ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-06-09

      ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠡ ᠵᠢᠨ 8᠎ᠤ ᠴᠠᠬᠢᠯᠭ᠋ᠠᠨ ᠮᠡᠳᠡᠭᠡ 6 ᠰᠠᠷ᠎ᠡ ᠵᠢᠨ 8᠎ᠤ ᠡᠳᠤᠷ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠡᠢ᠍ᠯᠡᠭᠡᠪᠡ᠃
      ᠰᠢ ᠵᠢᠨ ᠫᠢᠩ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠬᠠᠮᠳᠤᠷᠠᠯᠴᠠᠭ᠋ᠠᠨ᠎ᠤ ᠲᠤᠬᠳᠠᠴᠠ ᠪᠤᠯ ᠲᠤᠮᠳᠠᠳᠤ ᠤᠯᠤᠰ ᠪᠤᠯᠤᠨ ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠨᠦᠬᠦᠷᠯᠡᠯ ᠵᠶ᠋ᠠᠨ ᠵᠤᠵᠠᠭ᠋ᠠᠳᠬᠠᠵᠤ᠂ ᠬᠠᠮᠳᠤᠷᠠᠯᠴᠠᠭ᠎ᠡ᠎ᠪᠠᠨ ᠦᠷᠭᠡᠳᠭᠡᠨ᠂ ᠬᠦᠭᠵᠢᠯᠳᠠ ᠵᠢ ᠬᠠᠮᠳᠤ᠎ᠪᠠᠷ ᠡᠷᠢᠯᠬᠢᠯᠡᠬᠦ ᠴᠢᠬᠤᠯᠠ ᠲᠠᠪᠴᠠᠩ ᠪᠤᠯᠤᠨ᠎ᠡ᠃ ᠡᠨᠡ ᠵᠢᠯ᠎ᠤᠨ 2 ᠰᠠᠷ᠎ᠡ᠎ᠳᠤ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠤᠳᠤᠷᠢᠳᠬᠤ ᠬᠦᠮᠦᠰ᠎ᠤᠨ ᠲᠦᠷᠦᠬᠦᠴᠤᠳ᠎ᠤᠨ ᠬᠤᠷᠠᠯ ᠠᠮᠵᠢᠯᠳᠠᠳᠠᠢ ᠬᠤᠷᠠᠯᠳᠤᠪᠠ᠂ ᠪᠢ ᠰᠢᠨ᠎ᠡ ᠪᠠᠢ᠍ᠢ᠍ᠳᠠᠯ ᠲᠤᠤᠷ᠎ᠡ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠬᠠᠮᠳᠤᠷᠠᠯᠴᠠᠭ᠎ᠡ᠎ᠨᠢ ᠪᠤᠳᠠᠳᠠᠢ ᠵᠢ ᠡᠷᠬᠢᠮᠯᠡᠬᠦ ᠴᠢᠭᠯᠡᠯ᠎ᠢ ᠪᠠᠷᠢᠮᠳᠠᠯᠠᠵᠤ᠂ ᠬᠠᠷᠢᠯᠴᠠᠨ ᠠᠰᠢᠬᠳᠠᠢ ᠬᠠᠮᠳᠤ᠎ᠪᠠᠷ ᠠᠰᠢᠭ ᠬᠦᠷᠳᠡᠬᠦ ᠬᠠᠮᠳᠤᠷᠠᠯᠴᠠᠭ᠋ᠠᠨ᠎ᠤ ᠦᠷ᠎ᠡ ᠪᠦᠳᠤᠭᠡᠯ ᠵᠶ᠋ᠠᠨ ᠦᠷᠭᠡᠳᠭᠡᠬᠦ ᠵᠢ ᠴᠢᠬᠤᠯᠠᠴᠢᠯᠠᠵᠤ᠂ ᠬᠤᠢ᠍ᠢ᠍ᠰᠢᠳᠠ ᠵᠢᠨ 5 ᠵᠢᠯ᠎ᠳᠤ ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠠᠴᠠ 1700 ᠳ᠋ᠦᠨᠭᠰᠢᠭᠤᠷ ᠳ᠋ᠤᠯᠯᠠᠷ᠎ᠠᠴᠠ ᠲᠡᠭᠡᠭᠰᠢ ᠦᠷᠳᠡᠭ ᠪᠦᠬᠦᠢ ᠲᠠᠸᠠᠷ᠎ᠢ ᠤᠷᠤᠭᠤᠯᠬᠤ᠎ᠪᠠᠷ ᠲᠦᠯᠦᠪᠯᠡᠵᠤ᠂ ᠢᠷᠠᠬᠦ 5 ᠵᠢᠯ᠎ᠳᠤ ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠠᠴᠠ ᠲᠠᠷᠢᠶᠠᠯᠠᠩ᠎ᠤᠨ ᠪᠦᠳᠦᠭᠡᠭᠳᠡᠬᠦᠨ᠎ᠢ ᠤᠷᠤᠭᠤᠯᠬᠤ ᠬᠡᠮᠵᠢᠶ᠎ᠡ ᠵᠢ ᠬᠤᠶᠠᠷ ᠲᠠᠬᠢᠨ ᠪᠤᠯᠭ᠋ᠠᠨ ᠨᠡᠮᠡᠭᠳᠡᠬᠦᠯᠬᠦ᠎ᠪᠠᠷ ᠴᠢᠷᠮᠠᠢ᠍ᠢ᠍ᠵᠤ᠂ ᠨᠢᠨᠭᠪᠦ᠋ᠸᠸ ᠵᠡᠷᠭᠡ ᠭᠠᠵᠠᠷ᠎ᠤᠨ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠋ᠠᠨ᠎ᠤ ᠵᠢᠱ᠌ᠢᠶ᠎ᠡ ᠦᠵᠡᠬᠦᠯᠬᠦ ᠤᠷᠤᠨ᠎ᠤ ᠪᠦᠳᠦᠭᠡᠨ ᠪᠠᠢ᠍ᠢ᠍ᠭᠤᠯᠤᠯᠳᠠ ᠵᠢ ᠦᠷᠬᠦᠯᠵᠢᠯᠡᠨ ᠠᠬᠢᠭᠤᠯᠬᠤ᠎ᠪᠠᠷ ᠲᠤᠷᠠᠳᠪᠠ᠃ ᠬᠤᠯᠪᠤᠬᠳᠠᠯ ᠪᠦᠬᠦᠢ ᠡᠯ᠎ᠡ ᠲᠠᠯ᠎ᠡ ᠵᠢᠨ᠎ᠬᠢᠨ᠎ᠤ ᠬᠠᠮᠳᠤ ᠵᠢᠨ ᠴᠢᠷᠮᠠᠢ᠍ᠢ᠍ᠯᠭ᠎ᠡ᠎ᠪᠠᠷ᠂ ᠲᠦᠷᠦᠬᠦᠴᠤᠳ᠎ᠤᠨ ᠬᠤᠷᠠᠯ᠎ᠤᠨ ᠡᠯ᠎ᠡ ᠵᠦᠢ᠍ᠯ᠎ᠤᠨ ᠦᠷ᠎ᠡ ᠪᠦᠳᠤᠭᠡᠯ ᠶᠠᠭ ᠨᠠᠢ᠍ᠢ᠍ᠳᠠᠪᠤᠷᠢᠵᠢᠭᠤᠯᠤᠬᠳᠠᠵᠤ ᠪᠠᠢ᠍ᠢ᠍ᠨ᠎ᠡ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠲᠤᠰ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠦᠵᠡᠰᠬᠦᠯᠡᠩ᠎ᠤᠨ ᠴᠤᠬᠯᠠᠭ᠋ᠠᠨ᠎ᠢ ᠡᠷᠬᠢᠯᠡᠭᠰᠡᠨ᠎ᠨᠢ ᠲᠤᠮᠳᠠᠳᠤ ᠤᠯᠤᠰ᠎ᠤᠨ ᠵᠠᠬ᠎ᠡ ᠲᠡᠯᠭᠡᠬᠦᠷ᠎ᠤᠨ ᠲᠤᠮᠳᠠ ᠵᠡᠬᠦᠨ ᠡᠸᠦ᠋ᠷᠤᠫᠠ ᠵᠢᠨ ᠲᠠᠸᠠᠷ᠎ᠤᠨ ᠲᠤᠬᠠᠢ ᠤᠢ᠍ᠢ᠍ᠯᠠᠭ᠋ᠠᠯᠳᠠ ᠵᠢ ᠨᠡᠮᠡᠭᠳᠡᠬᠦᠯᠬᠦ᠎ᠳᠤ ᠠᠰᠢᠬᠳᠠᠢ᠂ ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠲᠤᠮᠳᠠᠳᠤ ᠤᠯᠤᠰ᠎ᠲᠠᠬᠢ ᠭᠠᠷᠭ᠋ᠠᠯᠳᠠ ᠵᠢ ᠦᠷᠭᠡᠳᠭᠡᠬᠦ᠎ᠳᠤ ᠠᠰᠢᠬᠳᠠᠢ᠂ ᠡᠯ᠎ᠡ ᠲᠠᠯ᠎ᠡ ᠵᠢᠨ᠎ᠬᠢᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠤᠨ ᠠᠪᠴᠢᠷᠠᠬᠰᠡᠨ ᠦᠷᠢᠰᠦᠯᠳᠤᠭᠡᠨ᠎ᠢ ᠢᠯᠡᠨ ᠲᠠᠪᠠᠵᠤ᠂ ᠠᠵᠤ ᠠᠬᠤᠢ ᠵᠢᠨ ᠰᠡᠷᠬᠦᠯᠳᠠ ᠵᠢ ᠠᠬᠢᠭᠤᠯᠬᠤ᠎ᠳᠤ ᠠᠰᠢᠬᠳᠠᠢ ᠶᠤᠮ᠃ ᠡᠯ᠎ᠡ ᠲᠠᠯ᠎ᠡ ᠵᠢᠨ᠎ᠬᠢᠨ ᠡᠬᠦᠨ ᠵᠶ᠋ᠠᠷ ᠠᠵᠠ ᠲᠤᠬᠢᠶᠠᠯ ᠪᠤᠯᠭ᠋ᠠᠵᠤ᠂ ᠬᠠᠮᠳᠤᠷᠠᠯᠴᠠᠭ᠋ᠠᠨ᠎ᠤ ᠲᠠᠯᠳᠠ ᠬᠦᠴᠤᠨ ᠵᠶ᠋ᠠᠨ ᠲᠠᠰᠤᠷᠠᠯᠳᠠ ᠦᠭᠡᠢ ᠠᠭᠤᠳᠠᠯᠤᠨ᠂ ᠭᠠᠷ ᠬᠤᠯᠪᠤᠨ ᠨᠡᠩ ᠦᠷᠭᠡᠨ ᠬᠠᠮᠳᠤᠷᠠᠯᠴᠠᠭ᠋ᠠᠨ᠎ᠤ ᠤᠷᠤᠨ ᠵᠠᠢ ᠵᠢ ᠨᠡᠭᠡᠭᠡᠬᠦ ᠵᠢ ᠬᠦᠰᠡᠵᠤ ᠪᠠᠢ᠍ᠢ᠍ᠨ᠎ᠡ ᠭᠡᠵᠤ ᠴᠢᠬᠤᠯᠠᠴᠢᠯᠠᠪᠠ᠃
      ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠤᠨ ᠦᠵᠡᠰᠬᠦᠯᠡᠩ᠎ᠤᠨ ᠴᠤᠬᠯᠠᠭ᠋ᠠᠨ ᠡᠨᠡ ᠡᠳᠦᠷ ᠵᠸᠵᠢᠶᠠᠩ ᠮᠤᠵᠢ ᠵᠢᠨ ᠨᠢᠨᠭᠪᠦ᠋ᠸᠸ ᠬᠤᠳᠠ᠎ᠳᠤ ᠡᠬᠢᠯᠡᠵᠤ᠂ 《ᠰᠢᠨ᠎ᠡ ᠪᠠᠢ᠍ᠢ᠍ᠷᠢᠰᠢᠯ᠎ᠢ ᠪᠠᠢ᠍ᠢ᠍ᠭᠤᠯᠵᠤ᠂ ᠰᠢᠨ᠎ᠡ ᠠᠵᠠ ᠲᠤᠬᠢᠶᠠᠯ᠎ᠢ ᠬᠠᠮᠳᠤ᠎ᠪᠠᠷ ᠡᠳ᠋ᠯᠡᠬᠥ》᠎ᠪᠠᠷ ᠭᠤᠤᠯ ᠰᠡᠳᠦᠪ ᠪᠤᠯᠭ᠋ᠠᠪᠠ᠃ ᠦᠵᠡᠰᠬᠦᠯᠡᠩ᠎ᠤᠨ ᠴᠤᠬᠯᠠᠭ᠋ᠠᠨ᠎ᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠪᠠ ᠵᠸᠵᠢᠶᠠᠩ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠬᠠᠮᠳᠤᠷᠠᠨ ᠡᠷᠬᠢᠯᠡᠵᠤ᠂ ᠲᠤᠮᠳᠠᠳᠤ ᠤᠯᠤᠰ ᠪᠠ ᠲᠤᠮᠳᠠ ᠵᠡᠬᠦᠨ ᠡᠸᠦ᠋ᠷᠤᠫᠠ ᠵᠢᠨ ᠤᠯᠤᠰ᠎ᠤᠳ᠎ᠠᠴᠠ ᠢᠷᠡᠭᠰᠡᠨ ᠵᠤᠴᠢᠳ ᠪᠠ ᠠᠵᠤ ᠠᠬᠤᠢ᠍ᠢ᠍ᠯᠠᠯ ᠦᠵᠡᠰᠬᠦᠯᠡᠩ᠎ᠳᠤ ᠤᠷᠤᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠦᠽᠪᠸᠺᠰᠲ᠋ᠠᠨ᠎ᠤ ᠶᠡᠷᠦᠩᠬᠡᠢ ᠰᠠᠶ᠋ᠢᠳ ᠠᠷᠢᠫᠣᠸ᠎ᠲᠠᠢ ᠸᠢᠳᠢᠣ᠋᠎ᠪᠠᠷ ᠠᠭᠤᠯᠵᠠᠯᠲᠠ ᠬᠢᠪᠡ
ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠵᠦ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ 《ᠬᠥᠲᠥᠯᠪᠦᠷᠢ》᠎ᠳᠤ ᠲᠣᠭᠲᠠᠭ᠋ᠠᠭᠰᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠬᠤ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠬᠤᠪᠸᠢ ᠵᠢᠨ ᠱ᠌ᠢ ᠶᠠᠨ ᠬᠤᠳᠠ ᠵᠢᠨ ᠵᠠᠩ ᠸᠠᠨ ᠲᠣᠭᠣᠷᠢᠭ᠎ᠤᠨ ᠶᠠᠨ ᠬᠤ᠌ ᠨᠡᠶ᠋ᠢᠭᠡᠮ ᠲᠣᠭᠣᠷᠢᠭ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠤᠨ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ᠎ᠳᠤ ᠴᠢᠬᠤᠯᠠ ᠵᠢᠭ᠋ᠠᠪᠤᠷᠢ ᠥᠭᠴᠤ ᠱᠠᠭ᠋ᠠᠷᠲᠠᠬᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠤᠭᠤᠬ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠵᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠣᠶ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠭᠡᠷᠡᠭᠳᠠᠢ
ᠯᠢ ᠺᠸ ᠴᠢᠶᠠᠩ᠎ᠤᠨ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ
 
            