《ᠡᠨᠡ ᠬᠦ᠌ ᠶᠠᠳᠠᠭᠤ ᠡᠷᠦᠬᠡ ᠵᠢ ᠳᠠᠷᠠᠭ᠋ᠠᠴᠢ ᠵᠢᠨ ᠠᠯᠬᠤᠮ ᠵᠶ᠋ᠠᠷ ᠶᠠᠮᠠᠷ ᠠᠷᠭ᠎ᠠ ᠬᠡᠮᠵᠢᠶ᠎ᠡ ᠠᠪᠬᠤ ᠭᠡᠵᠦ ᠪᠠᠶ᠋ᠢᠬᠤ ᠪᠤᠢ? ᠡᠶ᠋ᠢᠮᠦᠷᠬᠦᠦ ᠪᠠᠶ᠋ᠢᠳᠠᠯ ᠲᠣᠰ ᠰᠢᠶᠠᠨ᠎ᠳᠤ ᠪᠠᠰᠠ ᠬᠡᠳᠦᠢ ᠪᠠᠶ᠋ᠢᠬᠤ ᠪᠤᠢ?》 ᠭᠡᠵᠦ ᠠᠰᠠᠭᠤᠪᠠ᠃
《ᠲᠡᠳᠡᠨ᠎ᠤ᠎ᠬᠢᠨ ᠭᠤᠣᠯᠳᠠᠭᠤ 〈ᠭᠤᠷᠪᠠ ᠵᠢ ᠪᠠᠲᠤᠯᠠᠬᠤ〉 ᠠᠰᠠᠭᠤᠳᠠᠯ ᠨᠡᠯᠢᠶᠡᠳ ᠲᠣᠪᠣᠶ᠋ᠢᠮ᠎ᠠ ᠪᠠᠶ᠋ᠢᠵᠤ᠂ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ ᠪᠠᠷᠤᠭᠲᠠᠢ ᠪᠣᠯᠬᠤᠷ ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ ᠠᠷᠭ᠎ᠠ ᠬᠡᠷᠡᠭᠯᠡᠬᠦ᠎ᠪᠠᠷ ᠪᠠᠶ᠋ᠢᠨ᠎ᠠ᠃ ᠡᠨᠡ ᠬᠦ᠌ ᠪᠠᠶ᠋ᠢᠳᠠᠯ ᠪᠦᠬᠦ ᠰᠢᠶᠠᠨ᠎ᠳᠤ ᠪᠠᠰᠠ 115 ᠪᠠᠶ᠋ᠢᠭ᠋ᠠᠯᠢ ᠵᠢᠨ ᠠᠶ᠋ᠢᠯ ᠲᠣᠰᠬᠤᠨ᠂ 3537 ᠬᠥᠮᠥᠨ ᠪᠠᠶ᠋ᠢᠨ᠎ᠠ》᠃
2017 ᠣᠨ᠎ᠤ 6 ᠳ᠋ᠤᠭ᠋ᠠᠷ ᠰᠠᠷ᠎ᠠ ᠵᠢᠨ 21᠎ᠤ ᠡᠳᠦᠷ᠂ ᠵᠤᠨ᠎ᠤ ᠲᠤᠶ᠋ᠢᠯ᠃ ᠲᠤᠰ ᠡᠳᠦᠷ᠎ᠤᠨ ᠦᠳᠡ ᠵᠢᠨ ᠬᠤᠶ᠋ᠢᠨ᠎ᠠ᠂ ᠱᠠᠨ ᠰᠢ ᠵᠢᠨ ᠺᠧ ᠯᠠᠨ ᠰᠢᠶᠠᠨ᠎ᠤ ᠵᠤᠤ ᠵᠢᠶᠠ ᠸᠠ ᠲᠣᠰᠬᠤᠨ᠎ᠤ ᠠᠷᠠᠳ ᠯᠢᠦ ᠹᠦ᠋ ᠶᠢᠦ ᠵᠢᠨ ᠭᠡᠷ᠎ᠲᠤ ᠨᠢᠭᠡ ᠤᠳᠠᠭ᠎ᠠ ᠵᠢᠨ ᠶᠠᠷᠢᠯᠴᠠᠭ᠎ᠠ ᠶᠠᠪᠤᠭᠳᠠᠪᠠ᠃ ᠲᠤᠬᠠᠢ ᠵᠢᠨ ᠭᠠᠵᠠᠷ᠎ᠤᠨ ᠺᠠᠳ᠋ᠷᠴᠤᠳ᠎ᠠᠴᠠ ᠠᠰᠠᠭᠤᠵᠤ ᠪᠠᠶ᠋ᠢᠭᠰᠠᠨ ᠬᠥᠮᠥᠨ ᠪᠣᠯ ᠶᠠᠭ ᠶᠡᠷᠦᠩᠬᠡᠢ ᠱᠦᠵᠢ ᠰᠢ ᠵᠢᠨ ᠫᠢᠩ ᠪᠣᠯᠣᠨ᠎ᠠ᠃
ᠡᠨᠡ ᠤᠳᠠᠭ᠎ᠠ ᠵᠢᠨ ᠯᠢᠦᠢ ᠯᠢᠶᠠᠩ᠎ᠳᠠᠬᠢ ᠠᠶ᠋ᠢᠯᠴᠢᠯᠠᠯᠲᠠ᠎ᠪᠠᠨ ᠶᠡᠷᠦᠩᠬᠡᠢ ᠱᠦᠵᠢ ᠪᠣᠯᠵᠤᠭ᠎ᠠ ᠶᠣᠰᠣᠭ᠋ᠠᠷ ᠬᠢᠭᠰᠡᠨ ᠪᠠᠶ᠋ᠢᠯ᠎ᠠ᠃
ᠭᠤᠷᠪᠠᠨ ᠰᠠᠷ᠎ᠠ ᠭᠠᠷᠤᠢ ᠵᠢᠨ ᠡᠮᠦᠨ᠎ᠡ᠂ ᠲᠡᠷᠡ 2017 ᠣᠨ᠎ᠤ ᠪᠦᠬᠦ ᠤᠯᠤᠰ᠎ᠤᠨ ᠬᠤᠶᠠᠷ ᠬᠤᠷᠠᠯ᠎ᠳᠤ ᠣᠷᠣᠯᠴᠠᠬᠤ᠎ᠳᠤ᠎ᠪᠠᠨ᠄ 《ᠪᠦᠬᠦ ᠤᠯᠤᠰ᠎ᠤᠨ ᠲᠥᠪᠯᠡᠷᠡᠨ ᠵᠠᠯᠭ᠋ᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ᠂ ᠪᠢ ᠣᠯᠠᠩᠬᠢ᠎ᠳᠤᠨᠢ ᠪᠦᠷ ᠣᠴᠢᠵᠤ ᠥᠩᠭᠡᠷᠡᠵᠡᠢ᠂ ᠣᠴᠢᠵᠤ ᠥᠩᠭᠡᠷᠡᠭᠰᠡᠨ ᠦᠭᠡᠢ ᠯᠢᠦᠢ ᠯᠢᠶᠠᠩ ᠪᠠ ᠯᠢᠶᠠᠩᠱ᠌ᠠᠨ ᠠᠭᠤᠯᠠᠨ᠎ᠳᠤ ᠠᠯᠢ ᠲᠦᠷᠭᠡᠨ ᠵᠶ᠋ᠠᠷ ᠣᠴᠢᠨ᠎ᠠ》 ᠭᠡᠵᠦ ᠬᠡᠯᠡᠪᠡ᠃

