ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠦᠽᠪᠸᠺᠰᠲ᠋ᠠᠨ᠎ᠤ ᠶᠡᠷᠦᠩᠬᠡᠢ ᠰᠠᠶ᠋ᠢᠳ ᠠᠷᠢᠫᠣᠸ᠎ᠲᠠᠢ ᠸᠢᠳᠢᠣ᠋᠎ᠪᠠᠷ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2021-06-09

      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 6 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠶ᠋ᠢᠨ᠎ᠠ ᠵᠦᠩ ᠨᠠᠨ ᠬᠠᠢ ᠵᠢᠨ ᠽᠢ ᠭᠤᠸᠠᠩ ᠭ᠋ᠸ᠎ᠳᠤ ᠪᠣᠯᠵᠣᠭ᠎ᠠ ᠶᠣᠰᠣᠭ᠋ᠠᠷ ᠦᠽᠪᠸᠺᠰᠲ᠋ᠠᠨ᠎ᠤ ᠶᠡᠷᠦᠩᠬᠡᠢ ᠰᠠᠶ᠋ᠢᠳ ᠠᠷᠢᠫᠣᠸ᠎ᠲᠠᠢ ᠸᠢᠳᠢᠣ᠋᠎ᠪᠠᠷ ᠠᠭᠤᠯᠵᠠᠯᠲᠠ ᠬᠢᠪᠡ᠃

1.jpg


      ᠯᠢ ᠺᠸ ᠴᠢᠶᠠᠩ ᠢᠯᠡᠳᠬᠡᠬᠦ᠎ᠳᠤ᠎ᠪᠠᠨ᠂ ᠳᠤᠮᠳᠠᠳᠤ ᠦᠽᠪᠸᠺᠰᠲ᠋ᠠᠨ ᠪᠣᠯ ᠨᠥᠬᠥᠷᠰᠡᠭ ᠬᠥᠷᠰᠢ ᠪᠠ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ ᠮᠥᠨ᠃ ᠲᠦᠷᠦᠭᠦᠬᠡᠨ᠂ ᠲᠡᠷᠢᠭᠦᠯᠡᠭᠴᠢ ᠰᠢ ᠵᠢᠨ ᠫᠢᠩ ᠶᠡᠷᠦᠩᠬᠡᠶ᠋ᠢᠯᠡᠭᠴᠢ ᠮᠢᠷᠽᠢᠶᠣᠶᠧᠸ᠎ᠲᠠᠢ ᠤᠲᠠᠰᠤ᠎ᠪᠠᠷ ᠠᠮᠵᠢᠯᠲᠠ᠎ᠲᠠᠢ ᠶᠠᠷᠢᠯᠴᠠᠵᠤ᠂ ᠬᠣᠶᠠᠷ ᠤᠯᠤᠰ᠎ᠤᠨ ᠬᠠᠷᠢᠴᠠᠭ᠋ᠠᠨ᠎ᠤ ᠬᠥᠭᠵᠢᠯᠲᠡ ᠵᠢ ᠲᠥᠯᠥᠪᠵᠢᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠳᠡᠯᠭᠡᠷᠡᠭᠰᠡᠨ᠎ᠠᠴᠠ ᠨᠠᠭ᠋ᠠᠰᠢ᠂ ᠳᠤᠮᠳᠠᠳᠤ ᠦᠽᠪᠸᠺᠰᠲ᠋ᠠᠨ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠤᠯᠴᠠᠵᠤ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠳᠡ ᠦᠭᠡᠢ ᠤᠷᠤᠭᠰᠢᠯᠠᠵᠤ᠂ ᠬᠣᠶᠠᠷ ᠤᠯᠤᠰ᠎ᠤᠨ ᠠᠵᠤ ᠠᠬᠤᠢ ᠵᠢᠨ ᠰᠡᠷᠭᠦᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠵᠡᠢ᠃ ᠳᠤᠮᠳᠠᠳᠤ ᠵᠢᠨ ᠲᠠᠯ᠎ᠠ ᠳᠤᠷᠠᠲᠠᠶ᠎ᠠ ᠦᠽᠪᠸᠺᠰᠲ᠋ᠠᠨ᠎ᠤ ᠲᠠᠯ᠎ᠠ᠎ᠲᠠᠢ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠤᠯᠤᠰ ᠲᠦᠷᠦ ᠵᠢᠨ ᠢᠲᠡᠭᠡᠯᠴᠡᠭᠡ᠎ᠪᠠᠨ ᠨᠡᠮᠡᠭᠳᠡᠭᠦᠯᠵᠦ᠂ ᠡᠯ᠎ᠡ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠣᠶᠠᠷ ᠤᠯᠤᠰ᠎ᠤᠨ ᠬᠠᠷᠢᠴᠠᠭ᠎ᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ ᠭᠡᠪᠡ᠃

