ᠰᠢᠨᠬᠤᠸᠠ ᠬᠣᠷᠢᠶᠠᠨ᠎ᠤ ᠪᠡᠭᠡᠵᠢᠩ᠎ᠤᠨ 7 ᠳ᠋ᠤᠭᠠᠷ ᠰᠠᠷ᠎ᠠ ᠵᠢᠨ 1᠎ᠤ ᠡᠳᠦᠷ᠎ᠤᠨ ᠴᠠᠭᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠡᠷᠭᠢᠯᠡᠭᠴᠢ ᠰᠢ ᠵᠢᠨ ᠫᠢᠩ 7 ᠳ᠋ᠤᠭᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠵᠢᠷᠭᠤᠳᠤᠭᠠᠷ ᠤᠳᠠᠭ᠎ᠠ ᠵᠢᠨ ᠬᠤᠷᠠᠯᠳᠤᠭᠠᠨ᠎ᠢ ᠡᠷᠭᠢᠯᠡᠨ ᠬᠤᠷᠠᠯᠳᠤᠭᠤᠯᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠶ᠋ᠢ ᠭᠦᠨᠵᠡᠭᠡᠢ ᠠᠬᠢᠭᠤᠯᠬᠤ ᠵᠡᠷᠭᠡ ᠠᠰᠠᠭᠤᠳᠠᠯ᠎ᠤᠳ᠎ᠢ ᠰᠤᠳᠤᠯᠪᠠ᠃ ᠰᠢ ᠵᠢᠨ ᠫᠢᠩ ᠬᠤᠷᠠᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠨ ᠴᠢᠬᠤᠯᠠᠴᠢᠯᠠᠬᠤ᠎ᠳᠤ᠎ᠪᠠᠨ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠲᠥᠯᠥᠪ ᠪᠠᠢᠳᠠᠯ᠎ᠢ ᠪᠠᠶ᠋ᠢᠭᠤᠯᠬᠤ᠂ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠵᠢᠨ ᠬᠡᠷᠡᠭᠴᠡᠭᠡ ᠮᠥᠨ᠂ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭᠠᠳᠬᠠᠵᠤ᠂ ᠠᠬᠢᠭᠤᠯᠬᠤ ᠨᠡᠢᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠶ᠋ᠢ ᠠᠬᠢᠭᠤᠯᠬᠤ᠎ᠳᠤ ᠡᠷᠬᠡᠪᠰᠢ ᠳᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠳᠠᠯᠠᠢ ᠲᠠᠩᠭᠢᠰ᠎ᠤᠨ ᠲᠠᠯ᠎ᠠ᠎ᠪᠠᠷ ᠬᠦᠴᠦᠷᠬᠡᠭᠵᠢᠬᠦ ᠵᠠᠮ ᠵᠶ᠋ᠠᠷ ᠵᠠᠮᠨᠠᠬᠤ ᠬᠡᠷᠡᠭᠲᠡᠢ ᠭᠡᠵᠡᠢ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠳᠡᠳ᠋ ᠡᠷᠭᠢᠯᠡᠭᠴᠢ ᠯᠢ ᠴᠢᠶᠠᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠨ ᠼᠠᠢ ᠴᠢ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠳ᠋ᠢᠩ ᠰᠢᠤᠸᠠᠢ ᠰᠢᠶᠠᠩ ᠲᠣᠰ ᠬᠤᠷᠠᠯᠳᠤᠭᠠᠨ᠎ᠳᠤ ᠣᠷᠣᠯᠴᠠᠪᠠ᠃
ᠬᠤᠷᠠᠯᠳᠤᠭᠠᠨ ᠵᠶ᠋ᠠᠷ ᠵᠢᠭᠠᠵᠤ ᠭᠠᠷᠭᠠᠬᠤ᠎ᠳᠤ᠎ᠪᠠᠨ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ ᠠᠬᠢᠭᠤᠯᠬᠤ ᠵᠢᠨ ᠦᠨᠳᠦᠰᠦᠨ ᠱᠠᠭᠠᠷᠳᠠᠯᠭ᠎ᠠ ᠪᠣᠯ 《ᠲᠠᠪᠤ ᠶ᠋ᠢ ᠨᠢᠭᠡᠳᠬᠡᠵᠦ᠂ ᠨᠢᠭᠡ ᠶ᠋ᠢ ᠨᠡᠭᠡᠭᠡᠯᠲᠡ ᠬᠢᠬᠦ》 ᠶᠠᠪᠤᠳᠠᠯ ᠪᠣᠯᠣᠨ᠎ᠠ᠂ ᠲᠤᠬᠠᠢᠯᠠᠪᠠᠯ ᠵᠠᠬ᠎ᠠ ᠳᠡᠯᠭᠡᠭᠦᠷ᠎ᠤᠨ ᠰᠠᠭᠤᠷᠢ ᠳᠦᠷᠢᠮ᠎ᠢ ᠨᠢᠭᠡᠳᠬᠡᠬᠦ᠂ ᠵᠠᠬ᠎ᠠ ᠳᠡᠯᠭᠡᠭᠦᠷ᠎ᠤᠨ ᠰᠠᠭᠤᠷᠢ ᠪᠡᠯᠡᠳᠬᠡᠮᠵᠢ ᠶ᠋ᠢ ᠨᠢᠭᠡᠳᠬᠡᠬᠦ᠂ ᠵᠠᠰᠠᠭ᠎ᠤᠨ ᠣᠷᠳᠣᠨ᠎ᠤ ᠠᠵᠢᠯᠯᠠᠭᠠᠨ᠎ᠤ ᠪᠠᠷᠢᠮᠵᠢᠶ᠎ᠠ ᠶ᠋ᠢ ᠨᠢᠭᠡᠳᠬᠡᠬᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶ᠋ᠢ ᠨᠢᠭᠡᠳᠬᠡᠬᠦ᠂ ᠴᠢᠬᠤᠯᠠ ᠬᠦᠴᠦᠨ ᠵᠦᠢᠯ᠎ᠤᠨ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠢ ᠨᠢᠭᠡᠳᠬᠡᠬᠦ᠂ ᠳᠣᠲᠣᠭᠠᠳᠤ ᠪᠠ ᠭᠠᠳᠠᠭᠠᠳᠤ ᠨᠡᠭᠡᠭᠡᠯᠲᠡ ᠶ᠋ᠢ ᠦᠷᠭᠦᠯᠵᠢᠯᠡᠨ ᠥᠷᠭᠡᠳᠬᠡᠬᠦ ᠶᠠᠪᠤᠳᠠᠯ ᠪᠣᠯᠣᠨ᠎ᠠ ᠭᠡᠵᠡᠢ᠃
ᠬᠤᠷᠠᠯᠳᠤᠭᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠬᠤ᠎ᠳᠤ᠂ ᠭᠣᠣᠯᠳᠠᠯᠭ᠎ᠠ ᠪᠤᠯᠬᠤ ᠬᠦᠴᠢᠷ ᠠᠰᠠᠭᠤᠳᠠᠯ᠎ᠳᠤ ᠠᠩᠬᠠᠷᠤᠯ ᠲᠥᠪᠯᠡᠷᠡᠭᠦᠯᠵᠦ᠂ ᠠᠵᠤ ᠠᠬᠤᠢᠯᠠᠯ᠎ᠤᠨ ᠬᠢᠮᠳᠠ ᠦᠨ᠎ᠡ᠎ᠪᠠᠷ ᠡᠮᠬᠢ ᠵᠠᠮᠪᠠᠷᠠᠭ᠎ᠠ ᠦᠭᠡᠢ ᠥᠷᠢᠰᠦᠯᠳᠦᠬᠦ ᠶ᠋ᠢ ᠬᠠᠤᠯᠢ ᠲᠣᠭᠲᠠᠭᠠᠯ ᠶᠣᠰᠣᠭᠠᠷ ᠵᠠᠰᠠᠵᠤ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠦᠢᠯᠡᠳᠬᠦᠨ᠎ᠤ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠵᠦ᠂ ᠬᠣᠴᠤᠷᠤᠩᠭᠤᠢ ᠦᠢᠯᠡᠳᠪᠦᠷᠢᠯᠡᠬᠦ ᠴᠢᠳᠠᠮᠵᠢ ᠵᠢᠨ ᠡᠮᠬᠢ ᠵᠢᠷᠤᠮ᠎ᠲᠠᠢ᠎ᠪᠠᠷ ᠪᠤᠴᠠᠵᠤ ᠭᠠᠷᠬᠤ ᠶ᠋ᠢ ᠠᠭᠢᠭᠤᠯᠤᠨ᠎ᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶ᠋ᠢ ᠵᠢᠷᠤᠮᠵᠢᠭᠤᠯᠵᠤ᠂ ᠳᠠᠭᠠᠭᠠᠴᠢᠯᠠᠯᠲᠠ ᠣᠯᠣᠭᠰᠠᠨ ᠦᠷ᠎ᠡ ᠳ᠋ᠦᠩ᠎ᠳᠤ ᠭᠤᠣᠯᠴᠢ ᠴᠢᠨᠠᠷ᠎ᠤᠨ ᠬᠢᠨᠠᠨ ᠪᠠᠢᠴᠠᠭᠠᠯᠲᠠ ᠶ᠋ᠢ ᠴᠢᠩᠭᠠᠳᠬᠠᠨ᠎ᠠ; ᠣᠷᠣᠨ ᠨᠤᠲᠤᠭ᠎ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶ᠋ᠢ ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ᠎ᠪᠠᠷ ᠭᠢ ᠮᠡᠳᠡᠭᠡ ᠵᠠᠩᠭᠢ ᠨᠡᠢᠲᠡᠯᠡᠬᠦ ᠶ᠋ᠢ ᠴᠢᠩᠭᠠᠳᠬᠠᠨ᠎ᠠ; ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶ᠎ᠠ ᠶ᠋ᠢ ᠨᠢᠭᠡ ᠴᠣᠭᠴᠠᠵᠢᠭᠤᠯᠤᠨ ᠬᠥᠭᠵᠢᠭᠦᠯᠬᠦ ᠶ᠋ᠢ ᠬᠦᠴᠦᠯᠡᠨ ᠠᠬᠢᠭᠤᠯᠵᠤ᠂ ᠭᠠᠳᠠᠭᠠᠳᠤ᠎ᠳᠤ ᠭᠠᠷᠭᠠᠵᠤ ᠪᠠᠢᠭᠰᠠᠨ᠎ᠢ ᠳᠣᠲᠣᠭᠠᠳᠤ᠎ᠳᠤ᠎ᠪᠠᠨ ᠪᠣᠷᠣᠯᠠᠭᠤᠯᠬᠤ ᠲᠡᠢᠰᠢ ᠰᠢᠯᠵᠢᠭᠦᠯᠬᠦ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶᠠᠨ᠎ᠤ ᠨᠢᠭᠡ ᠪᠦᠯᠦᠭ ᠰᠢᠯᠢᠳᠡᠭ ᠠᠵᠤ ᠠᠬᠤᠢᠯᠠᠯ᠎ᠢ ᠪᠤᠶ᠋ᠢᠵᠢᠭᠤᠯᠤᠨ᠎ᠠ; ᠠᠵᠤ ᠠᠬᠤᠢᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠶ᠋ᠢ ᠵᠢᠷᠤᠮᠵᠢᠭᠤᠯᠬᠤ ᠲᠤᠰᠬᠠᠢ ᠠᠵᠢᠯᠯᠠᠭ᠎ᠠ᠎ᠨᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ᠎ᠤᠨ ᠨᠢᠭᠡᠳᠦᠯᠲᠡᠢ ᠪᠠᠢᠬᠤ᠎ᠳᠤ ᠠᠰᠢᠭ᠍ᠲᠠᠢ ᠡᠳ᠋᠎ᠤᠨ ᠵᠠᠰᠠᠭ ᠭᠠᠢᠯᠢ ᠵᠢᠨ ᠪᠠᠢᠭᠤᠯᠤᠯ᠂ ᠲᠣᠭ᠎ᠠ ᠪᠦᠷᠢᠳᠬᠡᠯ᠎ᠤᠨ ᠲᠣᠭᠠᠴᠠᠭ᠎ᠠ ᠬᠢᠬᠦ ᠳᠦᠷᠢᠮ ᠪᠠ ᠢᠲᠡᠭᠡᠮᠵᠢ ᠵᠢᠨ ᠲᠣᠭᠲᠠᠯᠴᠠᠭ᠎ᠠ ᠶ᠋ᠢ ᠪᠦᠷᠢᠨᠰᠢᠭᠦᠯᠦᠨ᠎ᠡ; ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠶ᠋ᠢ ᠪᠤᠢ ᠪᠤᠯᠭᠠᠬᠤ ᠪᠥᠭᠡᠳ ᠲᠡᠭᠦᠨ᠎ᠢ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ ᠵᠢᠨ ᠰᠢᠯᠭᠠᠨ ᠬᠢᠨᠠᠬᠤ ᠲᠣᠭᠲᠠᠯᠴᠠᠭ᠎ᠠ ᠪᠠ ᠺᠠᠳ᠋ᠷᠴᠤᠳ᠎ᠤᠨ ᠠᠵᠢᠯ᠎ᠤᠨ ᠪᠦᠲᠦᠮᠵᠢ ᠶ᠋ᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶ᠋ᠢ ᠲᠡᠭᠦᠯᠳᠡᠷᠵᠢᠭᠦᠯᠦᠨ᠎ᠡ ᠭᠡᠵᠡᠢ᠃
ᠬᠤᠷᠠᠯᠳᠤᠭᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ᠎ᠳᠤ᠂ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠤᠯᠭᠠᠬᠤ᠂ ᠥᠨᠳᠥᠷ ᠪᠦᠲᠦᠮᠵᠢᠲᠡᠢ ᠬᠠᠮᠵᠢᠯᠴᠠᠬᠤ᠂ ᠠᠵᠤ ᠦᠢᠯᠡᠰ᠎ᠤᠨ ᠰᠢᠨᠡᠴᠢᠯᠡᠯᠲᠡ᠂ ᠬᠥᠮᠥᠨ ᠪᠠ ᠳᠠᠯᠠᠢ ᠲᠠᠩᠭᠢᠰ᠎ᠤᠨ ᠡᠶ᠎ᠡ ᠵᠣᠬᠢᠴᠠᠯ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ᠋ ᠭᠦᠷᠳᠡᠭᠦ ᠵᠡᠷᠭᠡ ᠶ᠋ᠢ ᠨᠡᠩ ᠴᠢᠬᠤᠯᠠᠴᠢᠯᠠᠨ᠎ᠠ ᠭᠡᠵᠡᠢ᠃
ᠬᠤᠷᠠᠯᠳᠤᠭᠠᠨ ᠵᠶ᠋ᠠᠷ ᠵᠢᠭᠠᠵᠤ ᠭᠠᠷᠭᠠᠬᠤ᠎ᠳᠤ᠎ᠪᠠᠨ᠂ ᠲᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ᠎ᠳᠤ᠂ ᠦᠵᠦ ᠲᠥᠯᠥᠪᠯᠡᠭᠡ ᠶ᠋ᠢ ᠴᠢᠩᠭᠠᠳᠬᠠᠵᠤ᠂ ᠲᠦᠷᠦ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭᠠᠷᠠᠭᠤᠯᠵᠤ᠂ ᠲᠠᠯᠠᠢ ᠲᠠᠩᠭᠢᠰ᠎ᠤᠨ ᠠᠵᠤ ᠠᠬᠤᠢ ᠵᠢᠨ ᠬᠥᠭᠵᠢᠯᠲᠡ᠎ᠳᠤ ᠨᠡᠢᠭᠡᠮ᠎ᠤᠨ ᠬᠥᠭᠵᠢᠯᠲᠡ ᠵᠢᠨ ᠢᠳᠡᠪᠬᠢᠲᠡᠢ ᠣᠷᠤᠯᠴᠠᠬᠤ ᠶ᠋ᠢ ᠵᠣᠷᠢᠭ᠍ᠵᠢᠭᠤᠯᠵᠤ ᠬᠥᠲᠥᠯᠥᠨ ᠵᠢᠯᠣᠭᠣᠳᠤᠨ᠎ᠠ᠃ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠠᠬᠢ ᠪᠡᠶ᠎ᠡ᠎ᠪᠠᠨ ᠳᠠᠭᠠᠭᠠᠵᠤ ᠰᠢᠨ᠎ᠡ ᠶ᠋ᠢ ᠡᠭᠦᠳᠬᠦ ᠴᠢᠳᠠᠪᠤᠷᠢ ᠶ᠋ᠢ ᠳᠡᠭᠡᠭᠰᠢᠯᠡᠭᠦᠯᠵᠦ᠂ ᠲᠠᠯᠠᠢ ᠲᠠᠩᠭᠢᠰ᠎ᠤᠨ ᠪᠠᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭᠠᠷᠠᠭᠤᠯᠵᠤ᠂ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠪᠠ ᠲᠤᠰᠬᠠᠢ ᠨᠠᠷᠢᠯᠢᠭ᠋ ᠣᠨᠴᠠ ᠰᠢᠨ᠎ᠡ ᠪᠦᠬᠦᠢ ᠳᠤᠮᠳᠠ ᠵᠢᠵᠢᠭ ᠠᠵᠤ ᠠᠬᠤᠢᠯᠠᠯ᠎ᠢ ᠪᠣᠢᠵᠢᠭᠤᠯᠤᠨ ᠬᠥᠭᠵᠢᠭᠦᠯᠦᠨ᠎ᠡ᠃ ᠳᠠᠯᠠᠢ ᠲᠠᠩᠭᠢᠰ᠎ᠤᠨ ᠠᠵᠤ ᠦᠢᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ ᠪᠤᠵᠠᠭᠠᠢᠷᠠᠭᠤᠯᠵᠤ᠂ ᠳᠠᠯᠠᠢ ᠳᠡᠭᠡᠷᠡᠬᠢ ᠰᠠᠯᠬᠢᠨ ᠬᠦᠴᠦᠨ᠎ᠤ ᠴᠠᠭᠢᠯᠭᠠᠨ᠎ᠤ ᠵᠢᠷᠤᠮᠵᠢᠭᠤᠨ ᠡᠮᠬᠢ ᠳᠢᠭ᠌ᠯᠢᠮ᠎ᠲᠠᠢ ᠪᠦᠲᠦᠭᠡᠨ ᠪᠠᠢᠭᠤᠯᠤᠯᠲᠠ ᠶ᠋ᠢ ᠠᠬᠢᠭᠤᠯᠵᠤ᠂ ᠠᠯᠤᠰ ᠳᠠᠯᠠᠢ᠎ᠳᠤ ᠣᠳᠣᠬᠢᠴᠢᠯᠠᠭᠰᠠᠨ ᠠᠩᠨᠠᠨ ᠱᠦᠭᠦᠬᠦ ᠶ᠋ᠢ ᠬᠥᠭᠵᠢᠭᠦᠯᠵᠦ᠂ ᠳᠠᠯᠠᠢ ᠲᠠᠩᠭᠢᠰ᠎ᠤᠨ ᠠᠮᠢᠳᠤ ᠪᠣᠳᠠᠰ᠎ᠤᠨ ᠡᠮ ᠡᠮᠨᠡᠯᠭᠡ᠂ ᠠᠮᠢᠳᠤ ᠪᠣᠳᠠᠰ᠎ᠤᠨ ᠪᠦᠲᠦᠭᠡᠭᠳᠡᠬᠦᠨ᠎ᠢ ᠬᠥᠭᠵᠢᠭᠦᠯᠵᠦ᠂ ᠳᠠᠯᠠᠢ ᠲᠠᠩᠭᠢᠰ᠎ᠤᠨ ᠣᠨᠴᠠᠯᠢᠭ᠍ᠲᠤ ᠰᠣᠶᠣᠯ ᠪᠠ ᠵᠢᠭᠤᠯᠴᠢᠯᠠᠯ᠎ᠤᠨ ᠬᠠᠷᠠᠯᠲᠠ ᠪᠤᠯᠬᠤ ᠣᠷᠣᠨ᠎ᠢ ᠴᠣᠭᠴᠠᠯᠠᠵᠤ᠂ ᠳᠠᠯᠠᠢ ᠵᠢᠨ ᠲᠡᠭᠡᠭᠡᠪᠦᠷᠢ ᠵᠢᠨ ᠦᠢᠯᠡᠰ᠎ᠤᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠤᠨ᠎ᠠ᠃ ᠲᠠᠯᠠᠢ ᠵᠢᠨ ᠪᠤᠯᠤᠩ᠎ᠤᠨ ᠠᠵᠤ ᠠᠬᠤᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢᠨ ᠰᠤᠳᠤᠯᠤᠯ᠎ᠢ ᠴᠢᠩᠭᠠᠳᠬᠠᠵᠤ᠂ ᠲᠠᠯᠠᠢ ᠳᠠᠭᠠᠤ ᠭᠠᠷᠠᠮ᠎ᠤᠨ ᠪᠥᠭᠡᠮᠨᠡᠷᠡᠯ᠎ᠢ ᠰᠢᠯᠢᠳᠡᠭᠵᠢᠭᠦᠯᠦᠨ ᠨᠡᠢᠳᠬᠡᠬᠦ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠳᠠᠯᠠᠢ ᠲᠠᠩᠭᠢᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠶ᠋ᠢ ᠴᠢᠩᠭᠠᠳᠬᠠᠵᠤ᠂ ᠭᠣᠣᠯᠳᠠᠯᠭ᠎ᠠ ᠪᠤᠯᠬᠤ ᠳᠠᠯᠠᠢ ᠵᠢᠨ ᠣᠷᠣᠨ᠎ᠳᠠᠬᠢ ᠶᠡᠷᠦᠩᠬᠡᠢᠯᠡᠭᠰᠡᠨ ᠵᠠᠰᠠᠯᠲᠠ ᠶ᠋ᠢ ᠦᠷᠭᠦᠯᠵᠢᠯᠡᠨ ᠬᠡᠷᠡᠭᠵᠢᠭᠦᠯᠵᠦ᠂ ᠳᠠᠯᠠᠢ ᠵᠢᠨ ᠣᠷᠣᠨ᠎ᠢ ᠳᠠᠪᠬᠤᠷᠭ᠎ᠠ ᠬᠤᠪᠢᠶᠠᠨ ᠪᠣᠰᠣᠭ᠎ᠠ ᠴᠣᠭᠴᠠ᠎ᠪᠠᠷ ᠠᠰᠢᠭ᠍ᠯᠠᠬᠤ ᠶ᠋ᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ᠎ᠤᠨ ᠨᠡᠭᠦᠷᠡᠰᠦᠲᠥ᠋ᠷᠥᠭᠴᠢ ᠵᠢᠨ ᠬᠤᠷᠠᠮᠳᠤᠯ᠎ᠳᠤ ᠲᠣᠭᠠᠴᠠᠭ᠎ᠠ ᠬᠢᠬᠦ ᠶ᠋ᠢ ᠰᠦᠪᠡᠭᠴᠢᠯᠡᠨ ᠥᠷᠨᠢᠭᠦᠯᠦᠨ᠎ᠡ᠃ ᠪᠦᠭᠦ ᠪᠥᠮᠪᠥᠷᠴᠡᠭ᠎ᠤᠨ ᠳᠠᠯᠠᠢ ᠲᠠᠩᠭᠢᠰ᠎ᠤᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠪᠦᠭᠦ ᠪᠥᠮᠪᠥᠷᠴᠡᠭ᠎ᠤᠨ ᠳᠠᠯᠠᠢ ᠲᠠᠩᠭᠢᠰ᠎ᠤᠨ ᠰᠢᠨᠵᠢᠯᠡᠬᠦ ᠤᠬᠠᠭᠠᠨ᠎ᠤ ᠰᠤᠳᠤᠯᠤᠯ᠎ᠤᠨ ᠪᠠᠢᠴᠠᠭᠠᠯᠲᠠ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ᠂ ᠬᠥᠬᠡ ᠠᠵᠤ ᠠᠬᠤᠢ ᠵᠢᠨ ᠬᠠᠮᠲᠤᠷᠠᠯᠴᠠᠭ᠎ᠠ ᠶ᠋ᠢ ᠴᠢᠩᠭᠠᠳᠬᠠᠨ᠎ᠠ ᠭᠡᠵᠡᠢ᠃
ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠳ ᠲᠣᠰ ᠬᠤᠷᠠᠯᠳᠤᠭᠠᠨ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠥᠳ ᠬᠤᠷᠠᠯᠳᠤᠭᠠᠨ᠎ᠳᠤ ᠰᠤᠯᠠ ᠣᠷᠣᠯᠴᠠᠪᠠ᠃