ᠰᠢᠨᠬᠤᠸᠠ ᠬᠤᠷᠢᠶ᠎ᠠ ᠵᠢᠨ ᠠᠰᠲ᠋ᠠᠨᠠ ᠵᠢᠨ 6 ᠰᠠᠷ᠎ᠠ ᠵᠢᠨ 17᠎ᠤ ᠴᠠᠭᠢᠯᠭ᠋ᠠᠨ ᠮᠡᠳᠡᠭᠡ (ᠰᠤᠷᠪᠤᠯᠵᠢᠯᠠᠬ᠍ᠴᠢ ᠶᠠᠩ ᠢ ᠵᠢᠶᠦ᠋ᠨ ᠯᠢᠦ ᠺᠠᠢ) ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 17᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠰᠲ᠋ᠠᠨᠠ᠎ᠳᠤ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠵᠤ ᠪᠠᠶ᠋ᠢᠬᠤ ᠬᠤᠭᠤᠴᠠᠭ᠋ᠠᠨ᠎ᠳᠤ ᠺᠢᠷᠭᠢᠽᠰᠲ᠋ᠠᠨ᠎ᠤ ᠶᠡᠷᠦᠩᠬᠡᠶ᠋ᠢᠯᠡᠭᠴᠢ ᠵᠠᠫᠠᠯᠤᠹ᠎ᠲᠠᠢ ᠠᠭᠤᠯᠵᠠᠪᠠ᠃
ᠰᠢ ᠵᠢᠨ ᠫᠢᠩ᠂ ᠬᠠᠷᠢᠯᠴᠠᠭ᠎ᠠ ᠪᠠᠶ᠋ᠢᠭᠤᠯᠤᠭᠰᠠᠨ 33 ᠵᠢᠯ᠎ᠤᠨ ᠲᠤᠷᠰᠢ᠂ ᠳᠤᠮᠳᠠᠳᠤ ᠺᠢᠷᠭᠢᠽᠰᠲ᠋ᠠᠨ᠎ᠤ ᠬᠠᠷᠢᠯᠴᠠᠭ᠎ᠠ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠵᠦ᠂ ᠲᠡᠦᠬᠡ ᠵᠢᠨ ᠬᠠᠮᠤᠭ᠎ᠤᠨ ᠰᠠᠶ᠋ᠢᠨ ᠴᠠᠭ ᠦᠶ᠎ᠡ᠎ᠳᠤ ᠣᠷᠣᠵᠠᠢ᠃ ᠡᠨᠡ ᠵᠢᠯ᠎ᠤᠨ 2 ᠰᠠᠷ᠎ᠠ᠎ᠳᠤ ᠪᠢᠳᠠ ᠪᠡᠭᠡᠵᠢᠩ᠎ᠳᠤ ᠪᠠᠶᠠᠯᠢᠭ ᠦᠷ᠎ᠡ ᠪᠦᠲᠦᠭᠡᠯ ᠪᠦᠬᠦᠢ ᠠᠭᠤᠯᠵᠠᠯᠲᠠ ᠬᠢᠵᠦ᠂ ᠠᠯᠢ ᠤᠯᠠᠨ ᠴᠢᠬᠤᠯᠠ ᠬᠠᠮᠲᠤ ᠵᠢᠨ ᠲᠠᠨᠢᠯᠲᠠ᠎ᠲᠠᠢ ᠪᠣᠯᠵᠤ᠂ ᠬᠤᠶᠠᠷ ᠤᠯᠤᠰ᠎ᠤᠨ ᠬᠠᠮᠲᠤᠷᠠᠯᠴᠠᠭ᠎ᠠ᠎ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨᠤᠬᠢᠨᠲᠠᠢ ᠬᠠᠮᠲᠤ᠎ᠪᠠᠷ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠤᠰ ᠲᠤᠰ᠎ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠡᠷᠡᠰ ᠳᠡᠮᠵᠢᠯᠴᠡᠵᠦ᠂ ᠬᠤᠶᠠᠷ ᠲᠠᠯ᠎ᠠ ᠵᠢᠨ ᠬᠠᠮᠲᠤ ᠵᠢᠨ ᠪᠠ ᠠᠯᠤᠰ ᠭᠡᠳᠤ ᠵᠢᠨ ᠠᠰᠢᠭ ᠲᠤᠰᠠ ᠵᠢ ᠰᠠᠶ᠋ᠢᠲᠤᠷ ᠬᠠᠮᠠᠭ᠋ᠠᠯᠠᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠺᠢᠷᠭᠢᠽᠰᠲ᠋ᠠᠨ᠎ᠤ ᠬᠠᠮᠲᠤᠷᠠᠯᠴᠠᠭ᠎ᠠ ᠵᠢᠨ ᠲᠠᠯ᠎ᠠ᠎ᠪᠠᠷ ᠶᠡᠬᠡᠬᠡᠨ ᠠᠵᠢᠯ ᠶᠠᠪᠤᠳᠠᠯ ᠬᠢᠵᠦ ᠪᠣᠯᠣᠨ᠎ᠠ᠃ ᠬᠤᠶᠠᠷ ᠲᠠᠯ᠎ᠠ᠎ᠪᠠᠷ ᠵᠶ᠋ᠠᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠨ ᠥᠷᠭᠡᠳᠬᠡᠵᠦ᠂ ᠮᠥᠩᠭᠦᠨ ᠭᠦᠢ᠍ᠯᠭᠡᠭᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠶ᠎ᠡ; ᠬᠤᠯᠪᠣᠯᠳᠤᠨ ᠨᠡᠪᠲᠡᠷᠡᠯᠴᠡᠬᠦ ᠲᠣᠣᠷ᠎ᠢ ᠲᠡᠭᠦᠯᠳᠡᠷᠵᠢᠭᠦᠯᠵᠦ᠂ ᠳᠤᠮᠳᠠᠳᠤ ᠺᠢᠷᠭᠢᠽᠰᠲ᠋ᠠᠨ ᠦᠽᠪᠤᠺᠰᠲ᠋ᠠᠨᠤ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠭᠢᠭᠤᠯᠤᠶᠡ; ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠬᠠᠮᠲᠤᠷᠠᠯᠴᠠᠭ᠎ᠠ ᠵᠢ ᠥᠷᠭᠡᠳᠬᠡᠵᠦ᠂ ᠴᠡᠪᠡᠷ ᠡᠨᠧᠷᠭᠢ᠂ ᠪᠣᠬᠢᠷᠳᠤᠯ ᠦᠭᠡᠢ ᠠᠭᠤᠷᠬᠠᠢ ᠵᠢᠨ ᠭᠠᠷᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠠᠯ᠎ᠠ᠎ᠪᠠᠷ ᠰᠢᠨ᠎ᠡ ᠨᠡᠮᠡᠭᠳᠡᠯ᠎ᠤᠨ ᠴᠡᠭ᠎ᠢ ᠪᠤᠶ᠋ᠢᠵᠢᠭᠤᠯᠤᠶᠠ; ᠰᠣᠶᠣᠯ᠂ ᠵᠢᠭᠤᠯᠴᠢᠯᠠᠯ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠵᠡᠷᠭᠡ ᠬᠦᠷᠢᠶᠡᠨ᠎ᠳᠠᠬᠢ ᠰᠣᠯᠢᠯᠴᠠᠭ᠎ᠠ ᠵᠢ ᠭᠦᠨᠵᠡᠭᠡᠶ᠋ᠢᠷᠡᠭᠦᠯᠵᠦ᠂ ᠠᠷᠠᠳ᠎ᠲᠤ ᠠᠰᠢᠭ ᠬᠦᠷᠲᠡᠭᠡᠬᠦ ᠨᠡᠩ ᠤᠯᠠᠨ ᠲᠦᠷᠦᠯ ᠵᠦᠢ᠍ᠯ᠎ᠢ ᠬᠡᠷᠡᠭᠵᠢᠭᠦᠯᠦᠶ᠎ᠡ᠃ ᠳᠤᠮᠳᠠᠳᠤ ᠺᠢᠷᠭᠢᠽᠰᠲ᠋ᠠᠨ ᠬᠤᠶᠠᠷ ᠤᠯᠤᠰ ᠪᠣᠯ ᠴᠥᠮ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠠᠰᠢᠭ ᠭᠦᠷᠳᠡᠭᠴᠢ ᠮᠥᠨ᠂ ᠭᠠᠭᠴᠠ ᠲᠠᠯᠠᠲᠤ ᠦᠵᠡᠯ᠎ᠢ ᠬᠠᠮᠲᠤ᠎ᠪᠠᠷ ᠡᠰᠡᠷᠭᠦᠴᠡᠵᠦ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠶ᠎ᠠ᠃ ᠬᠤᠶᠠᠷ ᠲᠠᠯ᠎ᠠ᠎ᠪᠠᠷ ᠵᠶ᠋ᠠᠨ ᠤᠷᠢᠳ ᠬᠤᠵᠢᠳ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ᠎ᠤᠨ ᠲᠤᠰᠢᠶᠠᠯ᠎ᠢ ᠡᠭᠦᠷᠭᠡᠯᠡᠬᠦ ᠵᠢᠨ ᠬᠠᠮᠲᠤ ᠲᠦᠷᠦᠭᠦᠴᠦᠳ᠎ᠤᠨ ᠬᠤᠷᠠᠯ᠎ᠢ ᠭᠤᠣᠯᠯᠠᠨ ᠡᠷᠭᠢᠯᠡᠭᠦ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨᠤᠬᠢᠨᠲᠠᠢ ᠬᠠᠷᠢᠯᠴᠠᠨ ᠳᠡᠮᠵᠢᠯᠴᠡᠵᠦ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠨᠡᠩ ᠶᠡᠭᠡ ᠬᠥᠭᠵᠢᠯᠲᠡ᠎ᠲᠠᠢ ᠪᠤᠯᠬᠤ ᠵᠢ ᠬᠠᠮᠲᠤ᠎ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃
