᠮᠳᠡᠭᠲᠦ ᠲᠡᠷᠭᠡ᠂ ᠬᠠᠭᠤᠴᠢᠷᠬᠠᠰᠠᠨ ᠲᠡᠷᠭᠡ ᠵᠢ ᠰᠢᠭᠰᠢᠭᠳᠡᠭᠦᠯᠵᠦ᠂ 229 ᠪᠤᠯᠤᠳ ᠲᠡᠮᠦᠷ᠎ᠤᠨ ᠠᠵᠤ ᠠᠬᠤᠶ᠋ᠢᠯᠠᠯ᠎ᠤᠨ 6.2 ᠳ᠋ᠦᠩᠰᠢᠭᠤᠷ ᠲᠣᠨ ᠪᠦᠳᠦᠭᠦᠯᠢᠭ ᠪᠤᠯᠤᠳ ᠦᠢ᠍ᠯᠡᠳᠪᠦᠷᠢᠯᠡᠬᠦ ᠴᠢᠳᠠᠪᠤᠷᠢ᠎ᠳᠤ ᠬᠡᠳᠤ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠬᠢᠵᠦ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ ᠠᠵᠤ ᠠᠬᠤᠶ᠋ᠢᠯᠠᠯ ᠵᠢᠴᠢ ᠪᠦᠯᠦᠭᠯᠡᠯᠤᠳᠢ ᠪᠦᠬᠦ ᠲᠠᠯ᠎ᠠ᠎ᠪᠠᠷ ᠴᠡᠭᠴᠡᠯᠡᠨ ᠵᠠᠰᠠᠵᠤ᠂ ᠮᠠᠰᠢ ᠤᠯᠠᠨ ᠭᠠᠵᠠᠷ ᠣᠷᠣᠨ᠎ᠤ ᠪᠤᠯᠤᠳ ᠲᠡᠮᠦᠷ᠂ ᠨᠡᠭᠦᠷᠡᠰᠦ ᠵᠡᠷᠭᠡ ᠬᠣᠴᠣᠷᠤᠩᠭᠤᠢ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠪᠡ ᠁
ᠤᠰᠤ ᠮᠥᠷᠡᠨ᠎ᠢ ᠨᠡᠩ ᠲᠤᠩᠭ᠋ᠠᠯᠠᠭ ᠪᠠᠢ᠌ᠯᠭ᠋ᠠᠬᠤ ᠵᠢᠨ ᠲᠤᠰᠠᠳᠠ᠂ ᠲᠡᠵᠢᠭᠡᠨ ᠦᠷᠡᠵᠢᠭᠦᠯᠬᠦ ᠡᠷᠦᠭᠡ᠎ᠨᠢ ᠲᠣᠣᠷ᠎ᠤᠨ ᠬᠠᠶ᠋ᠢᠷᠴᠠᠭ ᠵᠶ᠋ᠠᠨ ᠬᠤᠷᠢᠶᠠᠵᠤ᠂ ᠭᠣᠣᠯ ᠮᠥᠷᠡᠨ ᠨᠠᠭᠤᠷ ᠴᠥᠭᠥᠷᠥᠮ᠎ᠢ ᠪᠠᠶ᠋ᠢᠭ᠋ᠠᠯᠢ᠎ᠳᠤ ᠪᠤᠴᠠᠭ᠋ᠠᠨ᠂ ᠬᠤᠳᠠ ᠵᠢᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠤᠨ ᠥᠭᠡᠷᠡᠴᠢᠯᠡᠨ ᠵᠠᠰᠠᠯᠲᠠ ᠵᠢ ᠲᠦᠷᠭᠡᠨ ᠠᠬᠢᠭᠤᠯᠵᠤ᠂ ᠪᠣᠬᠢᠷ ᠤᠰᠤ ᠵᠢ ᠰᠢᠢ᠍ᠳᠪᠦᠷᠢᠯᠡᠬᠦ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠬᠡᠮᠥ᠋ᠷᠡᠨ ᠳᠠᠭ᠋ᠠᠤ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠳᠤ 《ᠬᠠᠭ᠋ᠠᠵᠤ ᠥᠭᠡᠷᠡᠴᠢᠯᠡᠵᠦ ᠨᠡᠭᠦᠯᠭᠡᠵᠦ ᠰᠢᠯᠵᠢᠭᠦᠯᠬᠦ》 ᠥᠭᠡᠷᠡᠴᠢᠯᠡᠯᠲᠡ ᠬᠢᠪᠡ ᠁
ᠳᠦᠷᠢᠮ᠎ᠤᠨ ᠬᠦᠴᠦ᠎ᠪᠠᠷ ᠪᠣᠬᠢᠷᠲᠤᠯ ᠦᠭᠡᠢ ᠬᠥᠭᠵᠢᠯᠲᠡ ᠵᠢᠨ ᠠᠶᠠᠨ ᠵᠠᠮ᠎ᠢ ᠬᠠᠮᠠᠭ᠋ᠠᠯᠠᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠣᠷᠴᠢᠨ ᠲᠣᠭᠣᠷᠢᠨ ᠵᠢ ᠬᠠᠮᠠᠭ᠋ᠠᠯᠠᠬᠤ ᠬᠠᠤᠯᠢ᠂ ᠣᠷᠴᠢᠨ ᠲᠣᠭᠣᠷᠢᠨ ᠵᠢ ᠬᠠᠮᠠᠭ᠋ᠠᠯᠠᠬᠤ ᠭᠠᠶ᠋ᠢᠯᠢ ᠵᠢᠨ ᠬᠠᠤᠯᠢ ᠵᠢᠴᠢ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠪᠣᠯᠤᠨ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠡᠷᠭᠡ ᠬᠠᠤᠯᠢ ᠴᠠᠭ᠋ᠠᠵᠠ ᠵᠢ ᠨᠡᠩ ᠲᠡᠭᠦᠯᠳᠡᠷᠵᠢᠭᠦᠯᠪᠡ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠬᠣᠯᠪᠣᠭᠳᠠᠭᠰᠠᠨ ᠥᠭᠡᠷᠡᠴᠢᠯᠡᠯᠲᠡ ᠵᠢᠨ ᠲᠥᠰᠦᠯ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ ᠢᠯᠠᠩᠭᠤᠶ᠎ᠠ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠬᠤ 《ᠬᠤᠷᠴᠠ ᠰᠡᠯᠡᠮ᠎ᠡ》᠎ᠨᠢ ᠡᠬᠡ ᠤᠯᠤᠰ᠎ᠤᠨ ᠬᠥᠬᠡᠮᠳᠦᠭ ᠨᠣᠭᠣᠭ᠋ᠠᠨ ᠠᠭᠤᠯᠠ ᠤᠰᠤ ᠵᠢ ᠴᠠᠭ ᠢᠮᠠᠭᠲᠠ ᠰᠠᠬᠢᠨ ᠬᠠᠮᠠᠭ᠋ᠠᠯᠠᠵᠤ ᠪᠤᠢ᠃
《ᠳᠤᠮᠳᠠᠳᠤ ᠤᠯᠤᠰ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠠᠩ ᠬᠦᠴᠦᠲᠡᠶ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 2030 ᠣᠨ᠎ᠠᠴᠠ ᠡᠮᠦᠨ᠎ᠡ ᠣᠷᠭᠢᠯ ᠬᠡᠮᠵᠢᠭᠳᠡᠯ᠎ᠳᠤ ᠬᠦᠷᠭᠡᠬᠦ᠎ᠪᠠᠷ ᠴᠢᠷᠮᠠᠶ᠋ᠢᠵᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠰᠠᠭ᠋ᠠᠷᠮᠠᠭᠵᠢᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃》
2020 ᠣᠨ᠎ᠤ 9 ᠳ᠋ᠦ᠍ᠭᠡᠷ ᠰᠠᠷ᠎ᠠ ᠵᠢᠨ 22᠎ᠤᠨ ᠡᠳᠦᠷ᠂ ᠲᠡᠷᠢᠭᠦᠯᠡᠭᠴᠢ ᠰᠢ ᠵᠢᠨ ᠫᠢᠩ ᠲᠠᠯᠠᠨ ᠲᠠᠪᠤᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠶᠡᠬᠡ ᠬᠤᠷᠠᠯ᠎ᠤᠨ ᠡᠩ᠎ᠤᠨ ᠴᠢᠨᠠᠷᠲᠠᠢ ᠮᠠᠷᠭᠤᠯᠳᠤᠭ᠋ᠠᠨ ᠳᠡᠭᠡᠷ᠎ᠡ ᠲᠥᠪ ᠴᠢᠩᠭ᠎ᠠ ᠠᠮᠠᠯᠠᠯᠲᠠ ᠬᠢᠵᠦ᠂ ᠪᠦᠬᠦ ᠳᠡᠯᠡᠬᠡᠢ᠎ᠳᠤ ᠳᠤᠮᠳᠠᠳᠤ ᠤᠯᠤᠰ᠎ᠤᠨ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠵᠠᠮᠨᠠᠬᠤ ᠴᠢᠩᠭ᠎ᠠ ᠲᠤᠬᠢᠶ᠎ᠠ ᠵᠢ ᠲᠠᠯᠪᠢᠨ ᠭᠠᠷᠭ᠋ᠠᠪᠠ᠃
ᠥᠨᠢ ᠤᠳᠠᠭ᠋ᠠᠨ ᠴᠢᠷᠮᠠᠶ᠋ᠢᠯᠭ᠎ᠠ — ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠯᠠᠪᠳᠠᠭᠤᠨ ᠪᠠᠲᠤᠲᠠᠢ ᠠᠯᠬᠤᠪᠠ

2020 ᠣᠨ᠎ᠤ 11 ᠳ᠋ᠦ᠍ᠭᠡᠷ ᠰᠠᠷ᠎ᠠ ᠵᠢᠨ 20᠎ᠤ ᠡᠳᠦᠷ ᠰᠡᠭᠦᠳᠡᠷᠯᠡᠭᠰᠡᠨ ᠹᠦᠵᠢᠶᠠᠨ ᠮᠤᠵᠢ ᠵᠢᠨ ᠰᠠᠨᠮᠢᠩ ᠬᠣᠲᠠ ᠵᠢᠨ ᠵᠢᠶᠠᠩᠯᠧ ᠰᠢᠶᠠᠨ᠎ᠤ ᠭᠣᠤ ᠲᠠᠩ ᠪᠠᠯᠭ᠋ᠠᠰᠤᠨ᠎ᠤ ᠴᠠᠩ ᠺᠸᠦ ᠲᠣᠰᠬᠣᠨ (ᠵᠢᠯᠣᠭᠣᠴᠢ ᠥᠬᠡᠶ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠥᠩ ᠸᠧᠶ ᠸᠧᠶ ᠰᠡᠭᠦᠳᠡᠷᠯᠡᠪᠡ
ᠹᠦᠵᠢᠶᠠᠨ ᠮᠤᠵᠢ ᠵᠢᠨ ᠰᠠᠨᠮᠢᠩ ᠬᠤᠲᠠ ᠵᠢᠨ ᠵᠢᠶᠠᠩᠯᠸ ᠰᠢᠶᠠᠨ᠎ᠤ ᠭᠤᠤ ᠲᠠᠩ ᠪᠠᠯᠭ᠋ᠠᠰᠤᠨ᠎ᠤ ᠴᠠᠩ ᠺᠸᠤ ᠲᠣᠰᠬᠣᠨ᠃ ᠵᠤᠨ᠎ᠤ ᠨᠡᠷᠡᠨ ᠳᠣᠣᠷ᠎ᠠ᠂ ᠵᠢᠨ ᠰᠢ ᠾᠧ ᠭᠣᠣᠯ ᠲᠣᠰᠬᠣᠨ᠎ᠤ ᠵᠠᠬ᠎ᠠ᠎ᠪᠠᠷ ᠠᠯᠭᠤᠷᠬᠠᠨ ᠤᠷᠤᠰ᠎ᠤᠨ ᠥᠩᠭᠡᠷᠡᠵᠦ᠂ ᠬᠦᠪᠡᠭᠡ᠎ᠪᠠᠷ᠎ᠨᠢ ᠬᠡᠳᠦᠨ ᠮᠢᠩᠭ᠋ᠠᠨ ᠮᠦ᠍ ᠪᠠᠶ᠋ᠢᠭ᠋ᠠᠯᠢ ᠵᠢᠨ ᠥᠷᠭᠡᠨ ᠨᠠᠪᠴᠢᠲᠤ ᠤᠢ ᠪᠠᠶ᠋ᠢᠳᠠᠭ᠃ ᠲᠣᠰᠬᠣᠨ᠎ᠤ ᠨᠠᠮ᠎ᠤᠨ ᠡᠭᠦᠷ᠎ᠤᠨ ᠱᠦᠵᠢ ᠵᠠᠩ ᠯᠢᠨ ᠱᠦᠨ ᠲᠣᠰᠬᠣᠨ᠎ᠤ ᠨᠢᠭᠡ ᠪᠦᠳᠦᠭᠦᠨ ᠮᠣᠳᠣᠨ᠎ᠤ ᠳᠣᠣᠷ᠎ᠠ ᠰᠠᠭᠤᠭ᠋ᠠᠳ ᠰᠤᠷᠪᠤᠯᠵᠢᠯᠠᠭᠴᠢ᠎ᠳᠤ᠄ 《ᠮᠠᠨ᠎ᠤ ᠲᠣᠰᠬᠣᠨ ᠨᠢᠭᠡ ᠮᠣᠳᠣ ᠵᠢ ᠴᠤ᠌ ᠣᠭᠲᠣᠯᠣᠭᠰᠠᠨ ᠦᠭᠡᠢ᠂ ᠨᠡᠭᠦᠷᠡᠰᠦᠲᠥ᠋ᠷᠥᠭᠴᠢ ᠵᠢᠨ ᠪᠢᠯᠧᠲ ᠬᠤᠳᠠᠯᠳᠤᠭ᠋ᠠᠳ 14 ᠲᠦᠮᠡ ᠭᠠᠷᠤᠢ ᠲᠥᠭᠥᠷᠢᠭ ᠣᠯᠵᠠᠢ》 ᠭᠡᠵᠦ ᠬᠡᠯᠡᠪᠡ᠃
ᠪᠠᠭ᠎ᠠ᠎ᠳᠤ᠎ᠪᠠᠨ ᠠᠬᠠᠮᠠᠳ ᠵᠶ᠋ᠡᠨ ᠳᠠᠭ᠋ᠠᠵᠤ ᠠᠭᠤᠯᠠᠨ᠎ᠳᠤ ᠭᠠᠷᠴᠤ ᠮᠣᠳᠣ ᠴᠠᠪᠴᠢᠳᠠᠭ ᠪᠠᠶ᠋ᠢᠭᠰᠠᠨ ᠵᠶ᠋ᠠᠨ ᠲᠡᠷᠡ ᠪᠠᠰᠠ ᠴᠡᠭᠡᠵᠢᠯᠡᠭᠰᠡᠭᠡᠷ ᠪᠠᠢ᠌ᠯ᠎ᠠ᠃ ᠵᠢᠯ ᠳᠠᠷᠠᠭ᠋ᠠᠯᠠᠨ ᠬᠡᠲᠦᠷᠡᠲᠡᠯ᠎ᠡ ᠣᠭᠲᠣᠯᠤᠭᠰᠠᠨ᠎ᠠᠴᠠ ᠠᠭᠤᠯᠠᠨ᠎ᠳᠤ ᠨᠢᠭᠡ ᠦᠶ᠎ᠡ᠎ᠳᠤ ᠮᠣᠳᠣ ᠬᠠᠷᠠᠭᠳᠠᠬᠤ᠎ᠪᠠᠨ ᠪᠤᠯᠢᠵᠠᠢ᠃ 2003 ᠣᠨ᠎ᠠᠴᠠ ᠡᠬᠢᠯᠡᠨ᠂ ᠰᠠᠨᠮᠢᠩ ᠬᠣᠲᠠ ᠵᠢᠨ᠎ᠬᠢᠨ ᠣᠶ ᠰᠢᠭᠤᠶ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠰᠦᠪᠡᠭᠴᠢᠯᠡᠵᠦ᠂ 《ᠠᠭᠤᠯᠠ ᠵᠢ ᠡᠷᠦᠬᠡ᠎ᠳᠤ ᠬᠤᠪᠢᠶᠠᠨ᠂ ᠣᠶ ᠵᠢ ᠬᠥᠮᠦᠨ᠎ᠳᠤ ᠳᠠᠭ᠋ᠠᠭ᠋ᠠᠴᠢᠯᠠᠭᠤᠯᠬᠤ》 ᠥᠭᠡᠷᠡᠴᠢᠯᠡᠯᠲᠡ ᠵᠢ ᠲᠤᠷᠰᠢᠨ ᠬᠡᠷᠡᠭᠵᠢᠭᠦᠯᠵᠦ᠂ 《ᠠᠭᠤᠯᠠ ᠵᠢᠨ ᠡᠷᠬᠡ ᠵᠢ ᠲᠣᠭᠲᠠᠭ᠋ᠠᠬᠤ᠂ ᠮᠣᠳᠣ ᠵᠢᠨ ᠦᠨᠳᠦᠰᠦ ᠵᠢ ᠲᠣᠭᠲᠠᠭ᠋ᠠᠬᠤ ᠂ ᠬᠥᠮᠦᠨ᠎ᠤ ᠰᠡᠳᠬᠢᠯ᠎ᠢ ᠲᠣᠭᠲᠠᠭ᠋ᠠᠬᠤ》 ᠵᠢ ᠪᠡᠶᠡᠯᠡᠭᠦᠯᠵᠡᠶ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠠᠨᠮᠢᠩ ᠬᠤᠳᠠ ᠵᠢᠨ᠎ᠬᠢᠨ ᠠᠮᠢ ᠠᠬᠤᠢ ᠵᠢᠨ ᠪᠦᠲᠦᠭᠡᠭᠳᠡᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠵᠦ᠂ ᠮᠣᠳᠣ ᠲᠠᠷᠢᠵᠤ ᠤᠢ ᠵᠢ ᠬᠠᠮᠠᠭ᠋ᠠᠯᠠᠬᠤ ᠣᠨᠣᠯᠵᠢᠬᠤᠨ ᠬᠥᠮᠦᠰ᠎ᠤᠨ ᠰᠡᠳᠬᠢᠯ᠎ᠳᠤ ᠨᠡᠩ ᠭᠦᠨ ᠰᠠᠭᠤᠭᠳᠠᠪᠠ᠃
ᠲᠦᠷᠦᠭᠦᠬᠡᠨ᠎ᠳᠤ᠂ ᠴᠠᠩ ᠺᠸᠦ ᠲᠣᠰᠬᠣᠨ ᠪᠣᠯᠤᠨ ᠰᠠᠨᠮᠢᠩ ᠬᠣᠲᠠ ᠵᠢᠨ ᠱᠠ ᠰᠢᠶᠠᠨ ᠲᠣᠭᠣᠷᠢᠭ᠎ᠤᠨ ᠰᠢᠶᠠ ᠮᠤᠤ ᠪᠠᠯᠭ᠋ᠠᠰᠤᠨ᠎ᠤ ᠢᠦᠶ ᠪᠠᠩ ᠲᠣᠰᠬᠣᠨ᠎ᠳᠤ ᠰᠠᠨᠮᠢᠩ ᠣᠶ ᠰᠢᠭᠤᠶ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠵᠢᠨ ᠪᠢᠯᠧᠲ᠎ᠢ ᠠᠩᠬ᠎ᠠ ᠲᠠᠷᠬᠠᠭ᠋ᠠᠬᠤ ᠶᠣᠰᠣᠯᠠᠯ ᠶᠠᠪᠤᠭᠤᠯᠵᠤ᠂ ᠲᠦᠷᠦᠭᠦᠤ ᠪᠦᠯᠦᠭ᠎ᠤᠨ ᠣᠶ ᠰᠢᠭᠤᠶ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠵᠢᠨ ᠪᠢᠯᠧᠲ᠎ᠢ 5 ᠲᠠᠷᠬᠠᠭ᠋ᠠᠵᠤ᠂ ᠨᠡᠶ᠋ᠢᠲᠡ 29715 ᠲᠣᠨ ᠨᠡᠭᠦᠷᠡᠰᠦᠲᠥ᠋ᠷᠥᠭᠴᠢᠢ ᠬᠤᠷᠠᠭᠤᠯᠪᠠ᠃ ᠵᠠᠩ ᠯᠢᠨ ᠱᠦᠨ᠎ᠤ ᠣᠯᠤᠭᠰᠠᠨ ᠨᠡᠭᠦᠷᠡᠰᠦᠲᠥ᠋ᠷᠥᠭᠴᠢ ᠵᠢᠨ ᠪᠢᠯᠧᠲ᠎ᠨᠢ ᠴᠠᠩ ᠺᠸᠦ ᠲᠣᠰᠬᠣᠨ᠎ᠤ 3197 ᠮᠦ᠍ ᠠᠮᠢ ᠠᠬᠤᠢ ᠵᠢᠨ ᠨᠡᠶ᠋ᠢᠲᠡ ᠵᠢᠨ ᠠᠰᠠᠷᠠᠮᠵᠢ ᠵᠢᠨ ᠤᠢ᠎ᠳᠤ ᠬᠣᠯᠪᠣᠭᠳᠠᠵᠠᠢ᠃
ᠰᠠᠨᠮᠢᠩ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠮᠧᠶ ᠭᠣᠤ ᠵᠢᠨ ᠲᠠᠨᠢᠯᠴᠠᠭᠤᠯᠤᠭᠰᠠᠨ ᠵᠶ᠋ᠠᠷ᠂ ᠨᠡᠭᠦᠷᠡᠰᠦᠲᠥ᠋ᠷᠥᠭᠴᠢ ᠵᠢᠨ ᠪᠢᠯᠧᠲ ᠪᠣᠯ ᠣᠶ ᠮᠣᠳᠣᠨ᠎ᠤ ᠤᠷᠭᠤᠯᠲᠠ ᠵᠢᠨ ᠬᠡᠮᠵᠢᠶ᠎ᠡ ᠪᠠ ᠨᠡᠮᠡᠭᠳᠡᠯ ᠵᠶ᠋ᠠᠷ ᠲᠥᠰᠦᠭᠡᠯᠡᠨ ᠪᠤᠳᠤᠬᠤ ᠰᠠᠭᠤᠷᠢ ᠪᠣᠯᠭ᠋ᠠᠵᠤ ᠰᠣᠯᠢᠨ ᠪᠤᠳᠤᠭᠰᠠᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠡᠮᠵᠢᠶ᠎ᠡ ᠪᠣᠯᠤᠨ᠎ᠠ᠂ 《ᠪᠢᠯᠧᠲ》᠎ᠤᠨ ᠬᠡᠯᠪᠡᠷᠢ᠎ᠪᠠᠷ ᠣᠶ ᠮᠣᠳᠣᠨ᠎ᠤ ᠥᠮᠴᠢᠯᠡᠯ᠎ᠤᠨ ᠡᠷᠬᠡᠲᠦ ᠬᠥᠮᠦᠨ᠎ᠳᠤ ᠲᠦᠭᠡᠭᠡᠨ ᠥᠭᠴᠦ᠂ ᠡᠭᠦᠨ᠎ᠤ ᠤᠯᠠᠮ᠎ᠠᠴᠠ 《ᠠᠭ᠋ᠠᠷ》᠎ᠢ ᠠᠷᠠᠯᠵᠢᠶᠠᠯᠠᠵᠤ ᠪᠣᠯᠬᠤ᠂ ᠬᠠᠳᠠᠭ᠋ᠠᠯᠠᠵᠤ ᠪᠣᠯᠬᠤ᠂ ᠵᠢᠭᠡᠯᠡᠯᠭᠡ ᠵᠢᠭᠡᠯᠡᠵᠦ ᠪᠣᠯᠬᠤ 《ᠰᠢᠵᠢᠷ ᠠᠯᠲᠠ ᠴᠠᠭ᠋ᠠᠨ ᠮᠥᠩᠭᠥ》 ᠪᠣᠯᠭ᠋ᠠᠨ ᠬᠤᠪᠢᠷᠠᠭᠤᠯᠤᠨ᠎ᠠ᠃
《ᠤᠢ ᠮᠣᠳᠣ ᠵᠢ ᠰᠠᠶ᠋ᠢᠲᠤᠷ ᠬᠠᠮᠢᠶᠠᠷᠳᠠᠭ ᠯᠠ ᠶᠤᠮ ᠪᠣᠯ ᠤᠢ ᠮᠣᠳᠣᠨ᠎ᠤ ᠥᠮᠴᠢᠯᠡᠯ᠎ᠤᠨ ᠡᠷᠬᠡᠲᠦ ᠬᠥᠮᠦᠨ ᠳᠠᠷᠤᠶ ᠲᠠᠰᠤᠷᠠᠯᠳᠠ ᠦᠭᠡᠢ ᠣᠷᠣᠯᠭ᠎ᠠ ᠣᠯᠵᠤ ᠪᠣᠯᠤᠨ᠎ᠠ᠃》 ᠭᠡᠵᠦ ᠴᠧᠨ ᠮᠧᠢ ᠭᠤᠤ ᠬᠡᠯᠡᠪᠡ᠃
ᠮᠣᠳᠣ ᠣᠭᠲᠣᠯᠵᠤ ᠠᠮᠢᠳᠤᠷᠠᠵᠤ ᠪᠠᠢ᠌ᠭᠰᠠᠨ᠎ᠠᠴᠠ ᠤᠢ ᠰᠢᠭᠤᠢ ᠵᠢ ᠬᠠᠮᠠᠭ᠋ᠠᠯᠠᠵᠤ ᠣᠷᠣᠯᠭ᠎ᠠ᠎ᠪᠠᠨ ᠨᠡᠮᠡᠭᠳᠡᠭᠦᠯᠬᠦ ᠬᠦᠷᠲᠡᠯ᠎ᠡ᠂ ᠴᠠᠩ ᠺᠸᠤ ᠲᠣᠰᠬᠣᠨ᠎ᠤ ᠬᠥᠭᠵᠢᠯᠲᠡ ᠪᠣᠯ ᠨᠢᠭᠡᠨ ᠴᠣᠩᠬᠣ ᠰᠢᠭ᠋ ᠵᠶ᠋ᠠᠷ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠲᠠᠭ᠋ᠠᠭᠤᠯᠭ᠎ᠠ ᠳᠣᠣᠷᠠᠬᠢ ᠳᠤᠮᠳᠠᠳᠤ ᠤᠯᠤᠰ᠎ᠲᠤ ᠭᠠᠷᠤᠭᠰᠠᠨ ᠯᠤᠲᠤ ᠶᠡᠬᠡ ᠬᠤᠪᠢᠷᠠᠯᠲᠠ ᠵᠢ ᠬᠠᠷᠠᠭᠤᠯᠵᠠᠢ᠃ ᠡᠨᠡ ᠪᠣᠯ ᠨᠢᠭᠡᠨ ᠤᠳᠠᠭ᠋ᠠᠨ᠎ᠤ ᠬᠥᠭᠵᠢᠯᠲᠡ ᠵᠢᠨ ᠦᠵᠡᠯᠲᠡ ᠵᠢᠨ ᠴᠢᠬᠤᠯᠠ ᠶᠡᠬᠡ ᠬᠤᠪᠢᠰᠤᠯᠲᠠ ᠮᠥᠨ᠂ ᠲᠡᠷᠡ᠎ᠨᠢ ᠪᠢᠳᠡᠨ᠎ᠤ ᠠᠮᠢ ᠠᠬᠤᠶ ᠵᠢᠨ ᠪᠣᠯᠪᠠᠰᠤᠨ᠎ᠤ ᠵᠠᠮ ᠵᠶ᠋ᠠᠷ ᠡᠷᠡᠰ ᠵᠠᠮᠨᠠᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠪᠣᠳᠠᠲᠠᠶ ᠠᠵᠢᠯᠯᠠᠭ᠎ᠠ ᠵᠢ ᠵᠢᠯᠣᠭᠣᠳᠴᠤ ᠪᠠᠶ᠋ᠢᠨ᠎ᠠ᠃

2021 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ᠂ ᠵᠤᠭ᠋ᠠᠴᠠᠭᠰᠠᠳ ᠡᡁᠸᠪᠸᠢ ᠮᠤᠵᠢ ᠵᠢᠨ ᠬᠠᠨᠳᠠᠨ ᠬᠤᠳᠠ ᠵᠢᠨ ᠼᠢ ᠰᠢᠶᠠᠨ᠎ᠤ ᠲᠢᠶᠠᠨ ᠪᠦᠦ ᠵᠠᠢ ᠦᠵᠡᠮᠵᠢ ᠵᠢᠨ ᠣᠷᠣᠨ ᠵᠶ᠋ᠠᠷ ᠵᠤᠭ᠋ᠠᠴᠠᠵᠤ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠸᠠᠩ ᠰᠢᠶᠤᠤ ᠰᠡᠭᠦᠳᠡᠷᠯᠡᠪᠡ
ᠥᠩᠭᠡᠷᠡᠭᠰᠡᠨ᠎ᠳᠤ ᠨᠡᠭᠦᠷᠡᠰᠦ᠎ᠪᠠᠷ ᠬᠥᠭᠵᠢᠨ ᠮᠠᠨᠳᠤᠭᠰᠠᠨ ᠡᡁᠸᠪᠸᠢ ᠵᠢᠨ ᠼᠢ ᠰᠢᠶᠠᠨ᠎ᠤ᠎ᠬᠢᠨ ᠤᠯᠤᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠭ᠋ᠠᠰᠬᠠᠬᠤ᠂ ᠠᠮᠢ ᠠᠬᠤᠢ ᠵᠢᠨ ᠬᠣᠷᠢᠭ᠎ᠠ ᠱᠤᠭᠤᠮ᠎ᠢ ᠲᠣᠭᠲᠠᠭ᠋ᠠᠬᠤ ᠵᠡᠷᠭᠡ ᠲᠦᠷᠦ ᠵᠢᠨ ᠪᠤᠳᠤᠯᠭ᠎ᠠ ᠵᠢᠨ ᠲᠤᠬᠢᠷᠠᠭᠤᠯᠤᠯᠳᠠ ᠵᠢ ᠢᠳᠡᠪᠬᠢᠲᠡᠢ ᠴᠤᠤᠷᠢᠶᠠᠲᠤᠵᠤ᠂ ᠴᠥᠭᠡᠨ ᠪᠤᠰᠤ ᠨᠡᠭᠦᠷᠡᠰᠦᠨ ᠠᠭᠤᠷᠬᠠᠢ ᠵᠢ ᠵᠣᠷᠢᠭ ᠰᠢᠭᠤᠳᠤᠨ ᠬᠠᠭ᠋ᠠᠵᠤ ᠵᠣᠭᠰᠣᠭ᠋ᠠᠨ᠂ ᠥᠪᠡᠷᠮᠢᠴᠡ ᠠᠮᠢ ᠠᠬᠤᠢ ᠵᠢᠨ ᠡᠬᠢ ᠪᠠᠶᠠᠯᠢᠭ᠎ᠲᠤ᠎ᠪᠠᠨ ᠲᠦᠰᠢᠭᠯᠡᠨ᠂ 《ᠦᠵᠡᠰᠬᠦᠯᠡᠩᠲᠦ ᠰᠠᠶ᠋ᠢᠬᠠᠨ ᠠᠵᠤ ᠠᠬᠤᠢ》 ᠵᠢ ᠶᠡᠬᠡ᠎ᠪᠠᠷ ᠬᠥᠭᠵᠢᠭᠦᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠰᠢᠨ᠎ᠡ ᠵᠠᠮ᠎ᠢ ᠨᠡᠭᠡᠭᠡᠵᠡᠢ᠃
ᠠᠮᠢ ᠠᠬᠤᠶ ᠵᠢᠨ ᠰᠠᠶ᠋ᠢᠬᠠᠨ᠎ᠨᠢ ᠬᠥᠭᠵᠢᠯᠲᠡ ᠵᠢᠨ ᠬᠤᠪᠢᠷᠠᠯᠲᠠ ᠵᠢ ᠪᠤᠶ ᠪᠣᠯᠭ᠋ᠠᠳᠠᠭ᠃ 2020 ᠣᠨ᠎ᠳᠤ᠂ ᠼᠢ ᠰᠢᠶᠠᠨ ᠪᠦᠬᠦ ᠵᠢᠯ᠎ᠳᠤ 700 ᠭᠠᠷᠤᠢ ᠲᠦᠮᠡᠨ ᠬᠥᠮᠦᠨ ᠤᠳᠠᠭ᠎ᠠ ᠵᠢᠨ ᠵᠤᠭ᠋ᠠᠴᠠᠭᠰᠠᠳ᠎ᠢ ᠬᠦᠯᠢᠶᠡᠨ ᠠᠪᠴᠤ᠂ 18%᠎ᠪᠠᠷ ᠨᠡᠮᠡᠭᠳᠡᠵᠦ᠂ ᠵᠤᠭ᠋ᠠᠴᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ᠎ᠨᠢ 19.4%᠎ᠪᠠᠷ ᠨᠡᠮᠡᠭᠳᠡᠵᠡᠢ᠃
ᠠᠵᠤ ᠠᠬᠤᠢ ᠵᠢᠨ ᠣᠨᠴᠠᠭ᠋ᠠᠢ ᠣᠷᠣᠨ ᠪᠣᠯᠬᠤ ᠱᠧᠨᠵᠧᠨ᠎ᠳᠤ ᠮᠤᠤ ᠵᠧᠦ ᠾᠧ ᠭᠣᠣᠯ᠂ ᠱᠧᠨᠵᠧᠨ ᠭᠣᠣᠯ ᠵᠡᠷᠭᠡ᠎ᠪᠠᠷ ᠲᠥᠯᠥᠭᠡᠯᠡᠭᠦᠯᠦᠭᠰᠡᠨ ᠬᠦᠨᠳᠦ ᠪᠣᠬᠢᠷᠲᠤᠯ᠎ᠲᠠᠢ ᠭᠣᠣᠯ ᠮᠥᠷᠡᠨ᠎ᠤ ᠵᠠᠰᠠᠯᠲᠠ᠎ᠪᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ᠎ᠤ ᠬᠠᠮᠲᠤ ᠡᠭᠦᠨ ᠵᠶ᠋ᠠᠷ ᠤᠳᠤᠷᠢᠳᠤᠮᠵᠢ ᠪᠣᠯᠭ᠋ᠠᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠤ᠎ᠪᠠᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠲᠠᠢ᠍ᠢ᠍ᠴᠢᠯᠠᠵᠤ᠂ ᠪᠦᠬᠦ ᠬᠤᠳᠠ ᠵᠢᠨ ᠬᠡᠪᠴᠢᠶᠡᠨ᠎ᠳᠤ ᠪᠣᠬᠢᠷ ᠦᠮᠡᠬᠡᠢ ᠤᠰᠤᠨ ᠴᠣᠭᠴᠠ ᠵᠢ ᠠᠷᠢᠯᠭ᠋ᠠᠬᠤ ᠵᠢ ᠪᠡᠶᠡᠯᠡᠭᠦᠯᠵᠡᠢ᠃

ᠡᠨᠡ ᠪᠣᠯ 2020 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ ᠰᠡᠭᠦᠳᠡᠷᠯᠡᠭᠰᠡᠨ ᠤᠰᠤ ᠵᠢ ᠵᠠᠰᠠᠭᠰᠠᠨ᠎ᠤ ᠳᠠᠷᠠᠭ᠋ᠠᠬᠢ ᠱᠧᠨᠵᠧᠨ᠎ᠤ ᠮᠤᠤ ᠵᠧᠤ ᠾᠧ ᠭᠣᠣᠯ (ᠵᠢᠯᠣᠭᠣᠴᠢ ᠥᠬᠡᠶ ᠨᠢᠰᠬᠡᠯ᠎ᠤᠨ ᠰᠡᠭᠦᠳᠡᠷ) ᠪᠣᠯᠤᠨ᠎ᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ
ᠳᠠᠯᠠᠭ᠋ᠠᠳ ᠨᠠᠰᠤᠲᠠᠶ ᠰᠠᠭᠤᠭ᠋ᠠᠯᠢ ᠠᠷᠠᠳ ᠬᠤᠸᠠᠩ ᠶᠣᠣ ᠲᠠᠩ ᠡᠷᠭᠢᠴᠡᠭᠦᠯᠬᠦ᠎ᠳᠤ᠎ᠪᠠᠨ᠂ ᠥᠩᠭᠡᠷᠡᠭᠰᠡᠨ᠎ᠤ ᠮᠤᠤ ᠵᠧᠤ ᠾᠧ ᠭᠣᠤᠯ᠎ᠤᠨ ᠤᠰᠤ᠎ᠨᠢ 《ᠪᠡᠬᠡ᠎ᠠᠴᠠ ᠴᠦ᠍ ᠬᠠᠷ᠎ᠠ᠂ ᠴᠢᠯᠠᠭᠤᠨ ᠲᠣᠰᠣᠨ᠎ᠠᠴᠠ ᠴᠤ᠌ ᠥᠳᠬᠡᠨ》 ᠪᠠᠶ᠋ᠢᠵᠠᠶ᠃ 2016 ᠣᠨ᠎ᠠᠴᠠ ᠡᠬᠢᠯᠡᠨ᠂ ᠱᠧᠨᠵᠧᠨ ᠬᠣᠲᠠ ᠮᠠᠰᠢ ᠨᠠᠷᠢᠯᠢᠭ ᠠᠷᠭ᠎ᠠ᠎ᠪᠠᠷ ᠪᠣᠷᠣᠭ᠋ᠠᠨ᠎ᠤ ᠤᠰᠤ ᠪᠠ ᠪᠣᠬᠢᠷᠲᠤᠯ᠎ᠢ ᠰᠠᠯᠭ᠋ᠠᠬᠤ᠂ ᠡᠬᠢ ᠢᠷᠡᠯᠲᠡ ᠠᠴᠠ᠎ᠨᠢ ᠵᠠᠰᠠᠬᠤ ᠵᠢ ᠠᠬᠢᠭᠤᠯᠵᠤ᠂ ᠰᠠᠭᠤᠭ᠋ᠠᠯᠢ ᠠᠷᠠᠳ 《ᠮᠤᠤ ᠵᠧᠦ ᠾᠧ ᠭᠣᠣᠯ ᠴᠡᠪᠡᠷᠰᠢᠵᠦ᠂ ᠴᠠᠭ᠋ᠠᠨ ᠳᠡᠭᠡᠯᠡᠢ ᠪᠠᠶ᠋ᠢᠨ ᠪᠠᠶ᠋ᠢᠨ ᠨᠢᠰᠦᠨ ᠥᠩᠭᠡᠷᠡᠬᠦ》 ᠵᠢ ᠣᠯᠵᠤ ᠬᠠᠷᠠᠬᠤ ᠪᠣᠯᠪᠠ ᠭᠡᠵᠡᠢ᠃ ᠣᠳᠣᠬᠠᠨ᠎ᠳᠤ᠂ ᠲᠤᠬᠠᠢ ᠵᠢᠨ ᠭᠠᠵᠠᠷ᠎ᠤᠨ᠎ᠬᠢᠨ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠠᠴᠠ ᠰᠠᠯᠵᠤ᠂ ᠳᠡᠭᠡᠳᠦ ᠨᠠᠷᠢᠯᠢᠭ ᠣᠷᠣᠶ᠋ᠢᠯᠠᠭᠴᠢ ᠮᠡᠷᠭᠡᠵᠢᠯ᠎ᠢ ᠡᠵᠡᠮᠰᠢᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠦᠢ᠍ᠯᠡᠰ᠎ᠤᠨ ᠬᠦᠷᠢᠶᠡᠯᠡᠩ᠎ᠢ ᠤᠯᠠᠨ ᠪᠠᠶ᠋ᠢᠭᠤᠯᠵᠠᠢ᠃
ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠱᠠᠩᠳᠠ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠭᠦᠨᠵᠡᠭᠡᠢ ᠠᠬᠢᠬᠤ ᠵᠢ ᠲᠠᠭ᠋ᠠᠯᠳᠤᠨ᠂ ᠠᠮᠢ ᠠᠬᠤᠢ ᠵᠢᠨ ᠣᠷᠴᠢᠨ ᠲᠣᠭᠣᠷᠢᠨ᠎ᠤ ᠳᠤᠲᠠᠭᠤᠳᠠᠯ᠎ᠢ ᠲᠠᠰᠤᠷᠠᠯᠲᠠ ᠦᠭᠡᠢ ᠨᠥᠬᠥᠪᠥᠷᠢᠯᠡᠵᠦ᠂ ᠪᠣᠬᠢᠷᠲᠤᠯ ᠦᠭᠡᠢ ᠬᠥᠭᠵᠢᠯᠲᠡ ᠵᠢ ᠬᠠᠷᠰᠢᠯᠠᠭᠰᠠᠨ ᠪᠠᠢ᠌ᠭᠤᠯᠤᠯ ᠪᠣᠯᠤᠨ ᠲᠦᠷᠢᠮ᠎ᠢ ᠢᠯᠭ᠋ᠠᠨ ᠴᠡᠪᠡᠷᠯᠡᠵᠦ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠥᠩᠭᠡ ᠦᠵᠡᠮᠵᠢ ᠵᠢ ᠵᠢᠷᠤᠭᠯᠠᠵᠠᠢ᠃
《ᠭᠤᠷᠪᠠᠨ ᠤᠮᠠᠷᠠᠲᠤ》 ᠵᠢᠨ ᠬᠠᠯᠬᠠᠪᠴᠢ ᠤᠢ ᠪᠠᠢ᠌ᠭᠤᠯᠬᠤ᠂ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠠᠯᠢ ᠤᠯᠠᠨ ᠴᠢᠬᠤᠯᠠ ᠶᠡᠬᠡ ᠠᠮᠢ ᠠᠬᠤᠶ ᠵᠢᠨ ᠢᠨᠵᠧᠨᠧᠷᠢᠩ᠎ᠢ ᠭᠦᠨᠵᠡᠭᠡᠶ ᠠᠬᠢᠭᠤᠯᠪᠠ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠣᠶ ᠰᠢᠭᠤᠶ ᠵᠢᠨ ᠪᠦᠷᠬᠦᠴᠡ ᠵᠢᠨ ᠨᠣᠷᠮ᠎ᠠ 23.04% ᠪᠣᠯᠲᠠᠯ᠎ᠠ ᠳᠡᠭᠡᠭᠰᠢᠯᠡᠵᠦ᠂ ᠣᠶ ᠰᠢᠭᠤᠶ ᠵᠢᠨ ᠬᠠᠳᠠᠭ᠋ᠠᠯᠠᠭᠳᠠᠴᠠ 175 ᠳ᠋ᠦᠩᠰᠢᠭᠤᠷ ᠺᠦᠸᠠᠳ᠋ ᠮᠧᠲᠷ᠎ᠠᠴᠠ ᠳᠠᠪᠠᠵᠤ᠂ 30 ᠵᠢᠯ ᠳᠠᠷᠠᠭ᠋ᠠᠯᠠᠨ 《ᠬᠣᠤᠰ ᠨᠡᠮᠡᠭᠳᠡᠯ》᠎ᠢ ᠪᠠᠲᠤᠯᠠᠵᠤ᠂ ᠣᠶ ᠰᠢᠭᠤᠶ ᠵᠢᠨ ᠡᠬᠢ ᠪᠠᠶᠠᠯᠢᠭ᠎ᠤᠨ ᠨᠡᠮᠡᠭᠳᠡᠯ ᠵᠶ᠋ᠠᠷ ᠬᠠᠮᠤᠭ ᠶᠡᠬᠡ ᠤᠯᠤᠰ ᠪᠣᠯᠤᠭᠰᠠᠨ ᠪᠠᠶ᠋ᠢᠨ᠎ᠠ᠃
ᠤᠯᠤᠰ᠎ᠤᠨ ᠴᠡᠴᠡᠷᠯᠢᠭ ᠵᠶ᠋ᠠᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠎ᠠ ᠵᠢ ᠲᠦᠷᠭᠡᠪᠴᠢᠯᠡᠨ ᠪᠠᠶ᠋ᠢᠭᠤᠯᠵᠤ᠂ ᠤᠯᠤᠰ᠎ᠤᠨ ᠴᠡᠴᠡᠷᠯᠢᠭ᠎ᠤᠨ ᠪᠠᠶ᠋ᠢᠭᠤᠯᠤᠯ᠎ᠤᠨ ᠲᠤᠷᠰᠢᠯᠲᠠ ᠵᠢᠨ ᠠᠵᠢᠯ᠎ᠨᠢ ᠬᠠᠮᠢᠶᠠᠷᠤᠯᠲᠠ ᠵᠢᠨ ᠪᠠᠶ᠋ᠢᠭᠤᠯᠤᠯ᠎ᠢ ᠰᠢᠯᠤᠭᠤᠳᠬᠠᠬᠤ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃

2020 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ ᠰᠡᠭᠦᠳᠡᠷᠯᠡᠭᠰᠡᠨ ᠱᠠᠨᠰᠢ ᠮᠤᠵᠢ ᠵᠢᠨ ᠵᠢᠩᠪᠢᠶᠠᠨ ᠰᠢᠶᠠᠨ᠎ᠤ ᠬᠤᠸᠠᠩ ᠬᠤᠤ ᠵᠢᠶᠧ ᠪᠠᠯᠭ᠋ᠠᠰᠤᠨ᠎ᠤ ᠮᠠ ᠵᠢᠶ ᠭ᠋ᠸᠦ ᠲᠣᠰᠬᠣᠨ᠎ᠤ ᠲᠤᠲᠤᠷᠭ᠋ᠠᠨ ᠲᠠᠷᠢᠶ᠎ᠠ (ᠵᠢᠯᠣᠭᠣᠴᠢ ᠦᠭᠡᠶ ᠨᠢᠰᠬᠡᠯ᠎ᠤᠨ ᠰᠡᠭᠦᠳᠡᠷ)᠃ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ᠂ ᠵᠢᠩᠪᠢᠶᠠᠨ ᠰᠢᠶᠠᠨ 《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢ ᠪᠠᠢ᠌ᠭᠤᠯᠬᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠬᠦ᠂ ᠰᠠᠪᠠ ᠭᠠᠵᠠᠷ᠎ᠢ ᠵᠠᠰᠠᠬᠤ ᠵᠡᠷᠭᠡ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ᠂ ᠤᠮᠠᠷᠠᠲᠤ ᠬᠡᠰᠡᠭ᠎ᠤᠨ ᠡᠯᠡᠰᠦᠨ ᠴᠥᠯ᠎ᠤᠨ ᠢᠯᠡ ᠡᠯᠡᠰᠦ ᠪᠦᠷᠢᠮᠦᠰᠦᠨ ᠠᠷᠢᠯᠵᠤ᠂ ᠳᠤᠮᠳᠠ ᠬᠡᠰᠡᠭ᠎ᠤᠨ ᠲᠠᠷᠢᠶᠠᠨ ᠭᠠᠵᠠᠷ᠎ᠲᠤ ᠤᠢ ᠰᠢᠭᠤᠢ ᠵᠢᠨ ᠲᠣᠣᠷ ᠨᠡᠶ᠋ᠢᠳᠡᠮ ᠪᠦᠷᠬᠦᠵᠦ᠂ ᠡᠮᠦᠨᠡᠲᠦ ᠬᠡᠰᠡᠭ᠎ᠤᠨ ᠠᠭᠤᠯᠠᠷᠬᠠᠭ ᠣᠷᠣᠨ᠎ᠤ ᠠᠭᠤᠯᠠ᠎ᠨᠢ ᠵᠤᠨᠳᠤᠪᠠᠨ ᠨᠣᠭᠣᠭ᠋ᠠᠨ ᠥᠩᠭᠡ᠎ᠪᠠᠷ ᠪᠢᠯᠬᠠᠬᠤ ᠪᠣᠯᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠲᠤᠤ ᠮᠢᠩ ᠰᠡᠭᠦᠳᠡᠷᠯᠡᠪᠡ
ᠭᠣᠣᠯ᠎ᠤᠨ ᠳᠠᠷᠤᠭ᠎ᠠ ᠵᠢᠨ ᠳᠦᠷᠢᠮ᠂ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠨᠢᠵᠡᠭᠡᠳ ᠭᠣᠣᠯ ᠮᠥᠷᠡᠨ᠂ ᠨᠢᠵᠡᠭᠡᠳ ᠨᠠᠭᠤᠷ ᠴᠥᠭᠥᠷᠥᠮ᠎ᠳᠤ ᠪᠦᠷ ᠲᠤᠰᠬᠠᠶ ᠬᠠᠮᠠᠭ᠋ᠠᠯᠠᠭᠴᠢ᠎ᠲᠠᠢ ᠪᠤᠯᠵᠤ᠂ ᠠᠷᠠᠳ᠎ᠤᠨ ᠳᠤᠮᠳᠠᠬᠢ ᠭᠣᠣᠯ ᠮᠥᠷᠡᠨ᠎ᠤ ᠳᠠᠷᠤᠭ᠎ᠠ᠂ ᠨᠠᠭᠤᠷ ᠴᠥᠭᠥᠷᠥᠮ᠎ᠤᠨ ᠳᠠᠷᠤᠭ᠎ᠠ ᠨᠠᠷ ᠢᠳᠡᠪᠬᠢᠲᠡᠶ᠎ᠪᠠᠷ ᠠᠵᠢᠯ᠎ᠤᠨ ᠪᠠᠶ᠋ᠢᠷᠢ᠎ᠳᠤ ᠭᠠᠷᠴᠠᠭ᠋ᠠᠪᠠ᠃
ᠡᠨᠡ ᠵᠢᠯ᠎ᠤᠨ 1 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠲᠤᠬᠠᠶ ᠰᠠᠨᠠᠯ》᠎ᠢ ᠨᠡᠶ᠋ᠢᠲᠡᠯᠡᠵᠦ᠂ 2022 ᠣᠨ᠎ᠤ 6 ᠳ᠋ᠤᠭ᠋ᠠᠷ ᠰᠠᠷ᠎ᠠ ᠪᠣᠯᠬᠤ᠎ᠳᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠬᠤ ᠵᠢ ᠦᠨᠡᠨ ᠬᠦ᠌ ᠪᠠᠲᠤᠯᠠᠨ᠎ᠠ ᠭᠡᠵᠦ ᠳᠤᠷᠠᠳᠪᠠ᠂ ᠡᠨᠡ᠎ᠨᠢ ᠮᠠᠨ᠎ᠤ ᠤᠯᠤᠰ᠎ᠤᠨ ᠪᠣᠶ ᠪᠥᠬᠥᠶ ᠣᠶ ᠰᠢᠭᠤᠶ ᠪᠠ ᠨᠤᠲᠤᠭ ᠪᠡᠯᠴᠢᠭᠡᠷ᠎ᠲᠤ ᠴᠥᠮ ᠲᠤᠰᠬᠠᠶ ᠬᠠᠮᠠᠭ᠋ᠠᠯᠠᠭᠴᠢ᠎ᠲᠠᠢ ᠪᠣᠯᠬᠤ ᠵᠢ ᠬᠠᠷᠠᠭᠤᠯᠵᠤ ᠪᠠᠶ᠋ᠢᠨ᠎ᠠ᠃