2.jpg


      ᠯᠢ ᠺᠸ ᠴᠢᠶᠠᠩ ᠵᠢᠭ᠋ᠠᠬᠤ᠎ᠳᠤ᠎ᠪᠠᠨ᠂ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠦᠽᠪᠸᠺᠰᠲ᠋ᠠᠨ᠎ᠤ ᠲᠠᠯ᠎ᠠ᠎ᠲᠠᠢ ᠦᠷᠭᠦᠯᠵᠢᠯᠡᠨ ᠭᠠᠷ ᠬᠣᠯᠪᠣᠨ ᠬᠠᠮᠲᠤᠷᠠᠯᠴᠠᠵᠤ ᠬᠢᠵᠢᠭ᠎ᠲᠠᠢ ᠲᠡᠮᠡᠴᠡᠬᠦ᠂ ᠦᠽᠪᠸᠺᠰᠲ᠋ᠠᠨ᠎ᠤ ᠲᠠᠯ᠎ᠠ᠎ᠳᠤ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠤᠯᠭ᠎ᠠ ᠦᠵᠡᠭᠦᠯᠵᠦ᠂ ᠬᠣᠶᠠᠷ ᠤᠯᠤᠰ᠎ᠤᠨ ᠠᠵᠤ ᠠᠬᠤᠶ᠋ᠢᠯᠠᠯ᠎ᠤᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠠᠷᠴᠢᠮ ᠵᠶ᠋ᠠᠷ ᠸᠠᠺᠼᠢᠨ᠎ᠤ ᠬᠠᠮᠲᠤᠷᠠᠭᠰᠠᠨ ᠦᠢ᠍ᠯᠡᠳᠪᠦᠷᠢᠯᠡᠯ ᠥᠷᠨᠢᠭᠦᠯᠬᠦ ᠵᠢ ᠳᠡᠮᠵᠢᠨ᠎ᠠ᠃ ᠬᠣᠶᠠᠷ ᠲᠠᠯ᠎ᠠ᠎ᠪᠠᠷ ᠵᠶ᠋ᠠᠨ ᠵᠠᠬ᠎ᠠ ᠳᠡᠯᠭᠡᠭᠦᠷ᠎ᠤᠨ ᠵᠠᠷᠴᠢᠮ ᠪᠣᠯᠤᠨ ᠬᠤᠳᠠᠯᠳᠤᠭ᠋ᠠᠨ᠎ᠤ ᠲᠦᠷᠢᠮ ᠶᠣᠰᠣᠭ᠋ᠠᠷ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠬᠦ ᠵᠢ ᠬᠦᠰᠡᠵᠦ ᠪᠠᠶ᠋ᠢᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠦᠽᠪᠸᠺᠰᠲ᠋ᠠᠨ᠎ᠤ ᠲᠠᠯ᠎ᠠ ᠵᠢᠨ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ ᠵᠶ᠋ᠡᠨ ᠳᠤᠮᠳᠠᠳᠤ ᠤᠯᠤᠰ᠎ᠲᠤ ᠭᠠᠷᠭ᠋ᠠᠬᠤ᠎ᠳᠤ᠎ᠨᠢ ᠪᠣᠭᠣᠮᠲᠠ᠎ᠪᠠᠷ ᠥᠩᠭᠡᠷᠡᠭᠡᠬᠦ ᠳᠥᠭᠥᠮ ᠦᠵᠡᠭᠦᠯᠦᠨ᠎ᠡ᠃ ᠢᠷᠡᠬᠦ ᠵᠢᠯ᠎ᠳᠤ ᠳᠤᠮᠳᠠᠳᠤ ᠦᠽᠪᠸᠺᠰᠲ᠋ᠠᠨ᠎ᠤ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 30 ᠵᠢᠯ᠎ᠤᠨ ᠤᠢ ᠵᠢ ᠤᠭᠲᠤᠬᠤ ᠪᠣᠯᠤᠨ᠎ᠠ᠂ ᠡᠭᠦᠨ ᠵᠶ᠋ᠠᠷ ᠠᠵᠠ ᠲᠣᠬᠢᠶᠠᠯ ᠪᠣᠯᠭ᠋ᠠᠵᠤ᠂ ᠤᠯᠠᠨ ᠵᠦᠢ᠍ᠯ᠎ᠤᠨ ᠬᠡᠯᠪᠡᠷᠢ ᠵᠢᠨ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠤᠯᠤᠰ᠎ᠤᠨ ᠠᠷᠠᠳ ᠲᠦᠮᠡᠨ᠎ᠤ ᠣᠶ᠋ᠢᠯᠠᠭ᠋ᠠᠯᠴᠠᠭ᠎ᠠ ᠪᠠ ᠤᠯᠠᠮᠵᠢᠯᠠᠯᠲᠤ ᠨᠥᠬᠥᠷᠯᠡᠯ ᠵᠶ᠋ᠠᠨ ᠵᠤᠵᠠᠭ᠋ᠠᠳᠬᠠᠬᠤ ᠵᠢ ᠬᠦᠰᠡᠵᠦ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ ᠳᠤᠷᠠᠲᠠᠶ᠎ᠠ ᠦᠽᠪᠸᠺᠰᠲ᠋ᠠᠨ᠎ᠤ ᠲᠠᠯ᠎ᠠ᠎ᠲᠠᠢ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠳᠦᠭᠦᠪᠴᠢ ᠲᠥᠰᠦᠪ᠎ᠤᠨ ᠳᠣᠲᠣᠷᠠᠬᠢ ᠵᠣᠬᠢᠴᠠᠭᠤᠯᠤᠯᠲᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠤᠰ ᠣᠷᠣᠨ᠎ᠤ ᠬᠢᠵᠢᠭ᠎ᠤᠨ ᠳᠠᠷᠠᠭ᠋ᠠᠬᠢ ᠰᠡᠷᠭᠦᠯᠲᠡ ᠪᠣᠯᠤᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠳᠤ ᠨᠡᠩ ᠤᠯᠠᠨ ᠬᠦᠴᠦᠨ ᠨᠡᠮᠡᠷᠢᠯᠡᠨ᠎ᠡ ᠭᠡᠪᠡ᠃

