ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ 6 ᠳ᠋ᠤᠭ᠋ᠠᠷ ᠰᠠᠷ᠎ᠠ ᠵᠢᠨ 30᠎ᠤ ᠡᠳᠦᠷ ᠬᠤᠷᠠᠯᠳᠤᠭ᠋ᠠᠨ ᠬᠤᠷᠠᠯᠳᠤᠭᠤᠯᠵᠤ᠂ 《ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠠᠵᠢᠯ᠎ᠤᠨ ᠳᠦᠷᠢᠮ》᠎ᠢ ᠬᠢᠨᠠᠨ ᠶᠠᠷᠢᠯᠴᠠᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠲᠣᠰ ᠬᠤᠷᠠᠯᠳᠤᠭ᠋ᠠᠨ᠎ᠢ ᠡᠷᠬᠢᠯᠡᠪᠡ᠃
ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢ ᠪᠠᠶ᠋ᠢᠭᠤᠯᠬᠤ ᠪᠣᠯ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠦᠷᠢᠨᠰᠢᠭᠦᠯᠬᠦ᠂ ᠴᠢᠬᠤᠯᠠ ᠶᠡᠭᠡ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠳᠦᠷᠢᠮ᠎ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ 《ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠠᠵᠢᠯ᠎ᠤᠨ ᠳᠦᠷᠢᠮ》᠎ᠢ ᠲᠣᠭᠲᠠᠭ᠋ᠠᠨ ᠨᠡᠶ᠋ᠢᠲᠡᠯᠡᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠬᠤ᠎ᠨᠢ ᠴᠢᠬᠤᠯᠠ ᠶᠡᠭᠡ ᠠᠵᠢᠯ᠎ᠳᠠᠬᠢ ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠡᠭᠦᠷᠭᠡ ᠴᠢᠳᠠᠪᠬᠢ ᠵᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠦᠢ᠍ᠯᠡᠳᠦᠯ᠎ᠢ᠎ᠨᠢ ᠰᠠᠶ᠋ᠢᠲᠤᠷ ᠪᠠᠳᠠᠷᠠᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠡᠢ᠃
ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠢ ᠡᠵᠡᠮᠳᠡᠵᠦ᠂ ᠶᠡᠭᠡ ᠶᠠᠪᠤᠳᠠᠯ᠎ᠢ ᠲᠥᠯᠥᠪᠯᠡᠬᠦ᠂ ᠶᠡᠭᠡ ᠶᠠᠪᠤᠳᠠᠯ᠎ᠢ ᠵᠥᠪᠯᠡᠬᠦ᠂ ᠶᠡᠭᠡ ᠶᠠᠪᠤᠳᠠᠯ᠎ᠢ ᠠᠳᠬᠤᠬᠤ ᠵᠢ ᠪᠠᠷᠢᠮᠲᠠᠯᠠᠵᠤ᠂ ᠴᠢᠬᠤᠯᠠ ᠶᠡᠭᠡ ᠠᠵᠢᠯ᠎ᠳᠤ ᠨᠡᠩ ᠪᠦᠲᠦᠮᠵᠢᠲᠡᠢ ᠶᠡᠷᠦᠩᠬᠡᠶ᠋ᠢᠯᠡᠭᠰᠡᠨ ᠵᠢᠯᠣᠭᠤᠳᠤᠯᠭ᠎ᠠ ᠪᠠ ᠵᠣᠬᠢᠴᠠᠭᠤᠯᠭ᠎ᠠ ᠵᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ᠎ᠠᠴᠠ ᠪᠢᠰᠢ ᠲᠡᠭᠦᠨ᠎ᠢ ᠣᠷᠣᠯᠠᠨ ᠪᠡᠶᠡᠯᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠠᠴᠠ ᠪᠢᠰᠢ ᠡᠷᠬᠡ ᠳᠠᠪᠠᠭᠤᠯᠤᠨ ᠬᠡᠷᠡᠭᠵᠢᠭᠦᠯᠬᠦ ᠪᠢᠰᠢ ᠪᠠᠶ᠋ᠢᠬᠤ ᠬᠡᠷᠡᠭᠲᠡᠢ᠃ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠬᠦ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠳᠠᠲᠠᠢ᠎ᠲᠠᠢ ᠨᠡᠶ᠋ᠢᠴᠡᠭᠰᠡᠨ᠂ ᠪᠦᠲᠦᠮᠵᠢᠲᠡᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ ᠭᠡᠵᠡᠢ᠃
ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