2017 ᠣᠨ᠎ᠤ 6 ᠳ᠋ᠤᠭ᠋ᠠᠷ ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨ ᠰᠢ ᠵᠢᠨ ᠺᠧ ᠯᠠᠨ ᠰᠢᠶᠠᠨ᠎ᠤ ᠵᠤᠤ ᠵᠢᠶᠠ ᠸᠠ ᠲᠣᠰᠬᠤᠨ᠎ᠳᠤ ᠬᠦᠷᠴᠦ ᠶᠠᠳᠠᠭᠤ ᠬᠦᠴᠢᠷᠳᠡᠯᠲᠡᠢ ᠲᠣᠰᠬᠤᠨ᠎ᠤ ᠠᠷᠠᠳ ᠼᠤᠤ ᠯᠢᠦ ᠷᠧᠨᠢ ᠪᠣᠯᠭᠤᠭ᠋ᠠᠨ ᠦᠵᠡᠪᠡ᠃
ᠵᠤᠤ ᠵᠢᠶᠠ ᠸᠠ ᠲᠣᠰᠬᠤᠨ ᠯᠢᠦᠢ ᠯᠢᠶᠠᠩ ᠠᠭᠤᠯᠠᠨ᠎ᠤ ᠭᠦᠨᠳᠤ ᠪᠠᠶ᠋ᠢᠷᠢᠯᠠᠵᠤ᠂ ᠬᠥᠷᠥᠰᠥ ᠰᠢᠷᠣᠢ ᠲᠠᠴᠢᠷ ᠨᠢᠮᠭᠡᠨ᠂ ᠠᠮᠢᠳᠤᠷᠠᠬᠤ ᠣᠷᠴᠢᠨ ᠨᠥᠬᠦᠴᠡᠯ ᠮᠠᠰᠢ ᠮᠠᠭᠤ ᠪᠠᠶ᠋ᠢᠪᠠ᠃
ᠡᠶ᠋ᠢᠮᠦᠷᠬᠦᠦ 《ᠨᠢᠭᠡ ᠭᠠᠵᠠᠷ᠎ᠤᠨ ᠤᠰᠤ ᠬᠥᠷᠥᠰᠥ᠎ᠨᠢ ᠨᠢᠭᠡ ᠭᠠᠵᠠᠷ᠎ᠤᠨ ᠬᠥᠮᠥᠨ ᠵᠶ᠋ᠠᠨ ᠰᠠᠶ᠋ᠢᠲᠤᠷ ᠲᠡᠵᠢᠭᠡᠵᠦ ᠳᠡᠶ᠋ᠢᠯᠬᠦ ᠦᠭᠡᠢ》 ᠪᠠᠶ᠋ᠢᠳᠠᠭ ᠭᠠᠵᠠᠷ ᠣᠷᠣᠨ᠎ᠠᠴᠠ ᠪᠦᠬᠦ ᠲᠣᠰᠬᠤᠨ ᠵᠶ᠋ᠠᠷ᠎ᠨᠢ ᠨᠡᠭᠦᠯᠭᠡᠬᠦ᠎ᠳᠤ᠂ ᠬᠠᠮᠢᠭ᠋ᠠᠰᠢ᠎ᠪᠠᠨ ᠨᠡᠭᠦᠯᠭᠡᠬᠦ᠂ ᠵᠣᠭᠤᠰ᠎ᠢ ᠬᠠᠮᠢᠭ᠎ᠠ᠎ᠠᠴᠠ ᠴᠤᠭᠯᠠᠭᠤᠯᠬᠤ᠂ ᠰᠢᠯᠵᠢᠭᠦᠯᠬᠦ ᠭᠠᠵᠠᠷ᠎ᠢ᠎ᠨᠢ ᠬᠠᠮᠢᠭ᠎ᠠ ᠲᠣᠬᠢᠷᠠᠭᠤᠯᠬᠤ᠂ ᠭᠡᠷ ᠪᠠᠶ᠋ᠢᠰᠢᠩ᠎ᠢ ᠬᠡᠷᠬᠢᠨ ᠪᠠᠷᠢᠬᠤ᠂ ᠣᠷᠣᠯᠭ᠎ᠠ ᠵᠢ᠎ᠨᠢ ᠬᠡᠷᠬᠢᠨ ᠨᠡᠮᠡᠭᠳᠡᠭᠦᠯᠬᠦ᠂ ᠠᠮᠢ ᠠᠬᠤᠢ ᠵᠢ ᠬᠡᠷᠬᠢᠨ ᠬᠠᠮᠠᠭ᠋ᠠᠯᠠᠬᠤ᠂ ᠰᠢᠨ᠎ᠡ ᠲᠣᠰᠬᠤᠨ᠎ᠢ ᠬᠡᠷᠬᠢᠨ ᠬᠠᠮᠢᠶᠠᠷᠬᠤ ᠵᠡᠷᠭᠡ ᠠᠯᠢ ᠤᠯᠠᠨ ᠪᠣᠳᠠᠲᠠᠢ ᠠᠰᠠᠭᠤᠳᠠᠯ᠎ᠨᠢ ᠴᠥᠮ ᠶᠡᠷᠦᠩᠬᠡᠢ ᠱᠦᠵᠢ ᠵᠢᠨ ᠠᠩᠬᠠᠷᠤᠯ ᠲᠠᠯᠪᠢᠵᠤ ᠪᠠᠶ᠋ᠢᠭ᠎ᠠ ᠶᠠᠪᠤᠳᠠᠯ ᠪᠣᠯᠣᠨ᠎ᠠ᠃
ᠲᠤᠬᠠᠢ ᠵᠢᠨ ᠡᠳᠦᠷ᠎ᠤᠨ ᠣᠷᠣᠢ᠂ ᠶᠡᠷᠦᠩᠬᠡᠢ ᠱᠦᠵᠢ ᠪᠣᠷᠣᠭ᠋ᠠᠨ᠎ᠤ ᠳᠤᠮᠳᠠ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ᠎ᠪᠠᠷ ᠨᠢᠭᠡᠨᠲᠡ ᠪᠠᠷᠢᠭᠰᠠᠨ ᠲᠥᠪᠯᠡᠷᠡᠭᠦᠯᠦᠨ ᠲᠥᠪᠬᠢᠨᠡᠭᠦᠯᠬᠦ ᠭᠠᠵᠠᠷ — ᠱᠠᠨ ᠰᠢ ᠵᠢᠨ ᠺᠧ ᠯᠠᠨ ᠰᠢᠶᠠᠨ᠎ᠤ ᠰᠦᠩ ᠵᠢᠶᠠ ᠭᠧᠦ ᠰᠢᠨ᠎ᠡ ᠲᠣᠰᠬᠤᠨ᠎ᠳᠤ ᠬᠦᠷᠴᠦ ᠢᠷᠡᠪᠡ᠃
