ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 13᠎ᠤ ᠴᠠᠬᠢᠯᠭᠠᠨ ᠮᠡᠳᠡᠭᠡ 7 ᠰᠠᠷ᠎ᠠ ᠵᠢᠨ 11᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠰᠢᠮᠧᠩᠰᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠤ ᠪᠦᠭᠦᠳᠡ ᠨᠠᠢᠷᠠᠮᠳᠠᠬᠤ ᠰᠦᠷᠢᠨᠠᠮ ᠤᠯᠤᠰ᠎ᠤᠨ ᠶᠡᠷᠦᠩᠬᠡᠢᠯᠡᠭᠴᠢ᠎ᠪᠠᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃ ᠰᠢ ᠵᠢᠨ ᠫᠢᠩ᠂ ᠰᠦᠷᠢᠨᠠᠮ ᠪᠣᠯ ᠺᠠᠷᠢᠪᠸ ᠣᠷᠣᠨ᠎ᠳᠠᠬᠢ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ ᠵᠢᠨ ᠬᠠᠮᠲᠤᠷᠠᠯᠴᠠᠭᠠᠨ᠎ᠤ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 49 ᠵᠢᠯ᠎ᠤᠨ ᠲᠤᠷᠰᠢ᠂ ᠬᠣᠶᠠᠷ ᠲᠠᠯ᠎ᠠ ᠵᠢᠨ ᠬᠠᠮᠲᠤ ᠵᠢᠨ ᠴᠢᠷᠮᠠᠢᠯᠭ᠎ᠠ᠎ᠪᠠᠷ᠂ ᠳᠤᠮᠳᠠᠳᠤ ᠰᠦᠷᠢᠨᠠᠮ᠎ᠤᠨ ᠬᠠᠷᠢᠯᠴᠠᠭ᠎ᠠ ᠡᠷᠡᠭᠦᠯ ᠪᠥᠭᠡᠳ ᠲᠣᠭᠲᠠᠭᠤᠨ ᠵᠶ᠋ᠠᠷ ᠬᠥᠭᠵᠢᠵᠦ᠂ ᠡᠯ᠎ᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠲᠠᠯ᠎ᠠ ᠵᠢᠨ ᠬᠡᠷᠡᠭ ᠶᠠᠪᠤᠳᠠᠯ ᠳᠤᠮᠳᠠ ᠨᠢᠭ᠍ᠲᠠ ᠵᠣᠬᠢᠴᠠᠭᠤᠯᠭ᠎ᠠ᠎ᠪᠠᠨ ᠪᠠᠲᠤᠯᠠᠪᠠ᠃ ᠪᠢ ᠳᠤᠮᠳᠠᠳᠤ ᠰᠦᠷᠢᠨᠠᠮ᠎ᠤᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭᠴᠢ ᠰᠢᠮᠧᠩᠰᠲᠠᠢ ᠬᠠᠮᠲᠤ᠎ᠪᠠᠷ ᠴᠢᠷᠮᠠᠢᠵᠤ ᠬᠠᠷᠢᠯᠴᠠᠨ ᠠᠰᠢᠭ᠍ᠲᠠᠢ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠪᠠᠢᠯᠳᠤᠬᠤ ᠪᠣᠳᠣᠯᠭ᠎ᠠ ᠵᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