ᠵᠠᠫᠠᠯᠤᠹ᠂ ᠲᠡᠷᠢᠭᠦᠯᠡᠭᠴᠢ ᠰᠢ ᠵᠢᠨ ᠫᠢᠩ᠎ᠤᠨ ᠭᠠᠷᠮᠠᠭ᠋ᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠵᠠᠮ ᠵᠶ᠋ᠠᠷ ᠡᠷᠡᠯᠬᠡᠭᠯᠡᠨ ᠤᠷᠤᠭᠰᠢᠯᠠᠵᠤ᠂ ᠠᠭᠤᠤ ᠶᠡᠭᠡ ᠬᠥᠭᠵᠢᠯᠲᠡ ᠵᠢᠨ ᠠᠮᠵᠢᠯᠲᠠ ᠪᠦᠲᠦᠮᠵᠢ ᠣᠯᠵᠤ᠂ ᠳᠡᠯᠡᠬᠡᠢ ᠵᠢᠨ ᠲᠠᠪᠴᠠᠩ᠎ᠳᠤ ᠵᠠᠩᠭᠢᠯᠠᠭ᠎ᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ ᠦᠵᠡᠭᠦᠯᠵᠦ ᠪᠠᠶ᠋ᠢᠨ᠎ᠠ᠃ ᠺᠢᠷᠭᠢᠽᠰᠲ᠋ᠠᠨ᠎ᠤ᠎ᠬᠢᠨ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ᠎ᠪᠠᠨ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠶᠠᠷ ᠲᠠᠯ᠎ᠠ ᠵᠢᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ᠂ ᠡᠶᠡᠯᠰᠡᠭ ᠨᠥᠭᠦᠷᠰᠡᠭ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠨᠠᠨᠳᠢᠩᠨᠠᠵᠤ᠂ ᠳᠤᠮᠳᠠᠳᠤ ᠤᠯᠤᠰ᠎ᠤᠨ ᠭᠤᠣᠯᠯᠠᠭᠴᠢ ᠠᠰᠢᠭ ᠲᠤᠰᠠ᠎ᠳᠤ ᠬᠤᠯᠪᠣᠭᠳᠠᠬᠤ ᠠᠰᠠᠭᠤᠳᠠᠯ ᠳᠡᠭᠡᠷ᠎ᠡ ᠳᠤᠮᠳᠠᠳᠤ ᠤᠯᠤᠰ᠎ᠤᠨ ᠵᠣᠭᠰᠣᠯᠲᠠ ᠵᠢ ᠡᠷᠡᠰ ᠲᠡᠮᠵᠢᠵᠤ᠂ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠬᠡᠷᠡᠭᠵᠢᠭᠦᠯᠵᠦ᠂ ᠠᠯᠢᠪᠠ ᠭᠡᠯᠪᠡᠷᠢ ᠵᠢᠨ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠡᠰᠡᠷᠭᠦᠴᠡᠵᠦ᠂ ᠶᠠᠮᠠᠷᠪᠠ ᠬᠦᠴᠦᠨ᠎ᠤ ᠳᠤᠮᠳᠠᠳᠤ ᠤᠯᠤᠰ᠎ᠤᠨ ᠳᠣᠲᠣᠭ᠋ᠠᠳᠤ ᠶᠠᠪᠤᠳᠠᠯ᠎ᠳᠤ ᠭᠠᠷ ᠲᠦᠷᠦᠭᠦ ᠵᠢ ᠡᠰᠡᠷᠭᠦᠴᠡᠨ᠎ᠡ᠃ ᠳᠤᠮᠳᠠᠳᠤ ᠤᠯᠤᠰ ᠪᠣᠯ ᠺᠢᠷᠭᠢᠽᠰᠲ᠋ᠠᠨ᠎ᠤ ᠬᠠᠮᠤᠭ᠎ᠤᠨ ᠶᠡᠭᠡ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠬᠠᠨᠢᠲᠠᠨ ᠮᠥᠨ᠂ ᠺᠢᠷᠭᠢᠽᠰᠲ᠋ᠠᠨ᠎ᠤ᠎ᠬᠢᠨ ᠳᠤᠮᠳᠠᠳᠤ ᠤᠯᠤᠰ᠎ᠤᠨ ᠨᠡᠩ ᠤᠯᠠᠨ ᠠᠵᠤ ᠠᠬᠤᠶ᠋ᠢᠯᠠᠯ᠎ᠤᠨ ᠺᠢᠷᠭᠢᠽᠰᠲ᠋ᠠᠨ᠎ᠳᠤ ᠬᠦᠷᠴᠦ ᠦᠢ᠍ᠯᠡᠰ ᠵᠶ᠋ᠠᠨ ᠮᠠᠨᠳᠤᠭᠤᠯᠬᠤ ᠵᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤ᠎ᠪᠠᠷ ᠳᠤᠮᠳᠠᠳᠤ ᠺᠢᠷᠭᠢᠽᠰᠲ᠋ᠠᠨ ᠦᠽᠪᠤᠺᠰᠲ᠋ᠠᠨᠤ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠦᠷᠦᠯ ᠵᠦᠢ᠍ᠯ᠎ᠢ ᠰᠠᠶ᠋ᠢᠲᠤᠷ ᠬᠡᠷᠡᠭᠵᠢᠭᠦᠯᠵᠦ᠂ ᠡᠨᠧᠷᠭᠢ᠂ ᠪᠣᠬᠢᠷᠳᠤᠯ ᠦᠭᠡᠢ ᠠᠭᠤᠷᠬᠠᠢ ᠵᠢᠨ ᠭᠠᠷᠤᠯᠲᠠ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠲᠤᠷ ᠪᠤᠶᠠᠨ ᠦᠢ᠍ᠯᠡᠳᠦᠨ᠎ᠡ᠃ ᠺᠢᠷᠭᠢᠽᠰᠲ᠋ᠠᠨ᠎ᠤ᠎ᠬᠢᠨ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠪᠦᠭᠦ ᠪᠥᠮᠪᠥᠷᠴᠡᠭ᠎ᠤᠨ ᠭᠤᠷᠪᠠᠨ ᠶᠡᠭᠡ ᠰᠠᠨᠠᠭ᠋ᠠᠴᠢᠯᠠᠭ᠎ᠠ ᠵᠢ ᠢᠳᠡᠪᠬᠢᠲᠡᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠦᠢ᠍ᠯᠡᠳᠦᠯᠭᠡᠵᠢᠭᠦᠯᠵᠦ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ ᠵᠢᠨ ᠲᠣᠭᠲᠠᠴᠠ ᠳᠤᠮᠳᠠ ᠨᠢᠭᠲᠠ ᠵᠣᠬᠢᠴᠠᠭᠤᠯᠭ᠎ᠠ ᠪᠠ ᠬᠠᠮᠲᠤᠷᠠᠯᠴᠠᠭ᠎ᠠ ᠬᠢᠵᠦ᠂ ᠭᠠᠵᠠᠷ ᠣᠷᠣᠨ ᠪᠠ ᠳᠡᠯᠡᠬᠡᠢ ᠵᠢᠨ ᠠᠮᠤᠷ ᠲᠦᠪᠰᠢᠨ ᠲᠣᠭᠲᠠᠭᠤᠨ ᠪᠠ ᠬᠥᠭᠵᠢᠯ ᠴᠡᠴᠡᠭᠯᠡᠯ᠎ᠢ ᠠᠬᠢᠭᠤᠯᠤᠨ᠎ᠠ ᠭᠡᠵᠦ ᠢᠯᠡᠳᠬᠡᠪᠡ᠃
ᠠᠭᠤᠯᠵᠠᠯᠲᠠ ᠵᠢᠨ ᠳᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ ᠵᠢᠨ ᠬᠥᠳᠡᠭᠡ ᠠᠵᠤ ᠠᠬᠤᠢ᠂ ᠪᠣᠭᠤᠮᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠵᠠᠭᠤᠴᠢᠯᠠᠭᠤᠷ ᠵᠡᠷᠭᠡ ᠬᠦᠷᠢᠶᠡᠨ᠎ᠤ ᠤᠯᠠᠨ ᠬᠤᠪᠢ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ᠃
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