3.jpg


      ᠠᠷᠢᠫᠣᠸ ᠢᠯᠡᠳᠬᠡᠬᠦ᠎ᠳᠤ᠎ᠪᠠᠨ᠂ ᠦᠽᠪᠸᠺᠰᠲ᠋ᠠᠨ ᠳᠤᠮᠳᠠᠳᠤ ᠤᠯᠤᠰ ᠪᠣᠯ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ ᠮᠥᠨ᠂ ᠬᠣᠶᠠᠷ ᠤᠯᠤᠰ᠎ᠤᠨ ᠬᠠᠷᠢᠴᠠᠭ᠎ᠠ ᠵᠢᠨ ᠬᠥᠭᠵᠢᠯᠲᠡ ᠵᠢᠨ ᠬᠠᠨᠳᠤᠰᠢ ᠮᠠᠰᠢ ᠰᠠᠢ᠍ᠢ᠍ᠨ ᠪᠠᠶ᠋ᠢᠨ᠎ᠠ᠃ ᠳᠤᠮᠳᠠᠳᠤ ᠵᠢᠨ ᠲᠠᠯ᠎ᠠ ᠦᠽᠪᠸᠺᠰᠲ᠋ᠠᠨ᠎ᠤ ᠲᠠᠯ᠎ᠠ ᠵᠢᠨ ᠬᠢᠵᠢᠭ᠎ᠲᠠᠢ ᠲᠡᠮᠡᠴᠡᠬᠦ᠎ᠳᠤ ᠦᠵᠡᠭᠦᠯᠦᠭᠰᠡᠨ ᠬᠠᠪᠰᠤᠷᠤᠯᠭ᠎ᠠ᠎ᠳᠤ ᠲᠠᠯᠠᠷᠬᠠᠵᠤ ᠪᠠᠢ᠌ᠨ᠎ᠠ᠂ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠬᠣᠭᠣᠷᠣᠨᠳᠣᠬᠢ ᠬᠠᠮᠲᠤᠷᠠᠯᠴᠠᠭ᠋ᠠᠨ᠎ᠤ ᠵᠥᠪᠯᠡᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠠᠷᠢᠯᠴᠠᠨ ᠬᠣᠯᠪᠣᠭ᠋ᠠᠯᠠᠨ ᠨᠡᠪᠲᠡᠷᠡᠯᠴᠡᠬᠦ ᠵᠡᠷᠭᠡ ᠬᠦᠷᠢᠶᠡᠨ᠎ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠴᠢᠨᠠᠭᠰᠢᠳᠠ ᠥᠷᠭᠡᠳᠬᠡᠨ ᠭᠦᠨᠵᠡᠭᠡᠶ᠋ᠢᠷᠡᠭᠦᠯᠵᠦ᠂ ᠦᠽᠪᠸᠺᠰᠲ᠋ᠠᠨ ᠳᠤᠮᠳᠠᠳᠤ ᠵᠢᠨ ᠬᠠᠷᠢᠴᠠᠭ᠎ᠠ ᠪᠣᠯᠤᠨ ᠬᠠᠮᠲᠤᠷᠠᠯᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠤᠨ᠎ᠠ᠃ ᠦᠽᠪᠸᠺᠰᠲ᠋ᠠᠨ᠎ᠤ ᠲᠠᠯ᠎ᠠ ᠳᠤᠷᠠᠲᠠᠶ᠎ᠠ ᠳᠤᠮᠳᠠᠳᠤ ᠤᠯᠤᠰ᠎ᠯᠤᠭ᠎ᠠ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠳᠦᠭᠦᠪᠴᠢ ᠲᠥᠰᠦᠪ ᠳᠣᠲᠣᠷᠠᠬᠢ ᠵᠣᠬᠢᠴᠠᠭᠤᠯᠤᠯᠲᠠ ᠬᠠᠮᠵᠢᠯᠴᠠᠭ᠎ᠠ᠎ᠪᠠᠨ ᠴᠢᠩᠭ᠋ᠠᠳᠬᠠᠨ᠎ᠠ ᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠵᠦ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ 《ᠬᠥᠲᠥᠯᠪᠦᠷᠢ》᠎ᠳᠤ ᠲᠣᠭᠲᠠᠭ᠋ᠠᠭᠰᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠬᠤ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠬᠤᠪᠸᠢ ᠵᠢᠨ ᠱ᠌ᠢ ᠶᠠᠨ ᠬᠤᠳᠠ ᠵᠢᠨ ᠵᠠᠩ ᠸᠠᠨ ᠲᠣᠭᠣᠷᠢᠭ᠎ᠤᠨ ᠶᠠᠨ ᠬᠤ᠌ ᠨᠡᠶ᠋ᠢᠭᠡᠮ ᠲᠣᠭᠣᠷᠢᠭ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠤᠨ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ᠎ᠳᠤ ᠴᠢᠬᠤᠯᠠ ᠵᠢᠭ᠋ᠠᠪᠤᠷᠢ ᠥᠭᠴᠤ ᠱᠠᠭ᠋ᠠᠷᠲᠠᠬᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠤᠭᠤᠬ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠵᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠣᠶ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠭᠡᠷᠡᠭᠳᠠᠢ
ᠯᠢ ᠺᠸ ᠴᠢᠶᠠᠩ᠎ᠤᠨ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ 《ᠲᠡᠦᠬᠡ᠎ᠪᠠᠷ ᠲᠣᠯᠢ ᠪᠣᠯᠭ᠋ᠠᠵᠤ ᠲᠡᠦᠬᠡ᠎ᠪᠠᠷ ᠵᠤᠷᠢᠭ ᠵᠶ᠋ᠠᠨ ᠬᠦᠪᠴᠢᠯᠠᠵᠤ ᠲᠡᠦᠬᠡ ᠵᠢ ᠤᠢ᠍ᠢ᠍ᠯᠠᠭ᠋ᠠᠨ ᠨᠠᠮ ᠵᠶ᠋ᠠᠨ ᠬᠠᠶ᠋ᠢᠷᠠᠯᠠᠵᠤ ᠲᠡᠦᠬᠡ ᠵᠢ ᠤᠢ᠍ᠢ᠍ᠯᠠᠭ᠋ᠠᠨ ᠤᠯᠤᠰ ᠵᠶ᠋ᠠᠨ ᠬᠠᠶ᠋ᠢᠷᠠᠯᠠᠶ᠎ᠡ》 ᠭᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ
 
            