ᠤᠯᠠᠮ᠎ᠠᠴᠠ ᠣᠯᠠᠰᠢᠷᠠᠵᠤ ᠪᠠᠢ᠌ᠭ᠎ᠠ ᠬᠣᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠵᠢᠨ ᠠᠮᠢᠲᠠᠨ ᠤᠷᠭᠤᠮᠠᠯ᠎ᠢ ᠨᠡᠩ ᠰᠠᠶ᠋ᠢᠨ ᠬᠠᠮᠠᠭ᠋ᠠᠯᠠᠵᠤ ᠪᠠᠶ᠋ᠢᠨ᠎ᠠ᠄ ᠤᠯᠠᠭ᠋ᠠᠨ ᠥᠷᠪᠢᠯᠳᠡᠶ ᠢᠯᠡᠷᠡᠭᠦᠯᠬᠦ ᠦᠶ᠎ᠡ ᠵᠢᠨ 7 ᠪᠠᠶ᠋ᠢᠭᠰᠠᠨ᠎ᠠᠴᠠ᠎ᠪᠠᠨ 5000 ᠭᠠᠷᠤᠶ ᠪᠣᠯᠤᠨ ᠰᠡᠷᠭᠦᠵᠡᠶ; ᠲᠥᠪᠡᠳ ᠪᠥᠬᠥᠩ ᠬᠡᠳᠦᠬᠡᠨ ᠲᠦᠮᠡ ᠪᠠᠶ᠋ᠢᠭᠰᠠᠨ᠎ᠠᠴᠠ᠎ᠪᠠᠨ ᠣᠳᠣ 30 ᠭᠠᠷᠤᠶ ᠲᠦᠮᠡ ᠪᠣᠯᠵᠤ ᠰᠡᠷᠭᠦᠵᠡᠶ; ᠬᠥᠬᠡᠮᠥ᠋ᠷᠡᠨ᠎ᠤ ᠬᠣᠰᠢᠭᠤᠴᠢ ᠳᠦᠷᠰᠦ ᠪᠣᠯᠬᠤ ᠬᠥᠬᠡᠮᠥ᠋ᠷᠡᠨ᠎ᠤ ᠭᠠᠬᠠᠶ ᠬᠠᠯᠢᠮᠤ 《ᠬᠡᠷ᠎ᠲᠤ᠎ᠪᠠᠨ ᠬᠠᠷᠢᠵᠤ》 ᠪᠠᠶ᠋ᠢᠨ᠎ᠠ ᠁
ᠶᠡᠷᠦᠩᠬᠡᠢ ᠱᠦᠵᠢ ᠵᠢᠨ ᠰᠡᠳᠬᠢᠯ᠎ᠳᠤ᠂ ᠬᠣᠶᠠᠷ ᠭᠣᠣᠯ᠎ᠤᠨ ᠬᠤᠪᠢ ᠵᠢᠨ ᠵᠢᠩ ᠣᠨᠴᠠᠭ᠋ᠠᠢ᠌ᠯᠠᠨ ᠬᠦᠨᠳᠦ ᠪᠠᠢ᠌ᠳᠠᠭ᠃
ᠨᠢᠭᠡ᠎ᠨᠢ ᠬᠥᠬᠡᠮᠥ᠋ᠷᠡᠨ — 《ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠵᠤ᠂ ᠶᠡᠬᠡ ᠨᠡᠭᠡᠭᠡᠨ ᠬᠥᠭᠵᠢᠭᠦᠯᠦᠯᠲᠡ ᠵᠢ ᠥᠯᠥ ᠬᠢᠬᠦ》᠂ ᠡᠨᠡ᠎ᠨᠢ ᠮᠥᠷᠡᠨ ᠳᠠᠭ᠋ᠠᠤ ᠵᠢᠨ ᠮᠤᠵᠢ ᠬᠣᠲᠠ ᠵᠢᠨ ᠲᠦᠷᠭᠡᠨ ᠵᠶ᠋ᠠᠷ ᠬᠥᠭᠵᠢᠭᠦᠯᠬᠦ ᠬᠡᠯᠪᠡᠷᠢ᠎ᠳᠤ ᠰᠡᠷᠡᠮᠵᠢ ᠥᠭᠴᠡᠶ᠃ ᠡᠭᠦᠨ᠎ᠤ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠬᠥᠬᠡᠮᠥ᠋ᠷᠡᠨ᠎ᠳᠤ ᠤᠯᠠᠨ ᠤᠳᠠᠭ᠎ᠠ ᠰᠢᠨᠵᠢᠯᠡᠨ ᠪᠠᠶ᠋ᠢᠴᠠᠭ᠋ᠠᠵᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ᠎ᠨᠢ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠰᠢᠨ᠎ᠡ ᠵᠠᠮ ᠵᠶ᠋ᠠᠷ ᠵᠠᠮᠨᠠᠬᠤ ᠬᠡᠷᠡᠭᠲᠡᠢ ᠭᠡᠵᠦ ᠳᠤᠷᠠᠳᠪᠠ᠃
ᠨᠥᠭᠥᠭᠡ ᠨᠢᠭᠡ᠎ᠨᠢ ᠬᠠᠲᠤᠨ ᠭᠣᠤᠯ — 2019 ᠣᠨ᠎ᠤ 8 ᠳ᠋ᠤᠭ᠋ᠠᠷ ᠰᠠᠷ᠎ᠠ᠎ᠠᠴᠠ 2020 ᠣᠨ᠎ᠤ 6 ᠳ᠋ᠤᠭ᠋ᠠᠷ ᠰᠠᠷ᠎ᠠ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠤᠷᠢᠳ ᠬᠣᠵᠢᠳ 4 ᠤᠳᠠᠭ᠎ᠠ ᠬᠠᠲᠤᠨ ᠭᠣᠤᠯ᠎ᠢ ᠰᠢᠨᠵᠢᠯᠡᠨ ᠪᠠᠶ᠋ᠢᠴᠠᠭ᠋ᠠᠪᠠ᠃ 2019 ᠣᠨ᠎ᠤ 9 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢᠨ ᠲᠤᠬᠠᠢ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢ ᠴᠢᠬᠤᠯᠠ ᠶᠡᠬᠡ ᠤᠯᠤᠰ᠎ᠤᠨ ᠪᠠᠶ᠋ᠢᠯᠳᠤᠬᠤ ᠪᠤᠳᠤᠯᠭ᠎ᠠ ᠪᠣᠯᠭ᠋ᠠᠨ ᠳᠡᠭᠡᠭᠰᠢᠯᠡᠭᠦᠯᠵᠡᠢ᠃
ᠣᠳᠣᠬᠠᠨ᠎ᠳᠤ᠂ ᠬᠥᠬᠡᠮᠥ᠋ᠷᠡᠨ᠎ᠤ ᠡᠪᠡᠳᠴᠢᠨ ᠠᠭ᠋ᠠᠵᠢᠮ ᠵᠶ᠋ᠠᠷ ᠠᠷᠢᠯᠵᠤ᠂ ᠭᠠᠬᠠᠶ ᠬᠠᠯᠢᠮᠤ ᠪᠠᠶ᠋ᠢᠨ ᠳᠠᠬᠢᠨ ᠢᠯᠡᠷᠡᠨ᠂ ᠵᠢᠭ᠋ᠠᠰᠤ ᠵᠢᠷᠠᠭ᠋ᠠᠬᠠᠢ ᠴᠢᠯᠦᠭᠡᠲᠡᠢ ᠱᠤᠮᠪᠠᠵᠠᠭ᠋ᠠᠨᠠ᠃ ᠬᠠᠲᠤᠨ ᠭᠣᠣᠯ ᠳᠠᠭ᠋ᠠᠤ ᠵᠢᠨ ᠮᠤᠵᠢ ᠣᠷᠣᠨ ᠴᠤ᠌ ᠨᠡᠩ ᠴᠢᠨᠠᠷᠯᠢᠭ ᠬᠥᠭᠵᠢᠯᠲᠡ ᠵᠢᠨ ᠵᠠᠮ ᠵᠶ᠋ᠠᠷ ᠲᠦᠷᠭᠡᠪᠴᠢᠯᠡᠨ ᠠᠯᠬᠤᠵᠤ ᠪᠠᠢ᠌ᠨ᠎ᠠ᠃
ᠪᠦᠬᠦ ᠠᠷᠠᠳ ᠵᠶ᠋ᠠᠷ ᠵᠶ᠋ᠠᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠥᠷᠨᠢᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠰᠠᠢ᠍ᠢ᠍ᠨ ᠳᠤᠷᠠᠴᠤᠳ ᠬᠥᠳᠡᠭᠡ ᠭᠠᠵᠠᠷ ᠣᠢ᠌ᠲᠤ ᠣᠷᠣᠨ ᠵᠶ᠋ᠠᠷ ᠢᠳᠡᠪᠬᠢᠲᠡᠢ ᠠᠵᠢᠯᠯᠠᠵᠤ᠂ ᠠᠮᠢᠳᠤᠷᠠᠯ᠎ᠤᠨ ᠬᠣᠭᠢ ᠲᠦᠷᠦᠯ ᠠᠩᠭᠢᠯᠠᠬᠤ᠎ᠨᠢ ᠰᠢᠨ᠎ᠡ ᠰᠤᠷᠲᠠᠯ ᠪᠤᠯᠵᠤ ᠬᠤᠪᠢᠷᠠᠵᠠᠢ ᠁ ᠬᠥᠬᠡᠮᠥ᠋ᠷᠡᠨ᠎ᠤ ᠡᠮᠦᠨ᠎ᠡ ᠤᠮᠠᠷ᠎ᠠ ᠡᠷᠭᠢ᠎ᠳᠤ᠂ ᠬᠥᠮᠦᠰ ᠶᠠᠭ ᠬᠦᠴᠦ ᠬᠥᠯᠥᠰᠥ᠎ᠪᠠᠷ ᠵᠶ᠋ᠠᠨ ᠬᠠᠮᠲᠤ ᠵᠢᠨ ᠪᠣᠬᠢᠷᠲᠤᠯ ᠦᠭᠡᠢ ᠭᠡᠷ ᠣᠷᠣᠨ ᠵᠶ᠋ᠠᠨ ᠪᠦᠲᠦᠭᠡᠨ ᠪᠠᠢ᠌ᠭᠤᠯᠵᠤ ᠪᠠᠶ᠋ᠢᠨ᠎ᠠ᠃
ᠰᠢᠨ᠎ᠡ ᠬᠠᠭᠤᠳᠠᠰᠤ ᠵᠢ ᠵᠢᠷᠤᠭᠯᠠᠪᠠ — ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠪᠠᠲᠤ ᠰᠠᠭᠤᠷᠢ ᠵᠢ ᠲᠠᠯᠪᠢᠵᠠᠢ
ᠤᠰᠤᠨ᠎ᠤ ᠰᠢᠪᠠᠭᠤᠳ ᠰᠠᠯᠬᠢᠨ᠎ᠤ ᠠᠶ᠎ᠠ᠎ᠪᠠᠷ ᠵᠢᠷᠭᠢᠵᠦ᠂ ᠬᠤᠯᠤᠰᠤ ᠵᠡᠭᠡᠰᠦ ᠪᠠ ᠪᠤᠲᠠ ᠪᠤᠷᠭ᠋ᠠᠰᠤ ᠢᠭᠴᠤᠷᠠᠨ ᠤᠷᠭᠤᠵᠤ ᠁ ᠥᠩᠭᠡᠷᠡᠭᠰᠡᠨ᠎ᠳᠤ ᠨᠢᠭᠡ ᠦᠶ᠎ᠡ ᠰᠢᠷᠭᠢᠭᠰᠡᠨ ᠬᠥᠯᠥᠨ ᠨᠠᠭᠤᠷ᠎ᠲᠤ᠂ ᠣᠶ᠋ᠢᠷ᠎ᠠ ᠵᠢᠨ ᠵᠢᠯ᠎ᠤᠳ᠎ᠲᠤ ᠰᠡᠷᠭᠦᠭᠡᠵᠦ ᠵᠠᠰᠠᠬᠤ ᠠᠯᠢ ᠣᠯᠠᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠠᠭ᠋ᠠᠯᠳᠤᠨ᠂ ᠤᠰᠤᠨ᠎ᠤ ᠲᠠᠯᠠᠪᠠᠶ ᠵᠢᠯ ᠳᠠᠷᠠᠭ᠋ᠠᠯᠠᠨ ᠥᠷᠭᠡᠳᠴᠦ᠂ ᠨᠤᠭᠤ ᠭᠠᠵᠠᠷ᠎ᠤᠨ ᠠᠮᠢ ᠠᠬᠤᠶ ᠠᠯᠬᠤᠮ ᠠᠯᠬᠤᠮ ᠵᠶ᠋ᠠᠷ ᠰᠡᠷᠭᠦᠵᠦ ᠪᠠᠶ᠋ᠢᠨ᠎ᠠ᠃
