ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 21᠎ᠦ ᠴᠠᠭᠢᠯᠭᠠᠨ ᠮᠡᠳᠡᠭᠡ ᠭᠠᠳᠠᠭᠠᠳᠤ ᠶᠠᠪᠤᠳᠠᠯ᠎ᠤᠨ ᠶᠠᠮᠤᠨ᠎ᠤ ᠥᠭᠦᠯᠡᠭᠴᠢ 7 ᠰᠠᠷ᠎ᠠ᠎ᠶᠢᠨ 21᠎ᠦ ᠡᠳᠦᠷ᠄ ᠳᠤᠮᠳᠠᠳᠤ ᠡᠸᠦ᠋ᠷᠦᠫᠡ ᠬᠣᠶᠠᠷ ᠲᠠᠯ᠎ᠠ᠎ᠪᠠᠷ᠎ᠢᠶᠠᠨ ᠵᠥᠪᠳᠡᠯᠴᠡᠭᠡᠳ᠂ ᠡᠸᠦ᠋ᠷᠦᠫᠡ ᠲᠢᠪ᠎ᠦᠨ ᠬᠡᠷᠡᠭ ᠡᠷᠭᠢᠯᠡᠭᠴᠢᠳ᠎ᠦᠨ ᠬᠤᠷᠠᠯ᠎ᠤᠨ ᠲᠡᠷᠢᠭᠦᠯᠡᠭᠴᠢ ᠺᠧᠰᠲᠠ᠂ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭᠠᠨ᠎ᠤ ᠵᠥᠪᠯᠡᠯ᠎ᠦᠨ ᠲᠡᠷᠢᠭᠦᠯᠡᠭᠴᠢ ᠹᠧᠩᠳᠧᠯᠠᠢ᠊ ᠊ ᠧᠨ 7 ᠰᠠᠷ᠎ᠠ᠎ᠶᠢᠨ 24᠎ᠦ ᠡᠳᠦᠷ ᠳᠤᠮᠳᠠᠳᠤ ᠤᠯᠤᠰ᠎ᠲᠤ ᠠᠢᠯᠴᠢᠯᠠᠨ᠎ᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠡᠴᠡ ᠲᠡᠷᠢᠭᠦᠯᠡᠭᠴᠢ ᠺᠧᠰᠲᠠ ᠪᠣᠯᠣᠨ ᠲᠡᠷᠢᠭᠦᠯᠡᠭᠴᠢ ᠹᠧᠩᠳᠧᠯᠠᠢ᠊ ᠊ ᠧᠨ ᠲᠡᠢ ᠠᠭᠤᠯᠵᠠᠵᠤ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠤᠭ᠎ᠠ᠎ᠶᠢᠨ ᠬᠣᠶᠠᠷ ᠲᠡᠷᠢᠭᠦᠯᠡᠭᠴᠢ ᠲᠡᠢ ᠬᠠᠮᠲᠤ᠎ᠪᠠᠷ ᠬᠣᠷᠢᠨ ᠲᠠᠪᠤᠳᠤᠭᠠᠷ ᠤᠳᠠᠭ᠎ᠠ᠎ᠶᠢᠨ ᠳᠤᠮᠳᠠᠳᠤ ᠤᠯᠤᠰ - ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠤᠭ᠎ᠠ᠎ᠶᠢᠨ ᠤᠳᠤᠷᠢᠳᠬᠤ ᠬᠥᠮᠥᠰ᠎ᠦᠨ ᠠᠭᠤᠯᠵᠠᠯᠲᠠ᠎ᠶᠢ ᠡᠷᠭᠢᠯᠡᠨ᠎ᠡ ᠭᠡᠵᠦ ᠨᠡᠢᠲᠡᠯᠡᠪᠡ᠃