ᠰᠢᠨᠬᠤᠸᠠ ᠬᠣᠷᠢᠶ᠎ᠠ ᠵᠢᠨ ᠪᠡᠭᠡᠵᠢᠩ ᠤᠨ 7 ᠰᠠᠷ᠎ᠠ ᠵᠢᠨ 28 ᠤ᠋ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠦᠶᠡᠷ᠎ᠢ ᠰᠡᠷᠭᠡᠢᠯᠡᠵᠦ ᠭᠠᠮᠰᠢᠭ᠋᠎ᠠᠴᠠ ᠠᠪᠤᠷᠬᠠᠤ ᠠᠵᠢᠯ᠎ᠳᠤ ᠴᠢᠬᠤᠯᠠ ᠵᠢᠭᠠᠪᠤᠷᠢ ᠥᠭᠪᠡ᠃
ᠰᠢ ᠵᠢᠨ ᠫᠢᠩ ᠂ ᠣᠢᠷ᠎ᠠ ᠵᠢᠨ ᠡᠳᠦᠷ ᠳᠤᠷᠤᠨᠠᠳᠤ ᠤᠷᠤᠨ ᠂ ᠤᠮᠠᠷᠠᠲᠤ ᠣᠷᠣᠨ ᠂ ᠵᠡᠭᠦᠨ ᠬᠣᠢᠲᠤ ᠣᠷᠣᠨ ᠵᠡᠷᠭᠡ ᠭᠠᠵᠠᠷ᠎ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠦᠶᠡᠷ ᠤᠰᠤᠲᠤᠯ ᠪᠣᠯᠤᠨ ᠭᠠᠵᠠᠷ᠎ᠤᠨ ᠭᠠᠮᠰᠢᠭ᠋ ᠡᠭᠦᠰᠴᠦ ᠂ ᠪᠡᠭᠡᠵᠢᠩ ᠂ ᠾᠸᠪᠸᠢ ᠂ ᠬᠢᠷᠢᠨ ᠂ ᠱᠠᠨᠳᠦ᠋ᠩ ᠵᠡᠷᠭᠡ ᠭᠠᠵᠠᠷ᠎ᠲᠤ ᠤᠯᠠᠨ ᠬᠥᠮᠦᠨ ᠡᠨᠳᠡᠵᠦ ᠰᠢᠷᠬᠠᠲᠤᠭᠰᠠᠨ ᠪᠠ ᠡᠳ᠋ ᠬᠦᠷᠦᠩᠭᠡ ᠬᠣᠬᠢᠷᠠᠭᠰᠠᠨ ᠪᠠᠢᠨ᠎ᠠ ᠃ ᠦᠶᠡᠷ᠎ᠢ ᠰᠡᠷᠭᠡᠢᠯᠡᠵᠦ ᠠᠶᠤᠯ ᠭᠠᠮᠰᠢᠭ᠋᠎ᠠᠴᠠ ᠠᠪᠤᠷᠠᠬᠤ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ ᠂ ᠬᠠᠷᠢᠯᠴᠠᠭ᠎ᠠ ᠲᠠᠰᠤᠷᠠᠵᠤ ᠬᠠᠰᠢᠭ᠍ᠳᠠᠭᠰᠠᠨ ᠬᠥᠮᠦᠰ᠎ᠢ ᠪᠦᠬᠦ ᠬᠦᠴᠦᠨ ᠵᠶ᠋ᠡᠷ ᠵᠶ᠋ᠡᠨ ᠡᠷᠢᠨ ᠠᠪᠤᠷᠠᠵᠤ ᠂ ᠭᠠᠮᠰᠢᠬ᠍ᠲᠠᠬ᠍ᠰᠠᠨ ᠤᠯᠠᠨ ᠲᠦᠮᠡᠨ᠎ᠢ ᠠᠯᠢ ᠲᠦᠷᠭᠡᠨ ᠰᠢᠯᠵᠢᠭᠦᠯᠦᠨ ᠲᠥᠪᠬᠢᠨᠡᠭᠦᠯᠵᠦ ᠂ ᠬᠥᠮᠦᠨ ᠬᠠᠷ᠎ᠠ ᠵᠢᠨ ᠡᠨᠳᠡᠯ ᠰᠢᠷᠬᠠᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠵᠢᠨ ᠫᠢᠩ᠂ ᠣᠳᠣᠬᠠᠨ᠎ᠳᠤ ᠶᠠᠭ 《ᠲᠤᠯᠤᠭᠠᠨ ᠰᠠᠷ᠎ᠠ ᠵᠢᠨ ᠰᠡᠭᠦᠯᠴᠢ ᠨᠠᠢ᠍ᠮᠠᠨ ᠰᠠᠷ᠎ᠠ ᠵᠢᠨ ᠡᠬᠢᠨ》᠎ᠤ ᠦᠶᠡᠷ᠎ᠢ ᠰᠡᠷᠭᠡᠢᠯᠡᠬᠦ ᠵᠠᠩᠭᠢᠯᠠᠭ᠎ᠠ ᠵᠢᠨ ᠬᠤᠭᠤᠴᠠᠭᠠᠨ᠎ᠳᠤ ᠣᠷᠣᠰᠢᠵᠤ ᠪᠠᠢᠨ᠎ᠠ ᠂ ᠡᠯ᠎ᠡ ᠭᠠᠵᠠᠷ ᠣᠷᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠬᠣᠷᠢᠭ᠎ᠠ ᠱᠤᠭᠤᠮ᠎ᠤᠨ ᠰᠡᠳᠭᠢᠬᠦᠶ᠂ ᠲᠤᠢᠯᠰᠢᠷᠠᠯ᠎ᠤᠨ ᠰᠡᠳᠭᠢᠬᠦᠶ ᠵᠢ ᠪᠠᠲᠤ ᠪᠣᠶ ᠪᠣᠯᠭᠠᠵᠤ ᠂ ᠤᠯᠤᠰ ᠲᠥᠷᠥ ᠵᠢᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠪᠣᠳᠠᠲᠠᠢᠵᠢᠭᠤᠯᠵᠤ ᠂ ᠦᠶᠡᠷ᠎ᠢ ᠰᠡᠷᠭᠡᠢᠯᠡᠬᠦ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ᠋ ᠨᠠᠢᠳᠠᠪᠤᠷᠢᠵᠢᠭᠤᠯᠵᠤ᠂ ᠪᠠᠭᠤᠷᠠᠶ ᠭᠣᠭᠴᠣᠭ᠎ᠠ ᠪᠣᠯᠤᠨ ᠭᠤᠤᠯᠳᠠᠯᠭ᠎ᠠ᠎ᠲᠠᠢ ᠭᠠᠵᠠᠷ᠎ᠢ ᠴᠢᠩᠭ᠎ᠠ ᠠᠩᠬᠠᠷᠤᠨ ᠰᠠᠬᠢᠵᠤ ᠂ ᠠᠪᠤᠷᠠᠨ ᠲᠤᠰᠠᠯᠠᠬᠤ ᠬᠦᠴᠦᠨ ᠪᠣᠯᠤᠨ ᠭᠠᠮᠰᠢᠭ᠋᠎ᠠᠴᠠ ᠠᠪᠤᠷᠬᠠᠤ ᠡᠳ᠋ ᠪᠣᠳᠠᠰ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ ᠂ ᠭᠡᠨᠡᠳᠲᠡ ᠵᠢᠨ ᠪᠠᠴᠢᠮ ᠪᠠᠢᠳᠠᠯ ᠭᠠᠷᠪᠠᠯ ᠲᠡᠷᠡ ᠳᠠᠷᠤᠶᠳᠤᠨᠢ ᠴᠤᠤᠷᠢᠶᠠᠲᠤᠨ ᠂ ᠲᠡᠷᠡ ᠳᠠᠷᠤᠶᠳᠤᠨᠢ ᠰᠢᠢᠳᠪᠦᠷᠢᠯᠡᠬᠦ ᠵᠢ ᠦᠨᠡᠨ ᠬᠦ᠌ ᠪᠠᠲᠤᠯᠠᠵᠤ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠡᠣᠯᠣᠰ ᠳᠦᠷᠦ ᠵᠢᠨ ᠲᠣᠪᠴᠢᠶᠠᠨ᠎ᠤ ᠪᠠᠢᠩᠭᠤ ᠵᠢᠨ ᠭᠡᠰᠢᠭᠦᠨ ᠂ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠴᠣᠬᠣᠯᠠᠪᠤᠷᠢ ᠥᠭᠴᠦ ᠂ ᠪᠡᠭᠡᠵᠢᠩ ᠬᠣᠲᠠ ᠵᠢᠨ ᠮᠢ ᠶᠦᠨ ᠲᠣᠭᠣᠷᠢᠭ᠋᠎ᠤᠨ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠰᠢᠭ᠋᠎ᠲᠤ ᠤᠯᠠᠨ ᠬᠥᠮᠦᠨ ᠡᠨᠳᠡᠵᠦ ᠰᠢᠷᠬᠠᠲᠤᠪᠠ ᠂ ᠬᠠᠷᠢᠯᠴᠠᠭ᠎ᠠ ᠲᠠᠰᠤᠷᠠᠭᠰᠠᠨ ᠬᠥᠮᠦᠰ᠎ᠢ ᠪᠦᠬᠦ ᠬᠦᠴᠦ᠎ᠪᠠᠷ ᠵᠶ᠋ᠡᠨ ᠡᠷᠢᠨ ᠠᠪᠤᠷᠠᠵᠤ ᠂ ᠭᠠᠮᠰᠢᠭ᠍ᠳᠠᠭᠰᠠᠨ ᠣᠯᠠᠨ ᠲᠦᠮᠡᠨ᠎ᠢ ᠲᠣᠬᠢᠲᠠᠶ ᠲᠥᠪᠬᠢᠨᠡᠭᠦᠯᠵᠦ ᠂ ᠡᠨᠳᠡᠯ ᠰᠢᠷᠬᠠᠲᠤᠯ᠎ᠢ ᠠᠯᠢ ᠴᠢᠳᠠᠬᠤ᠎ᠪᠠᠷ ᠪᠠᠭᠠᠰᠬᠠᠬᠤ ᠬᠡᠷᠡᠭᠲᠡᠶ ᠃ ᠣᠢᠷ᠎ᠠ ᠵᠢᠨ ᠬᠤᠭᠤᠴᠠᠭᠠᠨ᠎ᠳᠤ ᠤᠮᠠᠷᠠᠲᠤ ᠣᠷᠣᠨ᠎ᠤ ᠬᠡᠰᠡᠭ ᠭᠠᠵᠠᠷ᠎ᠲᠤ ᠵᠠᠯᠭᠠᠭ᠎ᠠ᠎ᠪᠠᠷ ᠰᠢᠷᠦᠭᠦᠨ ᠪᠣᠷᠣᠭᠠᠨ ᠣᠷᠣᠵᠤ ᠂ ᠤᠯᠤᠰ᠎ᠤᠨ ᠦᠶᠡᠷ᠎ᠢ ᠰᠡᠷᠭᠡᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠶᠡᠷᠦᠩᠬᠡᠶ ᠵᠢᠯᠣᠭᠣᠳᠭ᠋ᠤ ᠭᠠᠵᠠᠷ᠎ᠤᠨ᠎ᠬᠢᠨ ᠬᠣᠯᠪᠣᠭᠳᠠᠯ ᠪᠥᠬᠥᠶ ᠭᠠᠵᠠᠷ ᠣᠷᠣᠨ᠎ᠢ ᠵᠢᠯᠣᠭᠣᠳᠤᠨ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠰᠢᠭ᠋᠎ᠢ ᠰᠡᠷᠭᠡᠢᠯᠡᠨ ᠠᠷᠭᠠᠴᠠᠬᠤ ᠵᠢ ᠤᠯᠠᠮ ᠨᠢᠭᠡ ᠠᠯᠬᠤᠮ ᠴᠢᠩᠭᠠᠳᠬᠠᠵᠤ ᠂ ᠤᠨᠴᠠᠭᠠᠢ ᠴᠠᠭ ᠠᠭᠤᠷ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢᠲᠤᠷ ᠬᠢᠵᠦ᠂ ᠭᠤᠤᠯ ᠮᠥᠷᠡᠨ ᠂ ᠤᠰᠤᠨ ᠴᠥᠭᠥᠷᠥᠮ᠎ᠤᠨ ᠬᠠᠰᠢᠯᠭ᠎ᠠ ᠳᠠᠯᠠᠩ᠎ᠢ ᠴᠠᠭᠳᠠᠨ ᠬᠠᠮᠠᠭᠠᠯᠠᠬᠤ ᠪᠠ ᠬᠣᠲᠠ ᠵᠢᠨ ᠲᠤᠲᠤᠷᠠᠬᠢ ᠤᠰᠤᠲᠤᠯ᠎ᠤᠨ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠠᠵᠢᠯ᠎ᠢ ᠴᠢᠩᠭᠠᠳᠬᠠᠵᠤ ᠂ ᠠᠶᠤᠯ ᠲᠦᠭᠰᠢᠭᠦᠷᠢ᠎ᠳᠤ ᠬᠣᠯᠪᠣᠭᠳᠠᠭᠰᠠᠨ ᠣᠯᠠᠨ ᠲᠦᠮᠡᠨ᠎ᠢ ᠴᠠᠭ ᠲᠤᠬᠠᠶ᠎ᠳᠤᠨᠢ ᠰᠢᠯᠵᠢᠭᠦᠯᠵᠦ ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ ᠃