ᠬᠠᠷᠠᠭ᠎ᠠ ᠲᠣᠰᠣᠭᠰᠠᠨ ᠭᠠᠵᠠᠷ᠂ ᠠᠯᠢ ᠣᠯᠠᠨ ᠬᠥᠬᠡᠷᠡᠭᠰᠡᠨ ᠪᠠᠷᠢᠯᠭᠠᠨᠤᠭᠤᠳ ᠵᠢᠭᠳᠡᠷᠡᠨ ᠲᠠᠷᠬᠠᠵᠤ᠂ ᠪᠦᠬᠦ᠋ᠢ᠍ᠯᠡ ᠲᠣᠰᠬᠤᠨ ᠵᠶ᠋ᠠᠷ ᠵᠶ᠋ᠠᠨ ᠣᠨ ᠵᠢᠯ ᠤᠳᠠᠭᠰᠠᠨ ᠪᠣᠷᠣᠭᠵᠢᠭᠤᠨ ᠪᠠᠶ᠋ᠢᠳᠠᠯ᠎ᠲᠠᠢ ᠪᠥᠭᠡᠳ ᠨᠠᠮ ᠵᠢᠮ ᠪᠠᠶ᠋ᠢᠪᠠ᠃ ᠠᠳᠡ ᠰᠤᠷᠭ᠋ᠠᠭᠤᠯᠢ᠂ ᠡᠷᠡᠭᠦᠯ ᠬᠠᠮᠠᠭ᠋ᠠᠯᠠᠯ᠎ᠤᠨ ᠬᠤᠷᠢᠶ᠎ᠠ᠂ ᠰᠣᠶᠣᠯ᠎ᠤᠨ ᠲᠠᠯᠠᠪᠠᠶ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠪᠦᠷᠢᠨ ᠲᠥᠬᠦᠷ ᠪᠠᠶ᠋ᠢᠨ᠎ᠠ; ᠴᠠᠷᠳᠠᠮᠠᠯ ᠵᠠᠮ᠂ ᠲᠦᠭᠡᠭᠡᠯ ᠤᠰᠤ᠂ ᠥᠷᠭᠡᠨ ᠪᠦᠰᠡᠲᠦ ᠰᠦᠯᠵᠢᠶ᠎ᠡ ᠵᠡᠷᠭᠡ ᠰᠠᠭᠤᠷᠢ ᠪᠡᠯᠡᠳᠬᠡᠮᠵᠢ ᠨᠡᠯᠢᠶᠡᠳ ᠪᠦᠷᠢᠨ ᠭᠦᠢ᠍ᠴᠡᠳ ᠪᠠᠶ᠋ᠢᠨ᠎ᠠ᠃
ᠰᠦᠩ ᠵᠢᠶᠠ ᠭᠧᠦ ᠰᠢᠨ᠎ᠡ ᠲᠣᠰᠬᠤᠨ᠎ᠤ ᠰᠠᠶ᠋ᠢᠬᠠᠨ ᠦᠵᠡᠮᠵᠢ᠎ᠨᠢ ᠵᠤᠤ ᠵᠢᠶᠠ ᠸᠠ ᠲᠣᠰᠬᠤᠨ᠎ᠤ ᠬᠠᠭᠤᠴᠢᠨ ᠲᠥᠷᠬᠦ᠎ᠲᠠᠢ ᠢᠯᠡ ᠲᠣᠳᠣ ᠬᠠᠷᠢᠴᠠᠭᠤᠯᠤᠯ ᠪᠣᠯᠤᠭᠰᠠᠨ ᠪᠠᠶ᠋ᠢᠨ᠎ᠠ᠃
ᠰᠢᠨ᠎ᠡ ᠰᠠᠭᠤᠴᠠ᠎ᠳᠤ ᠨᠡᠭᠦᠵᠦ ᠣᠷᠣᠭᠰᠠᠨ ᠶᠠᠳᠠᠭᠤ ᠬᠦᠴᠢᠷᠳᠡᠯᠲᠡᠢ ᠡᠷᠦᠬᠡ ᠵᠠᠩ ᠬᠦᠢ ᠮᠢᠩ᠎ᠤᠨ ᠭᠡᠷ᠎ᠲᠤ᠂ ᠶᠡᠷᠦᠩᠬᠡᠢ ᠱᠦᠵᠢ ᠥᠷᠥᠭᠡ ᠳᠠᠷᠠᠭ᠋ᠠᠯᠠᠨ ᠪᠠᠶ᠋ᠢᠴᠠᠭ᠋ᠠᠨ ᠦᠵᠡᠬᠦ᠎ᠳᠤ᠎ᠪᠠᠨ᠄ 《ᠡᠨᠡ ᠪᠣᠯ ᠤᠨᠲᠠᠬᠤ ᠦᠷᠦᠭᠡ᠂ ᠳᠣᠲᠣᠷ᠎ᠠ᠎ᠨᠢ ᠪᠠᠰᠠ ᠵᠣᠷᠯᠣᠩ᠎ᠲᠠᠢ᠂ ᠤᠰᠤ ᠰᠦᠷᠴᠢᠬᠦ ᠵᠣᠷᠯᠣᠩ᠎ᠤᠨ ᠰᠠᠭᠤᠯᠲᠠᠭᠤᠷ ᠬᠡᠷᠡᠭᠯᠡᠭᠰᠡᠨ ᠪᠠᠶ᠋ᠢᠨ᠎ᠠ》 ᠭᠡᠪᠡ᠃ ᠲᠡᠷᠡ ᠲᠤᠬᠠᠢ ᠵᠢᠨ ᠭᠠᠵᠠᠷ᠎ᠤᠨ ᠺᠠᠳ᠋ᠷᠴᠤᠳ᠎ᠲᠤ᠂ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠬᠤ ᠪᠣᠯ ᠨᠢᠭᠡᠳᠦᠭᠡᠷ ᠠᠯᠬᠤᠮ ᠮᠥᠨ᠂ ᠪᠠᠰᠠ ᠣᠯᠠᠨ ᠵᠦᠢ᠍ᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠢ ᠨᠡᠭᠦᠯᠭᠡᠵᠦ ᠳᠡᠶ᠋ᠢᠯᠬᠦ᠂ ᠲᠣᠭᠲᠠᠭᠤᠨ ᠪᠠᠶ᠋ᠢᠯᠭ᠋ᠠᠵᠤ ᠳᠡᠶ᠋ᠢᠯᠬᠦ᠂ ᠠᠯᠬᠤᠮ ᠠᠯᠬᠤᠮ ᠵᠶ᠋ᠠᠷ ᠪᠠᠶᠠᠵᠢᠭᠤᠯᠵᠤ ᠳᠡᠶ᠋ᠢᠯᠬᠦ ᠪᠣᠯᠭ᠋ᠠᠵᠤ᠂ ᠦᠨᠡᠨ ᠬᠦ᠌ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃
ᠶᠡᠷᠦᠩᠬᠡᠢ ᠱᠦᠵᠢ ᠰᠢ ᠵᠢᠨ ᠫᠢᠩ ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ ᠵᠢ ᠠᠩᠬᠠᠷᠤᠭᠰᠠᠭ᠋ᠠᠷ ᠢᠷᠡᠵᠡᠶ᠃
ᠲᠡᠭᠦᠨ᠎ᠤ ᠹᠦᠵᠢᠶᠠᠨ᠎ᠳᠤ ᠠᠷᠠᠳ᠎ᠢ ᠨᠡᠭᠦᠯᠭᠡᠬᠦ ᠢᠨᠵᠧᠨᠧᠷᠢᠩ᠎ᠢ ᠬᠠᠶ᠋ᠢᠨ ᠰᠦᠪᠡᠭᠴᠢᠯᠡᠬᠦ ᠦᠶ᠎ᠡ᠎ᠳᠤ ᠶᠠᠷᠢᠭᠰᠠᠨ ᠨᠢᠭᠡ ᠪᠠᠳᠠᠭ ᠦᠭᠡ᠎ᠨᠢ ᠤᠳᠤ ᠪᠣᠯᠲᠠᠯ᠎ᠠ ᠬᠥᠮᠥᠰ᠎ᠲᠤ ᠭᠦᠨ ᠰᠡᠳᠬᠢᠭᠳᠡᠯ ᠲᠥᠷᠥᠭᠦᠯᠵᠦ ᠪᠠᠶ᠋ᠢᠨ᠎ᠠ᠄ 《ᠡᠷᠲᠡᠨ᠎ᠤ ᠬᠥᠮᠥᠰ᠎ᠤᠨ ᠬᠡᠯᠡᠭᠰᠡᠨᠴᠢᠯᠡᠨ 〈ᠠᠷᠠᠳ᠎ᠢ ᠬᠠᠶ᠋ᠢᠷᠠᠯᠠᠬᠤ᠎ᠠᠴᠠ ᠢᠯᠡᠭᠦᠦ ᠬᠤᠯᠠ ᠵᠢᠨ ᠪᠣᠳᠣᠯ ᠭᠡᠵᠦ ᠦᠯᠦ ᠪᠠᠶ᠋ᠢᠨᠠᠮ᠂ ᠠᠷᠠᠳ᠎ᠢ ᠪᠠᠶᠠᠰᠬᠠᠬᠤ᠎ᠠᠴᠠ ᠢᠯᠡᠭᠦᠦ ᠤᠴᠢᠷ ᠶᠠᠪᠤᠳᠠᠯ ᠭᠡᠵᠦ ᠦᠯᠦ ᠪᠠᠶ᠋ᠢᠨᠠᠮ〉᠂ ᠤᠯᠠᠨ ᠲᠦᠮᠡᠨ᠎ᠤ ᠠᠮᠢᠳᠤᠷᠠᠯ ᠡᠶ᠋ᠢᠮᠦ ᠬᠦᠴᠢᠷ ᠪᠡᠷᠬᠡᠰᠢᠶᠡᠯ᠎ᠲᠠᠢ ᠪᠠᠶ᠋ᠢᠬᠤ ᠵᠢ ᠣᠯᠵᠤ ᠬᠠᠷᠠᠭᠰᠠᠨ ᠮᠠᠨ᠎ᠤ ᠡᠪ ᠬᠠᠮᠲᠤᠴᠤᠳ ᠨᠡᠩ ᠴᠤ᠌ ᠤᠨᠲᠠᠬᠤ᠎ᠳᠤ ᠨᠣᠶ᠋ᠢᠷ ᠦᠭᠡᠢ᠂ ᠬᠤᠭᠤᠯᠠᠯᠠᠬᠤ᠎ᠳᠤ ᠳᠤᠷᠠᠰᠢᠯ ᠦᠭᠡᠢ ᠰᠠᠨᠠᠭᠳᠠᠬᠤ ᠶᠣᠰᠣᠲᠠᠢ!》
ᠱᠠᠨ ᠰᠢ ᠵᠢᠨ ᠯᠢᠦᠢ ᠯᠢᠶᠠᠩ᠎ᠳᠠᠬᠢ ᠠᠶᠠᠯᠠᠯ ᠵᠶ᠋ᠠᠨ ᠳᠠᠭᠤᠰᠬᠠᠭ᠋ᠠᠳ ᠳᠡᠮᠡᠢ ᠤᠳᠠᠭᠰᠠᠨ ᠦᠭᠡᠢ᠂ ᠶᠡᠷᠦᠩᠬᠡᠢ ᠱᠦᠵᠢ ᠪᠠᠰᠠ ᠪᠣᠯᠵᠤᠭ᠎ᠠ᠎ᠪᠠᠨ ᠭᠦᠢ᠍ᠴᠡᠳᠬᠡᠬᠦ᠎ᠪᠠᠷ ᠳ᠋ᠡ ᠯᠢᠶᠠᠩ ᠱᠠᠨ ᠠᠭᠤᠯᠠᠨ᠎ᠤ ᠥᠷᠥᠴᠡᠨ᠎ᠳᠤ ᠬᠦᠷᠴᠡᠢ᠃
ᠰᠧᠴᠤᠸᠠᠨ᠎ᠤ ᠵᠤᠤ ᠵᠢᠤᠸᠠᠢ ᠰᠢᠶᠠᠨ᠎ᠤ ᠰᠠᠨ ᠾᠧ ᠲᠣᠰᠬᠤᠨ᠎ᠳᠤ᠂ ᠲᠡᠷᠡ ᠲᠤᠬᠠᠢ ᠵᠢᠨ ᠭᠠᠵᠠᠷ᠎ᠤᠨ ᠺᠠᠳ᠋ᠷᠴᠤᠳ᠎ᠠᠴᠠ᠄ 《〈ᠬᠠᠳᠠᠨ ᠡᠷᠭᠢ᠎ᠳᠠᠬᠢ ᠲᠣᠰᠬᠤᠨ〉᠎ᠨᠢ ᠲᠠᠨ᠎ᠤ ᠰᠢᠶᠠᠨ᠎ᠤ᠎ᠬᠢ ᠮᠥᠨ ᠦᠦ? ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ ᠵᠢ ᠬᠡᠷᠬᠢᠨ ᠬᠢᠬᠦ᠎ᠪᠠᠷ ᠪᠡᠯᠡᠳᠬᠡᠵᠦ ᠪᠠᠶ᠋ᠢᠬᠤ ᠪᠤᠢ?》 ᠲᠤᠬᠠᠢ ᠵᠢᠨ ᠭᠠᠵᠠᠷ᠎ᠤᠨ᠎ᠬᠢᠨ 《ᠬᠠᠳᠠᠨ ᠡᠷᠭᠢ᠎ᠳᠠᠬᠢ ᠲᠣᠰᠬᠤᠨ》᠎ᠢ ᠪᠠᠭᠲᠠᠭ᠋ᠠᠭᠰᠠᠨ ᠲᠣᠰᠬᠤᠨ᠎ᠢ ᠨᠡᠭᠦᠯᠭᠡᠬᠦ᠎ᠪᠠᠨ ᠵᠥᠪᠯᠡᠬᠦ ᠵᠦᠢ᠍ᠯ᠎ᠳᠤ᠎ᠪᠠᠨ ᠣᠷᠣᠭᠤᠯᠤᠭᠰᠠᠨ᠎ᠢ ᠰᠣᠨᠣᠰᠤᠭ᠋ᠠᠳ ᠶᠡᠷᠦᠩᠬᠡᠢ ᠱᠦᠵᠢ ᠮᠠᠰᠢ ᠪᠠᠶᠠᠷᠯᠠᠭ᠋ᠠᠳ᠂ ᠪᠡᠶ᠎ᠡ ᠵᠢᠨ ᠳᠡᠷᠭᠡᠳᠡᠬᠢ ᠠᠵᠢᠯᠲᠠᠳ᠎ᠲᠤ᠎ᠪᠠᠨ ᠲᠥᠯᠦᠪᠵᠢᠭᠦᠯᠭᠡ ᠵᠢᠨ ᠵᠢᠷᠤᠭ᠎ᠢ ᠠᠪᠤᠭ᠋ᠠᠳ ᠶᠠᠪᠤᠭ᠋ᠠᠴᠢ᠂ 《ᠪᠢ ᠨᠢᠭᠡ ᠦᠵᠡᠵᠦ ᠦᠵᠡᠶ᠎ᠡ》 ᠭᠡᠵᠦ ᠵᠠᠬᠢᠪᠠ᠃
ᠶᠡᠷᠦᠩᠬᠡᠢ ᠱᠦᠵᠢ ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ᠎ᠳᠤ 《ᠤᠷᠢᠳ ᠵᠶ᠋ᠠᠷ ᠲᠥᠯᠥᠪᠵᠢᠭᠦᠯᠵᠦ᠂ ᠣᠯᠠᠨ ᠲᠦᠮᠡᠨ᠎ᠤ ᠬᠦᠰᠡᠯ ᠰᠠᠨᠠᠭ᠎ᠠ ᠵᠢ ᠬᠦᠨᠳᠦᠳᠬᠡᠬᠦ ᠬᠡᠷᠡᠭᠲᠡᠢ》 ᠭᠡᠵᠦ ᠱᠠᠭ᠋ᠠᠷᠳᠠᠪᠠ᠃ ᠨᠢᠭᠡ ᠤᠳᠠᠭ᠎ᠠ ᠵᠢᠨ ᠬᠤᠷᠠᠯ ᠳᠡᠭᠡᠷ᠎ᠡ᠂ ᠲᠡᠷᠡ ᠵᠠᠷᠢᠮ ᠭᠠᠵᠠᠷ᠎ᠤᠨ᠎ᠬᠢᠨ ᠪᠣᠳᠠᠲᠠᠢ ᠪᠠᠶ᠋ᠢᠳᠠᠯ᠎ᠢ ᠬᠠᠶ᠋ᠢᠬᠤᠷᠬᠤ ᠦᠭᠡᠢ᠂ ᠨᠡᠭᠦᠯᠭᠡᠬᠦ ᠵᠢᠨ ᠲᠥᠯᠥᠭᠡ ᠨᠡᠭᠦᠯᠭᠡᠵᠦ᠂ 《ᠬᠠᠮᠢᠭ᠎ᠠ ᠨᠡᠭᠦᠯᠭᠡᠬᠦ᠂ ᠨᠡᠭᠦᠯᠭᠡᠭᠰᠡᠨ᠎ᠤ ᠲᠠᠷᠠᠭ᠎ᠠ ᠶᠠᠭᠤ ᠬᠢᠬᠦ᠂ ᠨᠡᠭᠦᠯᠭᠡᠭᠰᠡᠨ᠎ᠤ ᠲᠠᠷᠠᠭ᠎ᠠ ᠣᠷᠣᠯᠭ᠎ᠠ᠎ᠨᠢ ᠬᠠᠮᠢᠭ᠎ᠠ᠎ᠠᠴᠠ ᠢᠷᠡᠬᠦ》 ᠵᠢ ᠨᠢᠭᠡᠳᠦᠯᠲᠡᠢ ᠲᠥᠯᠥᠪᠯᠡᠭᠰᠡᠨ ᠦᠭᠡᠢ᠂ ᠪᠦᠬᠦ ᠲᠠᠯ᠎ᠠ ᠵᠢᠨ ᠪᠣᠳᠣᠯᠬᠢᠯᠠᠯ ᠳᠤᠲᠠᠮᠠᠭ ᠪᠠᠶ᠋ᠢᠨ᠎ᠠ ᠭᠡᠵᠦ ᠲᠥᠪ ᠴᠢᠩᠭ᠎ᠠ᠎ᠪᠠᠷ ᠰᠢᠭᠦᠮᠵᠢᠯᠡᠪᠡ᠃
ᠨᠢᠭᠡᠨ ᠤᠳᠠᠭ᠎ᠠ᠂ ᠲᠡᠷᠡ ᠵᠦᠰᠡᠷ ᠪᠣᠷᠣᠭ᠋ᠠᠨ᠎ᠤ ᠳᠤᠮᠳᠠᠭᠤᠷ ᠰᠢᠪᠠᠷ ᠪᠠᠯᠴᠢᠭᠢ ᠭᠢᠰᠬᠢᠨ ᠨᠡᠭᠦᠳᠡᠯ ᠠᠷᠠᠳ᠎ᠤᠨ ᠰᠢᠨ᠎ᠡ ᠲᠣᠰᠬᠤᠨ᠎ᠤ ᠪᠠᠷᠢᠯᠭ᠎ᠠ ᠵᠢᠨ ᠭᠠᠵᠠᠷ᠎ᠲᠤ ᠬᠥᠷᠪᠡ᠃ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠵᠢᠨ ᠭᠠᠵᠠᠷ᠎ᠤᠨ ᠺᠠᠳ᠋ᠷ ᠡᠷᠭᠢᠴᠡᠭᠦᠯᠬᠦ᠎ᠳᠤ᠎ᠪᠠᠨ᠄ 《ᠶᠡᠷᠦᠩᠬᠡᠢ ᠱᠦᠵᠢ ᠨᠡᠭᠦᠯᠭᠡᠨ ᠰᠢᠯᠵᠢᠭᠦᠯᠦᠭᠰᠡᠨ ᠣᠷᠣᠨ ᠰᠠᠭᠤᠴᠠ ᠵᠢᠨ ᠶᠠᠰᠤ ᠴᠢᠨᠠᠷ᠂ ᠰᠢᠨ᠎ᠡ ᠲᠣᠰᠬᠤᠨ᠎ᠤ ᠰᠠᠭᠤᠷᠢ ᠪᠡᠯᠡᠳᠬᠡᠮᠵᠢ ᠵᠢᠴᠢ ᠨᠡᠭᠦᠯᠭᠡᠭᠰᠡᠨ᠎ᠤ ᠳᠠᠷᠠᠭ᠋ᠠᠬᠢ ᠲᠣᠰᠬᠤᠨ᠎ᠤ ᠠᠷᠠᠳ᠎ᠤᠨ ᠠᠮᠢᠳᠤᠷᠠᠯ ᠵᠡᠷᠭᠡ ᠵᠢ ᠲᠤᠶ᠋ᠢᠯ ᠵᠶ᠋ᠠᠷ ᠬᠠᠯᠠᠮᠵᠢᠯᠠᠵᠤ᠂ ᠦᠵᠡᠬᠦ ᠵᠢᠨ ᠳᠠᠭ᠋ᠠᠤ ᠬᠢᠨᠠᠮᠠᠭ᠋ᠠᠢ ᠠᠰᠠᠭᠤᠨ ᠯᠠᠪᠯᠠᠵᠤ᠂ ᠮᠠᠰᠢ ᠭᠦᠢ᠍ᠴᠡᠳ ᠪᠣᠳᠣᠯᠬᠢᠯᠠᠭᠰᠠᠨ ᠪᠠᠶ᠋ᠢᠵᠠᠢ》 ᠭᠡᠪᠡ᠃
ᠳᠡᠭᠡᠷᠡᠬᠢ ᠵᠢᠷᠤᠭ᠎ᠨᠢ 2016 ᠣᠨ᠎ᠤ 11 ᠳ᠋ᠦ᠍ᠭᠡᠷ ᠰᠠᠷ᠎ᠠ᠎ᠳᠤ ᠰᠡᠭᠦᠳᠡᠷᠯᠡᠭᠰᠡᠨ ᠶᠠᠳᠠᠭᠤ᠎ᠠᠴᠠ ᠠᠩᠭᠢᠵᠢᠷᠠᠭᠤᠯᠬᠤ᠎ᠠᠴᠠ ᠡᠮᠦᠨᠡᠬᠢ ᠬᠥᠬᠡᠨᠠᠭᠤᠷ᠎ᠤᠨ ᠬᠤ᠌ ᠵᠦ᠍ ᠵᠢᠨ ᠮᠣᠩᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠪᠠᠨᠶᠠᠨ ᠲᠣᠰᠬᠤᠨ᠎ᠤ ᠪᠠᠶ᠋ᠢᠳᠠᠯ ᠪᠣᠯᠣᠨ᠎ᠠ᠂ ᠳᠣᠣᠷᠠᠬᠢ ᠵᠢᠷᠤᠭ᠎ᠨᠢ 2019 ᠣᠨ᠎ᠤ 9 ᠳ᠋ᠦ᠍ᠭᠡᠷ ᠰᠠᠷ᠎ᠠ᠎ᠳᠤ ᠰᠡᠭᠦᠳᠡᠷᠯᠡᠭᠰᠡᠨ ᠬᠥᠬᠡᠨᠠᠭᠤᠷ᠎ᠤᠨ ᠬᠤ᠌ ᠵᠦ᠍ ᠵᠢᠨ ᠮᠣᠩᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠪᠠᠨᠶᠠᠨ ᠰᠢᠨ᠎ᠡ ᠲᠣᠰᠬᠤᠨ᠎ᠤ ᠪᠠᠶ᠋ᠢᠳᠠᠯ ᠪᠣᠯᠣᠨ᠎ᠠ᠃
ᠬᠠᠲᠤᠨ ᠭᠤᠣᠯ᠎ᠤᠨ ᠬᠥᠪᠡᠭᠡᠨ᠎ᠳᠠᠬᠢ ᠰᠢᠨ᠎ᠡ ᠲᠣᠰᠬᠤᠨ — ᠨᠢᠩᠰᠢᠶᠠ ᠵᠢᠨ ᠦ᠋ ᠵᠦᠩ ᠬᠤᠳᠠ ᠵᠢᠨ ᠬᠤᠩ ᠳ᠋ᠧ ᠲᠣᠰᠬᠤᠨ᠎ᠳᠤ ᠬᠦᠷᠬᠦ᠎ᠳᠤ᠂ ᠶᠡᠷᠦᠩᠬᠡᠢ ᠱᠦᠵᠢ ᠲᠣᠰᠬᠤᠨ᠎ᠤ᠎ᠪᠠᠨ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠳᠠᠰᠤᠭ᠎ᠲᠤ ᠲᠤᠰᠬᠠᠶ᠋ᠢᠯᠠᠨ ᠬᠦᠷᠴᠦ᠂ 《ᠨᠡᠭᠦᠯᠭᠡᠭᠡᠳ ᠬᠡᠳᠦᠨ ᠲᠠᠰᠤᠯᠭ᠎ᠠ ᠭᠤᠶᠤ ᠪᠠᠶ᠋ᠢᠰᠢᠩ ᠪᠠᠷᠢᠪᠠᠯ ᠪᠣᠯᠴᠢᠬᠠᠬᠤ ᠶᠤᠮ ᠪᠢᠰᠢ》 ᠭᠡᠵᠦ ᠰᠢᠭᠤᠳ ᠬᠡᠯᠡᠪᠡ᠃ ᠲᠡᠷᠡ ᠠᠯᠤᠰ᠎ᠢ ᠪᠣᠳᠣᠯᠬᠢᠯᠠᠵᠤ᠂ ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ ᠤᠯᠠᠨ ᠲᠦᠮᠡᠨ᠎ᠢ ᠦᠷᠭᠦᠯᠵᠢᠯᠡᠨ ᠲᠡᠳᠬᠦᠬᠦ ᠠᠵᠢᠯ᠎ᠢ ᠰᠠᠶ᠋ᠢᠲᠤᠷ ᠬᠢᠵᠦ᠂ ᠤᠯᠠᠨ ᠠᠷᠭ᠎ᠠ ᠵᠠᠮ ᠵᠶ᠋ᠠᠷ ᠠᠵᠢᠯ ᠣᠯᠭᠤᠯᠲᠠ ᠵᠢ ᠠᠬᠢᠭᠤᠯᠵᠤ᠂ ᠨᠡᠶ᠋ᠢᠭᠡᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠠᠭᠤᠰᠤᠯᠴᠠᠯ᠎ᠢ ᠠᠬᠢᠭᠤᠯᠬᠤ ᠵᠢ ᠵᠣᠷᠢᠪᠠ᠃
ᠥᠩᠭᠡᠷᠡᠭᠰᠡᠨ᠎ᠤ ᠶᠠᠪᠤᠳᠠᠯ᠎ᠤᠳ ᠨᠢᠳᠦᠨ᠎ᠳᠤ ᠲᠣᠳᠣᠬᠠᠨ ᠬᠠᠷᠠᠭᠳᠠᠨ᠎ᠠ᠃
ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ᠂ 《ᠨᠢᠭᠡ ᠵᠢ ᠴᠦ᠍ ᠣᠷᠬᠢᠭᠳᠠᠭᠤᠯᠵᠤ ᠪᠣᠯᠬᠤ ᠦᠭᠡᠢ》 ᠭᠡᠬᠦ ᠡᠷᠡᠰ ᠴᠢᠩᠭ᠎ᠠ ᠲᠠᠩᠭ᠋ᠠᠷᠢᠭ ᠳᠣᠣᠷ᠎ᠠ᠂ 《ᠨᠤᠲᠤᠭ ᠰᠢᠯᠵᠢᠭᠦᠯᠦᠨ ᠶᠠᠳᠠᠭᠤ ᠵᠢ ᠲᠡᠳᠬᠦᠬᠦ᠎ᠳᠤ ᠮᠢᠩᠭ᠋ᠠᠨ ᠲᠦᠮᠡ ᠰᠢᠬᠠᠮ ᠬᠥᠮᠥᠨ᠎ᠢ ᠨᠡᠭᠦᠯᠭᠡᠨ᠎ᠡ᠂ ᠳᠤᠮᠳᠠ ᠵᠡᠷᠭᠡ ᠵᠢᠨ ᠤᠯᠤᠰ᠎ᠤᠨ ᠬᠥᠮᠥᠨ ᠠᠮᠠ᠎ᠲᠠᠢ ᠲᠡᠩᠴᠡᠵᠦ ᠣᠴᠢᠮᠠᠷ》᠃
ᠵᠤᠤ ᠵᠢᠶᠠ ᠸᠠ ᠲᠣᠰᠬᠤᠨ᠎ᠤ ᠪᠠᠶ᠋ᠢᠭᠤᠯᠤᠮᠵᠢ ᠵᠢᠨ ᠳᠦᠷᠢᠮ᠎ᠢ ᠬᠦᠴᠦᠨ ᠦᠭᠡᠢ ᠪᠣᠯᠭ᠋ᠠᠵᠤ᠂ ᠲᠣᠰᠬᠤᠨ᠎ᠤ ᠠᠷᠠᠳ᠎ᠤᠨ ᠵᠥᠪᠯᠡᠯ᠎ᠤᠨ ᠬᠡᠳᠦᠨ ᠲᠠᠰᠤᠯᠭ᠎ᠠ ᠭᠡᠷ ᠪᠠᠶ᠋ᠢᠰᠢᠩ᠎ᠢ ᠦᠯᠡᠳᠡᠭᠡᠭᠰᠡᠨ᠎ᠠᠴᠠ ᠭᠠᠳᠠᠨ᠎ᠠ ᠪᠤᠰᠤᠳ ᠪᠠᠷᠢᠯᠭ᠎ᠠ ᠵᠢ ᠴᠥᠮ ᠨᠤᠷᠠᠭ᠋ᠠᠨ ᠬᠠᠭ᠋ᠠᠯᠪᠤᠷᠢᠯᠠᠵᠤ᠂ ᠭᠠᠩ ᠬᠠᠭᠰᠠᠷᠠᠭ᠋ᠠᠨ᠎ᠳᠤ ᠳᠠᠭ᠋ᠠᠭ᠋ᠠᠴᠠ᠎ᠲᠠᠢ ᠨᠠᠷᠠᠰᠤ ᠪᠠ ᠬᠢᠲᠠᠳ ᠡᠮ᠎ᠤᠨ ᠮᠠᠲ᠋ᠧᠷᠢᠶᠠᠯ ᠲᠠᠷᠢᠵᠦ᠂ ᠨᠡᠭᠦᠵᠦ ᠶᠠᠪᠤᠭᠰᠠᠨ ᠨᠤᠲᠤᠭ᠎ᠤᠨ ᠠᠬ᠎ᠠ ᠳᠡᠭᠦᠦ ᠨᠠᠷ᠎ᠤᠨ ᠣᠷᠣᠯᠭ᠎ᠠ ᠵᠢ ᠨᠡᠮᠡᠭᠳᠡᠭᠦᠯᠪᠡ᠃
ᠰᠦᠩ ᠵᠢᠶᠠ ᠭᠧᠦ ᠰᠢᠨ᠎ᠡ ᠲᠣᠰᠬᠤᠨ ᠴᠤ᠌ ᠦᠰᠦᠳ ᠥᠭᠡᠷ᠎ᠡ ᠰᠢᠨ᠎ᠡ ᠬᠤᠪᠢᠷᠠᠯ᠎ᠲᠠᠢ ᠪᠣᠯᠵᠤ᠂ ᠡᠩ᠎ᠤᠨ ᠨᠡᠭᠦᠳᠡᠯ ᠠᠷᠠᠳ᠎ᠤᠨ ᠰᠢᠨ᠎ᠡ ᠲᠣᠰᠬᠤᠨ ᠪᠠᠶ᠋ᠢᠭᠰᠠᠨ᠎ᠠᠴᠠ᠎ᠪᠠᠨ ᠵᠤᠭ᠋ᠠᠴᠠᠭᠰᠠᠳ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠦᠯᠴᠡᠨ ᠢᠷᠡᠭᠰᠡᠨ 4A ᠳᠡᠰ᠎ᠤᠨ ᠦᠵᠡᠮᠵᠢ ᠵᠢᠨ ᠣᠷᠣᠨ ᠪᠣᠯᠵᠠᠢ᠃ ᠲᠣᠰᠬᠤᠨ᠎ᠤ ᠬᠠᠮᠲᠤ ᠵᠢᠨ ᠣᠷᠣᠯᠭ᠎ᠠ ᠪᠠᠷᠤᠭ ᠬᠤᠭᠤᠰᠤᠨ ᠪᠠᠶ᠋ᠢᠭᠰᠠᠨ᠎ᠠᠴᠠ᠎ᠪᠠᠨ ᠵᠠᠭᠤᠨ ᠲᠦᠮᠡᠨ ᠲᠥᠭᠦᠷᠢᠭ᠎ᠤᠨ ᠪᠣᠭᠤᠮᠲᠠ ᠵᠢ ᠳᠠᠪᠠᠭ᠍ᠤ ᠪᠣᠯᠲᠠᠯ᠎ᠠ ᠲᠤᠯᠤᠭ᠎ᠠ ᠨᠠᠢ᠍ᠮᠠᠬᠠᠨ ᠵᠢᠯ᠎ᠤᠨ ᠴᠠᠭ ᠵᠠᠷᠤᠴᠠᠭᠤᠯᠵᠠᠢ᠃
ᠥᠩᠭᠡᠷᠡᠭᠰᠡᠨ᠎ᠳᠤ ᠪᠠᠶ᠋ᠢᠭ᠋ᠠᠯᠢ ᠵᠢᠨ ᠨᠥᠬᠦᠴᠡᠯ ᠵᠶ᠋ᠠᠷ ᠣᠨᠴᠠᠭ᠋ᠠᠶ ᠮᠠᠭᠤ ᠭᠠᠵᠠᠷ ᠣᠷᠣᠨ᠎ᠳᠤ ᠠᠮᠢᠳᠤᠷᠠᠵᠤ ᠪᠠᠶ᠋ᠢᠭᠰᠠᠨ ᠬᠥᠮᠥᠰ ᠰᠢᠨ᠎ᠡ ᠭᠡᠷ ᠣᠷᠣᠨ᠎ᠳᠤ᠎ᠪᠠᠨ ᠴᠣ᠋ ᠰᠢᠨ᠎ᠡ ᠠᠮᠢᠳᠤᠷᠠᠯ ᠵᠶ᠋ᠠᠨ ᠡᠬᠢᠯᠡᠭᠦᠯᠪᠡ᠃ 2021 ᠣᠨ᠎ᠠᠴᠠ ᠨᠠᠭ᠋ᠠᠰᠢ᠂ ᠪᠦᠬᠦ ᠤᠯᠤᠰ᠎ᠤᠨ ᠨᠤᠲᠤᠭ ᠰᠢᠯᠵᠢᠭᠦᠯᠦᠨ ᠶᠠᠳᠠᠭᠤ᠎ᠠᠴᠠ ᠠᠩᠭᠢᠵᠢᠷᠠᠭᠤᠯᠤᠭᠰᠠᠨ ᠬᠥᠳᠡᠯᠮᠦᠷᠢ ᠵᠢᠨ ᠬᠦᠴᠦᠨ᠎ᠤ ᠠᠵᠢᠯ ᠣᠯᠭᠤᠯᠲᠠ ᠵᠢᠨ ᠨᠤᠷᠮ᠎ᠠ ᠦᠷᠭᠦᠯᠵᠢᠯᠡᠨ 90%᠎ᠠᠴᠠ ᠳᠡᠭᠡᠭᠰᠢ ᠪᠠᠶ᠋ᠢᠬᠤ ᠵᠢ ᠪᠠᠲᠤᠯᠠᠭᠰᠠᠨ ᠪᠥᠭᠡᠳ ᠵᠢᠯ ᠳᠠᠷᠠᠭ᠋ᠠᠯᠠᠨ ᠨᠡᠮᠡᠭᠳᠡᠬᠦ ᠬᠠᠨᠳᠤᠰᠢ᠎ᠲᠠᠢ ᠪᠣᠯᠪᠠ᠃
ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠨᠤᠲᠤᠭ ᠰᠢᠯᠵᠢᠭᠦᠯᠦᠭᠰᠡᠨᠤ ᠳᠠᠷᠠᠭ᠋ᠠᠬᠢ ᠲᠡᠳᠬᠦᠮᠵᠢ ᠵᠢ ᠴᠢᠩᠭ᠋ᠠᠳᠬᠠᠨ᠎ᠠ》 ᠭᠡᠵᠦ ᠲᠣᠳᠣᠷᠬᠠᠢ ᠳᠤᠷᠠᠳᠪᠠ᠃ ᠶᠠᠳᠠᠭᠤ᠎ᠠᠴᠠ ᠠᠩᠭᠢᠵᠢᠷᠠᠭᠤᠯᠤᠭᠰᠠᠨ᠎ᠨᠢ ᠲᠡᠭᠦᠰᠬᠡᠯ᠎ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ᠎ᠤᠨ ᠭᠠᠷᠤᠭ᠎ᠠ ᠮᠥᠨ᠂ 《ᠨᠡᠭᠦᠯᠭᠡᠵᠦ ᠳᠡᠶ᠋ᠢᠯᠬᠦ᠂ ᠲᠣᠭᠲᠠᠪᠤᠷᠢᠵᠢᠭᠤᠯᠵᠤ ᠳᠡᠶ᠋ᠢᠯᠬᠦ᠂ ᠪᠠᠶᠠᠵᠢᠭᠤᠯᠵᠤ ᠳᠡᠶ᠋ᠢᠯᠬᠦ》 ᠵᠢ ᠢᠮᠠᠭᠲᠠ ᠴᠢᠬᠤᠯᠠ ᠪᠠᠶ᠋ᠢᠷᠢᠨ᠎ᠳᠤ ᠲᠠᠯᠪᠢᠨ᠎ᠠ᠃
ᠠᠯᠢᠪᠠ ᠪᠦᠬᠦᠨ ᠴᠥᠮ ᠬᠤᠪᠢᠷᠠᠵᠤ ᠪᠠᠶ᠋ᠢᠨ᠎ᠠ᠃ ᠬᠤᠪᠢᠷᠠᠰᠢ ᠦᠭᠡᠢ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯᠣᠨ᠎ᠠ᠃