ᠲᠠᠪᠢ ᠭᠠᠷᠤᠭᠰᠠᠨ ᠮᠠᠯᠴᠢᠨ ᠾᠧᠦ ᠢᠦᠢ ᠭᠤᠸᠠᠩ ᠬᠠᠷᠬᠠᠨ ᠪᠠᠭ᠎ᠠ᠎ᠠᠴᠠ᠎ᠪᠠᠨ ᠬᠥᠯᠥᠨ ᠨᠠᠭᠤᠷ᠎ᠤᠨ ᠬᠠᠪᠢ᠎ᠪᠠᠷ ᠠᠮᠢᠳᠤᠷᠠᠭᠰᠠᠭ᠋ᠠᠷ ᠢᠷᠡᠪᠡ᠃ ᠨᠠᠭᠤᠷ᠎ᠤᠨ ᠤᠰᠤᠨ᠎ᠤ ᠰᠢᠷᠭᠢᠭᠰᠡᠨ ᠪᠠ ᠰᠡᠷᠭᠦᠭᠰᠡᠨᠢ ᠲᠡᠷᠡ ᠨᠢᠳᠦ᠎ᠪᠠᠷ ᠵᠶ᠋ᠠᠨ ᠦᠵᠡᠯ᠎ᠡ᠃
《ᠪᠠᠭ᠎ᠠ᠎ᠳᠤ᠎ᠪᠠᠨ ᠭᠡᠷ᠎ᠤᠨ ᠬᠣᠨᠢ ᠮᠠᠯ ᠦᠷᠭᠦᠯᠵᠢ ᠨᠠᠭᠤᠷ᠎ᠤᠨ ᠬᠥᠪᠡᠭᠡᠨ᠎ᠳᠤ ᠤᠰᠤ ᠤᠤᠭᠤᠳᠠᠭ᠃ ᠰᠡᠭᠦᠯ᠎ᠳᠤ᠎ᠨᠢ ᠣᠷᠴᠢᠨ ᠲᠣᠭᠣᠷᠢᠨ ᠮᠠᠭᠤᠳᠠᠵᠤ᠂ ᠨᠠᠭᠤᠷ᠎ᠤᠨ ᠡᠷᠬᠢᠨ ᠲᠣᠭᠣᠷᠢᠨ᠎ᠳᠤ ᠡᠪᠡᠰᠦ ᠴᠦ᠍ ᠦᠬᠡᠢ᠂ ᠰᠢᠪᠠᠭᠤ ᠴᠤ᠌ ᠦᠬᠡᠢ ᠪᠣᠯᠵᠠᠢ》᠃ ᠾᠧᠦ ᠢᠦᠢ ᠭᠤᠸᠠᠩ ᠰᠤᠷᠪᠤᠯᠵᠢᠯᠠᠭᠴᠢ᠎ᠳᠤ ᠬᠡᠯᠡᠬᠦ᠎ᠳᠤ᠎ᠪᠠᠨ᠂ ᠤᠳᠤ ᠠᠮᠢ ᠠᠬᠤᠢ ᠰᠠᠶ᠋ᠢᠵᠢᠷᠠᠵᠤ᠂ ᠡᠯᠡᠰᠦ ᠬᠠᠷᠠᠭᠳᠠᠬᠤ᠎ᠪᠠᠨ ᠪᠤᠯᠢᠵᠤ᠂ ᠤᠰᠤᠨ᠎ᠤ ᠰᠢᠪᠠᠭᠤᠳ ᠪᠣᠯᠤᠨ ᠵᠢᠭ᠋ᠠᠰᠤ ᠪᠦᠷ ᠬᠠᠷᠢᠵᠤ ᠢᠷᠡᠵᠠᠢ ᠭᠡᠪᠡ᠃
ᠬᠥᠬᠡ ᠠᠭᠤᠯᠠ ᠨᠣᠮᠢᠨ ᠤᠰᠤᠨ᠎ᠤ ᠳᠤᠮᠳᠠ ᠨᠤᠲᠤᠭᠰᠢᠬᠤ ᠪᠣᠯ ᠬᠥᠮᠦᠰ᠎ᠤᠨ ᠬᠠᠮᠲᠤ ᠵᠢᠨ ᠬᠦᠰᠡᠯ ᠮᠥᠨ᠃

ᠡᠨᠡ ᠪᠣᠯ 2019 ᠣᠨ᠎ᠤ 8 ᠳ᠋ᠤᠭ᠋ᠠᠷ ᠰᠠᠷ᠎ᠠ ᠵᠢᠨ 28᠎ᠤ ᠡᠳᠦᠷ ᠰᠡᠭᠦᠳᠡᠷᠯᠡᠭᠰᠡᠨ ᠬᠥᠯᠥᠨ ᠨᠠᠭᠤᠷ᠎ᠤᠨ ᠬᠥᠪᠡᠭᠡᠨ᠎ᠳᠠᠬᠢ ᠤᠰᠤᠨ᠎ᠤ ᠰᠢᠪᠠᠭᠤ ᠪᠣᠯᠤᠨ᠎ᠠ (ᠵᠢᠯᠣᠭᠣᠴᠢ ᠥᠬᠡᠶ ᠨᠢᠰᠬᠡᠯ᠎ᠤᠨ ᠰᠡᠭᠦᠳᠡᠷ)᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠱᠧᠨ ᠪᠥᠸᠧ ᠬᠠᠨ ᠰᠡᠭᠦᠳᠡᠷᠯᠡᠪᠡ
ᠴᠥᠬᠥᠷᠡᠰᠢ ᠦᠭᠡᠢ ᠴᠢᠷᠮᠠᠶ᠋ᠢᠯᠭ᠎ᠠ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠪᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠳᠠᠪᠬᠤᠷ ᠳᠠᠪᠬᠤᠷ ᠥᠷᠢᠰᠥᠯᠳᠦᠭᠡᠨ ᠲᠤᠯᠭ᠋ᠠᠷᠠᠵᠤ᠂ ᠳᠠᠷᠤᠯᠲᠠ ᠯᠤᠲᠤ ᠶᠡᠬᠡ᠂ ᠵᠥᠷᠢᠴᠡᠯ ᠲᠤᠪᠤᠢ᠍ᠢ᠍ᠮ᠎ᠠ ᠪᠠᠶ᠋ᠢᠵᠤ᠂ ᠪᠠᠰᠠ ᠴᠥᠭᠡᠨ ᠪᠤᠰᠤ ᠪᠡᠷᠬᠡ ᠪᠠᠷᠲᠠᠭ᠎ᠠ ᠵᠢ ᠲᠤᠭᠤᠯᠤᠨ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠷᠬᠠᠭ ᠭᠡᠮ᠎ᠢ ᠵᠠᠰᠠᠬᠤ ᠴᠢᠬᠤᠯᠠᠲᠠᠢ ᠪᠠᠶ᠋ᠢᠵᠤ᠂ ᠪᠠᠶ᠋ᠢᠳᠠᠯ ᠮᠥᠨ ᠬᠦ᠌ ᠲᠤᠶ᠋ᠢᠯ᠎ᠤᠨ ᠬᠦᠨᠳᠦ ᠨᠣᠴᠢᠲᠠᠢ ᠪᠠᠶ᠋ᠢᠬᠤ ᠵᠢ ᠡᠷᠬᠡᠪᠰᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ᠃
《ᠠᠮᠢ ᠠᠬᠤᠢ ᠵᠢᠨ ᠣᠷᠴᠢᠨ ᠲᠣᠭᠣᠷᠢᠨ᠎ᠢ ᠰᠡᠷᠭᠦᠭᠡᠨ ᠰᠠᠶ᠋ᠢᠵᠢᠷᠠᠭᠤᠯᠬᠤ ᠪᠣᠯ ᠨᠢᠭᠡᠨ ᠤᠷᠲᠤ ᠬᠤᠭᠤᠴᠠᠭ᠎ᠠ᠎ᠪᠠᠷ ᠬᠠᠲᠠᠭᠤᠵᠢᠯᠲᠠᠶ ᠴᠢᠷᠮᠠᠶ᠋ᠢᠯᠭ᠎ᠠ ᠭᠠᠷᠭ᠋ᠠᠬᠤ ᠶᠠᠪᠤᠴᠠ ᠮᠥᠨ᠂ ᠨᠢᠭᠡ ᠯᠡ ᠳᠡᠭᠡᠷ᠎ᠡ ᠪᠦᠲᠦᠭᠡᠴᠢᠬᠡᠬᠦ ᠶᠠᠪᠤᠳᠠᠯ ᠪᠢᠰᠢ᠂ ᠡᠷᠬᠡᠪᠰᠢ ᠰᠢᠨᠲᠠᠷᠠᠰᠢ ᠦᠭᠡᠶ ᠴᠢᠷᠮᠠᠶ᠋ᠢᠵᠤ᠂ ᠥᠭᠡᠳᠡᠯᠡᠨ ᠳᠠᠪᠰᠢᠵᠤ ᠦᠢ᠍ᠯᠡᠰ ᠪᠦᠲᠦᠭᠡᠬᠦ ᠬᠡᠷᠡᠭᠲᠡᠶ》 ᠭᠡᠵᠦ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠣᠷᠢ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠨ ᠵᠢᠭ᠋ᠠᠪᠠ᠃
ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ ᠠᠬᠢᠭᠤᠯᠬᠤ ᠲᠤᠬᠠᠢ ᠰᠢᠨ᠎ᠡ ᠱᠠᠭ᠋ᠠᠷᠳᠠᠯᠭ᠎ᠠ ᠳᠤᠷᠠᠳᠴᠠᠢ᠃
— 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠨ᠎ᠡ ᠲᠠᠪᠰᠢᠯᠳᠠ ᠵᠢ ᠪᠡᠶᠡᠯᠡᠭᠦᠯᠬᠦ》᠎ᠪᠠᠷ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠵᠢᠨ ᠨᠢᠭᠡ ᠪᠣᠯᠭ᠋ᠠᠨ᠎ᠠ;
— 《ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠵᠢ ᠥᠷᠭᠡᠨ ᠵᠶ᠋ᠠᠷ ᠪᠦᠷᠢᠯᠳᠦᠭᠦᠯᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ᠎ᠳᠤ ᠬᠦᠷᠭᠡᠭᠰᠡᠨ᠎ᠤ ᠳᠠᠷᠠᠭ᠎ᠠ ᠲᠣᠭᠲᠠᠭᠤᠨ ᠵᠶ᠋ᠡᠷ ᠪᠠᠭᠤᠷᠠᠭᠤᠯᠬᠤ ᠵᠢ ᠪᠡᠶᠡᠯᠡᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠢ ᠦᠨᠳᠦᠰᠦᠨ᠎ᠠᠴᠠ᠎ᠨᠢ ᠰᠠᠶ᠋ᠢᠵᠢᠷᠠᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠬᠠᠷᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠬᠦ》᠎ᠪᠠᠷ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠬᠦ ᠠᠯᠤᠰ᠎ᠤᠨ ᠬᠠᠷᠠᠯᠲᠠ ᠵᠢᠨ ᠨᠢᠭᠡ ᠪᠣᠯᠭ᠋ᠠᠨ᠎ᠠ;
— ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠥᠲᠥᠯᠪᠦᠷᠢ᠎ᠳᠤ 《ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠵᠢ ᠠᠬᠢᠭᠤᠯᠬᠤ》 ᠲᠤᠬᠠᠶ ᠲᠤᠰᠬᠠᠶ ᠰᠡᠳᠦᠪ ᠭᠠᠷᠭ᠋ᠠᠵᠤ᠂ ᠪᠣᠳᠠᠲᠠᠶ ᠪᠠᠶ᠋ᠢᠷᠢᠯᠠᠭᠤᠯᠤᠯᠲᠠ ᠪᠠ ᠲᠤᠬᠢᠷᠠᠭᠤᠯᠤᠯᠳᠡ ᠬᠢᠵᠦ᠂ ᠦᠷᠭᠦᠯᠵᠢᠯᠡᠬᠦᠢ᠌ᠴᠡ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠪᠦᠬᠦ ᠲᠠᠯ᠎ᠠ᠎ᠪᠠᠷ ᠬᠤᠪᠢᠷᠠᠭᠤᠯᠬᠤ ᠵᠢ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠵᠠᠶ᠃
ᠵᠢᠷᠤᠭ ᠲᠥᠰᠦᠪ᠎ᠢ ᠨᠢᠭᠡᠨᠲᠡ ᠵᠢᠷᠤᠭᠯᠠᠵᠤ᠂ ᠭᠡᠷᠡᠯ ᠰᠠᠴᠤᠷᠠᠩᠭᠤᠢ ᠬᠠᠭᠤᠳᠠᠰᠤ ᠵᠢ ᠪᠢᠴᠢᠭᠯᠡᠬᠦ᠎ᠪᠠᠷ ᠲᠡᠮᠡᠴᠡᠲᠦᠭᠡᠢ᠃
ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠵᠦ᠂ ᠴᠢᠨᠠᠷᠯᠢᠭ ᠬᠥᠭᠵᠢᠯᠲᠡ ᠵᠢ ᠠᠬᠢᠭᠤᠯᠵᠤ᠂ ᠴᠢᠨᠠᠷᠯᠢᠭ ᠠᠮᠢᠳᠤᠷᠠᠯ᠎ᠢ ᠡᠭᠦᠳᠬᠦ᠎ᠳᠤ᠂ ᠮᠠᠨ᠎ᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠡᠩ ᠬᠠᠲᠠᠭᠤᠵᠢᠯᠲᠠᠢ ᠴᠢᠷᠮᠠᠶ᠋ᠢᠯᠭ᠎ᠠ ᠱᠠᠭ᠋ᠠᠷᠳᠠᠭᠳᠠᠵᠤ ᠪᠠᠢ᠌ᠨ᠎ᠠ᠃

2020 ᠣᠨ᠎ᠤ 8 ᠳ᠋ᠤᠭ᠋ᠠᠷ ᠰᠠᠷ᠎ᠠ ᠵᠢᠨ 25᠎ᠤ ᠡᠳᠦᠷ᠂ ᠰᠠᠭᠤᠭ᠋ᠠᠯᠢ ᠠᠷᠠᠳ ᠠᠮᠢᠳᠤᠷᠠᠯ᠎ᠤᠨ ᠬᠣᠭ ᠵᠶ᠋ᠠᠨ ᠬᠠᠢ᠍ᠢ᠍ᠺᠸᠤ ᠬᠤᠳᠠ ᠵᠢᠨ ᠮᠧᠢ ᠯᠠᠨ ᠲᠣᠭᠣᠷᠢᠭ᠎ᠤᠨ ᠾᠧ ᠫᠢᠩ ᠡᠮᠦᠨ᠎ᠡ ᠵᠡᠭᠡᠯᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠯᠠᠮᠵᠢ ᠵᠢᠨ ᠦᠷᠦᠭᠡ᠎ᠳᠤ ᠬᠦᠷᠭᠡᠵᠦ᠂ ᠬᠣᠭ ᠨᠣᠪᠰᠢ᠎ᠪᠠᠷ ᠵᠶ᠋ᠠᠨ ᠴᠠᠭ᠋ᠠᠰᠤᠨ ᠠᠯᠴᠢᠭᠤᠷ᠂ ᠰᠠᠪᠤᠩ ᠵᠡᠷᠭᠡ ᠠᠮᠢᠳᠤᠷᠠᠯ᠎ᠤᠨ ᠬᠡᠷᠡᠭᠰᠡᠯ ᠰᠣᠯᠢᠵᠤ ᠪᠠᠢ᠌ᠨ᠎ᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠭᠦᠸᠧ ᠴᠧᠩ ᠰᠡᠭᠦᠳᠡᠷᠯᠡᠪᠡ
ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠨᠢ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠪᠠᠷ ᠭᠣᠣᠯᠳᠠᠯᠭ᠎ᠠ᠎ᠲᠠᠢ ᠪᠠᠶ᠋ᠢᠯᠳᠤᠬᠤ ᠪᠤᠳᠤᠯᠭ᠎ᠠ ᠵᠢᠨ ᠴᠢᠭᠯᠡᠯ ᠵᠶ᠋ᠠᠨ ᠪᠣᠯᠭ᠋ᠠᠬᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠵᠣᠬᠢᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠶ᠋ᠢᠵᠢᠷᠠᠯᠲᠠ ᠵᠢ ᠲᠣᠭ᠋ᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠦᠷᠭᠡᠬᠦ ᠵᠠᠩᠭᠢᠯᠠᠭ᠎ᠠ ᠵᠢᠨ ᠴᠠᠭ᠎ᠲᠤ ᠤᠷᠤᠬᠰᠠᠨ ᠪᠠᠶ᠋ᠢᠨ᠎ᠠ᠃
《ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠪᠣᠯ ᠨᠢᠭᠡ ᠤᠳᠠᠭ᠎ᠠ ᠵᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ ᠨᠡᠶ᠋ᠢᠭᠡᠮ᠎ᠤᠨ ᠰᠢᠰᠲ᠋ᠧᠮᠲᠦ ᠴᠢᠨᠠᠷᠲᠠᠢ ᠬᠤᠪᠢᠰᠤᠯᠲᠠ ᠪᠣᠯᠤᠨ᠎ᠠ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠵᠤ᠂ ᠲᠡᠮᠦᠷ᠎ᠢ ᠠᠳᠬᠤᠵᠤ ᠤᠷᠤᠮ ᠦᠯᠡᠳᠡᠭᠡᠬᠦ ᠡᠷᠴᠢ ᠵᠣᠷᠢᠭ ᠵᠶ᠋ᠠᠷ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠠᠴᠠ ᠪᠠᠭᠤᠷᠠᠭᠤᠯᠬᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠬᠡᠷᠡᠭᠲᠡᠢ》 ᠭᠡᠵᠦ ᠡᠨᠡ ᠵᠢᠯ᠎ᠤᠨ 3 ᠳ᠋ᠤᠭ᠋ᠠᠷ ᠰᠠᠷ᠎ᠠ ᠵᠢᠨ 15᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠵᠥᠪᠯᠡᠯ᠎ᠤᠨ ᠶᠢᠰᠦᠳᠦᠭᠡᠷ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠬᠤ᠎ᠳᠤ᠎ᠪᠠᠨ ᠴᠢᠬᠤᠯᠠᠴᠢᠯᠠᠪᠠ᠃
— ᠬᠥᠭᠵᠢᠯᠲᠡ ᠵᠢᠨ ᠠᠷᠭ᠎ᠠ ᠬᠡᠯᠪᠡᠷᠢ ᠵᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠎ᠠ ᠬᠢᠵᠠᠭ᠋ᠠᠷᠯᠠᠵᠤ᠂ ᠡᠳ᠋ ᠪᠠᠷᠠᠭ᠎ᠠ ᠵᠢᠨ ᠲᠡᠭᠡᠭᠡᠪᠦᠷᠢ ᠵᠢᠨ ᠪᠦᠲᠦᠴᠡ᠎ᠳᠤ ᠳᠤᠬᠢᠷᠠᠭᠤᠯᠤᠯᠲᠠ ᠬᠢᠬᠦ ᠡᠷᠴᠢᠮ᠎ᠢ ᠴᠢᠩᠭ᠋ᠠᠷᠠᠭᠤᠯᠵᠤ᠂ ᠪᠠᠷᠢᠯᠭ᠎ᠠ ᠵᠢᠨ ᠬᠦᠷᠢᠶᠡᠨ᠎ᠳᠠᠬᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠵᠤ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠤᠨ᠎ᠠ᠃
— ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠵᠣᠬᠢᠴᠠᠭᠤᠯᠤᠨ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ᠎ᠪᠠᠷ ᠭᠣᠣᠯ ᠪᠣᠯᠭ᠋ᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ᠌ᠷᠡᠭᠦᠯᠵᠦ ᠰᠠᠶ᠋ᠢᠲᠤᠷ ᠬᠢᠨ᠎ᠠ᠃
— ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠢᠳᠡᠪᠬᠢᠲᠡᠢ ᠠᠬᠢᠭᠤᠯᠵᠤ᠂ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠣᠷᠭᠢᠯ ᠬᠡᠮᠵᠢᠭᠳᠡᠯ᠎ᠠᠴᠠ ᠪᠠᠭᠤᠷᠠᠭᠤᠯᠬᠤ ᠠᠵᠢᠯᠯᠠᠭ᠎ᠠ ᠵᠢᠨ ᠲᠥᠰᠦᠯ ᠲᠣᠭᠲᠠᠭ᠋ᠠᠬᠤ ᠵᠢ ᠠᠬᠢᠭᠤᠯᠤᠨ᠎ᠠ᠃
— ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦ ᠵᠢᠨ ᠪᠤᠳᠤᠯᠭ᠎ᠠ ᠪᠠ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠥᠭᠵᠢᠯᠲᠡ ᠵᠢᠨ ᠬᠠᠤᠯᠢ ᠴᠠᠭ᠋ᠠᠵᠠ ᠪᠠ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃
— ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠤᠨ ᠠᠷᠭ᠎ᠠ ᠬᠡᠯᠪᠡᠷᠢ ᠵᠢ ᠥᠷᠭᠡᠨ ᠵᠶ᠋ᠠᠷ ᠪᠣᠶ᠋ᠢᠵᠢᠭᠤᠯᠵᠤ᠂ ᠪᠦᠬᠦ ᠨᠡᠶ᠋ᠢᠭᠡᠮ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ᠎ᠢ ᠳᠡᠭᠡᠭᠰᠢᠯᠡᠭᠦᠯᠵᠦ᠂ ᠠᠮᠢᠳᠤᠷᠠᠯ᠎ᠤᠨ ᠠᠷᠭ᠎ᠠ ᠬᠡᠯᠪᠡᠷᠢ ᠵᠢᠨ ᠪᠣᠬᠢᠷᠲᠤᠯ ᠦᠭᠡᠢ ᠬᠤᠪᠢᠰᠬᠠᠯ ᠵᠶ᠋ᠠᠷ ᠳᠠᠮᠵᠢᠭᠤᠯᠵᠤ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠪᠣᠯᠤᠨ ᠬᠠᠩᠭ᠋ᠠᠯᠭ᠎ᠠ ᠵᠢᠨ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠯᠲᠠ ᠵᠢ ᠬᠡᠳᠡᠷᠬᠦ ᠰᠢᠬᠠᠮᠳᠠᠭᠤᠯᠤᠨ ᠠᠬᠢᠭᠤᠯᠤᠨ᠎ᠠ᠃
《ᠪᠢᠳᠡ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠥ ᠲᠠᠯ᠎ᠠ ᠵᠢᠨ ᠪᠣᠬᠢᠷᠲᠤᠯ ᠥᠬᠡᠶ ᠬᠡᠯᠪᠡᠷᠢ ᠵᠢᠨ ᠬᠤᠪᠢᠷᠠᠯᠲᠠ᠎ᠪᠠᠷ ᠵᠢᠯᠣᠭᠣᠳᠤᠮᠵᠢ ᠪᠣᠯᠭ᠋ᠠᠵᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠪᠠᠷ ᠭᠣᠤᠯ ᠭᠠᠷᠳᠠᠴᠠ ᠪᠣᠯᠭ᠋ᠠᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠂ ᠠᠮᠢᠳᠤᠷᠠᠯ᠎ᠤᠨ ᠠᠷᠭ᠎ᠠ ᠬᠡᠯᠪᠡᠷᠢ᠂ ᠣᠷᠣᠨ ᠵᠠᠶ ᠵᠢᠨ ᠪᠠᠶ᠋ᠢᠷᠢᠰᠢᠯ᠎ᠢ ᠲᠦᠷᠭᠡᠳᠬᠡᠨ ᠪᠣᠶ ᠪᠣᠯᠭ᠋ᠠᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷᠯᠢᠭ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠨ᠎ᠠ》 ᠭᠡᠵᠦ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠢᠯᠡᠷᠬᠡᠢ᠌ᠯᠡᠪᠡ᠃
ᠡᠬᠢᠯᠡᠯᠲᠡ ᠵᠢᠨ ᠵᠢᠯ᠎ᠤᠨ ᠠᠵᠢᠯ ᠵᠶ᠋ᠠᠨ ᠰᠠᠢ᠌ᠲᠤᠷ ᠡᠬᠢᠯᠡᠭᠦᠯᠬᠦ᠎ᠨᠢ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠡᠨᠡ ᠵᠢᠯ᠎ᠤᠨ 5 ᠳ᠋ᠤᠭ᠋ᠠᠷ ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠ ᠶᠢᠰᠦᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃
ᠬᠤᠷᠠᠯ᠎ᠳᠤ᠂ ᠪᠣᠬᠢᠷᠲᠤᠯ ᠦᠬᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ ᠠᠬᠢᠭᠤᠯᠬᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠯᠪᠡᠷᠢ ᠵᠢ ᠪᠣᠬᠢᠷᠲᠤᠯ ᠦᠬᠡᠢ ᠪᠦᠬᠦ ᠲᠠᠯ᠎ᠠ᠎ᠪᠠᠷ ᠬᠤᠪᠢᠷᠠᠭᠤᠯᠬᠤ ᠵᠢ ᠠᠬᠢᠭᠤᠯᠬᠤ ᠵᠢᠨ ᠲᠣᠭᠣᠷᠢᠨ᠎ᠳᠤ᠂ ᠳᠦᠷᠦᠯ ᠠᠩᠭᠢᠯᠠᠨ ᠨᠥᠬᠥᠪᠥᠷᠢᠯᠡᠬᠦ ᠳᠦᠷᠢᠮ᠎ᠢ ᠲᠡᠭᠦᠯᠳᠡᠷᠵᠢᠭᠦᠯᠵᠦ᠂ ᠨᠥᠬᠥᠪᠥᠷᠢᠯᠡᠬᠦ ᠳᠦᠷᠦ ᠵᠢᠨ ᠪᠤᠳᠤᠯᠭ᠎ᠠ ᠵᠢᠨ ᠵᠣᠬᠢᠴᠠᠯᠳᠤᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠡᠯ᠎ᠡ ᠠᠷᠭ᠎ᠠ ᠵᠠᠮ ᠵᠶ᠋ᠠᠷ ᠨᠥᠬᠥᠪᠥᠷᠢᠯᠡᠬᠦ ᠪᠡᠯᠡ ᠮᠥᠩᠭᠥ ᠵᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶ᠋ᠢᠯᠡᠭᠰᠡᠨ ᠴᠢᠨᠠᠷᠲᠠᠢ ᠨᠥᠬᠥᠪᠦᠷᠢ ᠵᠢ ᠬᠡᠷᠡᠭᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢᠨ᠎ᠡ ᠡᠭᠦᠷᠭᠡ᠎ᠠᠴᠠ ᠰᠢᠨ᠎ᠡ ᠬᠠᠷᠢᠭᠤᠴᠠᠯᠭ᠎ᠠ ᠳᠠᠭ᠋ᠠᠭ᠋ᠠᠯᠭ᠋ᠠᠵᠤ᠂ ᠰᠢᠨ᠎ᠡ ᠠᠶᠠᠨ᠎ᠳᠤ ᠰᠢᠨ᠎ᠡ ᠵᠢᠳᠬᠦᠯ᠎ᠢ ᠢᠯᠡᠷᠡᠭᠦᠯᠦᠨ᠎ᠡ᠃
ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠢᠷ᠎ᠢ ᠰᠦᠷᠦᠨ ᠤᠷᠤᠭᠰᠢᠯᠠᠪᠠᠯ᠂ ᠪᠢᠳᠡ ᠯᠠᠪᠳᠠᠶ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠭᠡᠷᠡᠯ ᠵᠶ᠋ᠠᠷ ᠤᠷᠤᠭᠰᠢᠯᠠᠬᠤ ᠵᠠᠮ ᠵᠶ᠋ᠠᠨ ᠭᠡᠶ᠋ᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦᠢ᠌ᠴᠡ ᠬᠥᠭᠵᠢᠯᠲᠡ ᠵᠢ ᠠᠬᠢᠭᠤᠯᠵᠤ ᠴᠢᠳᠠᠨ᠎ᠠ᠃ (ᠰᠤᠷᠪᠤᠯᠵᠢᠯᠠᠭᠴᠢ᠄ ᠵᠠᠩ ᠢ ᡁᠢ)