ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 6᠎ᠤ ᠴᠠᠬᠢᠯᠭᠠᠨ ᠮᠡᠳᠡᠭᠡ ᠣᠢᠷ᠎ᠠ᠎ᠳᠤ᠂ ᠤᠯᠤᠰ ᠤᠨ ᠲᠡᠷᠢᠭᠦᠯᠡᠭᠴᠢ ᠰᠢ ᠵᠢᠨ ᠫᠢᠩ ᠢᠷᠡᠭᠡᠳᠦᠢ ᠵᠢᠨ 5 ᠵᠢᠯ᠎ᠳᠤ ᠠᠮᠧᠷᠢᠺᠠ ᠵᠢᠨ 5 ᠲᠦᠮᠡᠨ ᠵᠠᠯᠠᠭᠤᠴᠤᠳ ᠪᠠᠭᠠᠴᠤᠳ᠎ᠢ ᠤᠷᠢᠵᠤ ᠳᠤᠮᠳᠠᠳᠤ ᠤᠯᠤᠰ᠎ᠲᠤ ᠰᠣᠯᠢᠯᠴᠠᠭᠤᠯᠤᠨ ᠰᠤᠷᠤᠯᠴᠠᠭᠤᠯᠬᠤ ᠰᠠᠨᠠᠭᠠᠴᠢᠯᠠᠭᠠᠳᠤ ᠣᠷᠣᠯᠴᠠᠵᠤ᠂ ᠲᠤᠮᠳᠠᠳᠤ ᠤᠯᠤᠰ᠎ᠲᠤ ᠠᠢᠯᠴᠢᠯᠠᠬ᠍ᠰᠠᠨ ᠠᠮᠧᠷᠢᠺᠠ ᠵᠢᠨ ᠮᠠᠷᠢᠯᠠᠨᠳ᠋ ᠵᠧᠦ ᠵᠢᠨ ᠮᠤᠨᠲ᠌ᠭᠤᠮᠸᠷᠢ ᠵᠢᠶᠦ᠋ᠨ᠎ᠤ ᠵᠠᠯᠠᠭᠤᠴᠤᠳ ᠪᠠᠭᠠᠴᠤᠳ᠎ᠤᠨ ᠫᠢᠺ ᠪᠥᠮᠪᠥᠭᠡ ᠵᠢᠨ ᠰᠣᠶᠣᠯ᠎ᠤᠨ ᠰᠣᠯᠢᠯᠴᠠᠭᠠᠨ᠎ᠤ ᠳᠤᠮᠳᠠᠳᠤ ᠤᠯᠤᠰ᠎ᠲᠤ ᠠᠢᠯᠴᠢᠯᠠᠬᠤ ᠪᠦᠯᠬᠦᠮ᠎ᠤᠨ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠶ᠎ᠠ ᠢᠯᠡᠭᠡᠪᠡ ᠃
ᠰᠢ ᠵᠢᠨ ᠫᠢᠩ᠂ ᠲᠠ ᠨᠠᠷ᠎ᠤᠨ ᠳᠤᠮᠳᠠᠳᠤ ᠤᠯᠤᠰ᠎ᠲᠠᠬᠢ ᠠᠢᠯᠴᠢᠯᠠᠯᠲᠠ ᠴᠢᠨᠢ ᠠᠮᠵᠢᠯᠲᠠ ᠤᠯᠤᠭᠰᠠᠨ᠎ᠳᠤ ᠪᠠᠶᠠᠷ ᠬᠦᠷᠭᠡᠵᠦ ᠪᠠᠢᠨ᠎ᠠ ᠃ ᠫᠢᠺ ᠪᠥᠮᠪᠥᠭᠡ ᠵᠢᠨ ᠲᠠᠮᠢᠷ᠎ᠤᠨ ᠬᠥᠳᠡᠯᠭᠡᠭᠡᠨ᠎ᠨᠢ ᠳᠤᠮᠳᠠᠳᠤ ᠠᠮᠧᠷᠢᠺᠠ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠰᠢᠨ᠎ᠡ ᠬᠣᠯᠪᠣᠭᠠᠰᠤ ᠪᠣᠯᠤᠭᠰᠠᠨ᠎ᠢ ᠣᠯᠵᠤ ᠬᠠᠷᠠᠭᠰᠠᠨ᠎ᠳᠠᠭᠠᠨ ᠲᠤᠩ ᠪᠠᠶᠠᠷᠲᠠᠢ ᠪᠠᠢᠨ᠎ᠠ ᠃ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠢᠷᠡᠭᠡᠳᠦᠢ ᠵᠠᠯᠠᠭᠤᠴᠤᠳ᠎ᠲᠤ ᠪᠤᠢ᠂ ᠲᠠ ᠨᠠᠷ ᠬᠣᠶᠠᠷ ᠤᠯᠤᠰ᠎ᠤᠨ ᠨᠥᠬᠥᠷᠯᠡᠯ᠎ᠤᠨ ᠰᠢᠨ᠎ᠡ ᠨᠢᠭᠡ ᠦᠶ᠎ᠡ ᠵᠢᠨ ᠡᠯᠴᠢ ᠪᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠤ ᠨᠥᠬᠥᠷᠯᠡᠯ᠎ᠢ ᠵᠤᠵᠠᠭᠠᠳᠬᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢᠨ᠎ᠠ ᠭᠡᠵᠦ ᠢᠯᠡᠳᠬᠡᠪᠡ ᠃
ᠡᠭᠦᠨ᠎ᠠᠴᠠ ᠡᠮᠦᠨ᠎ᠡ ᠠᠮᠧᠷᠢᠺᠠ ᠵᠢᠨ ᠮᠠᠷᠢᠯᠠᠨᠳ᠋ ᠵᠧᠦ ᠵᠢᠨ ᠮᠤᠨᠲ᠌ᠭᠤᠮᠸᠷᠢ ᠵᠢᠶᠦ᠋ᠨ ᠤ ᠵᠠᠯᠠᠭᠤᠴᠤᠳ ᠪᠠᠭᠠᠴᠤᠳ᠎ᠤᠨ ᠫᠢᠺ ᠪᠥᠮᠪᠥᠭᠡ ᠵᠢᠨ ᠰᠣᠶᠣᠯ᠎ᠤᠨ ᠰᠣᠯᠢᠯᠴᠠᠭᠠᠨ᠎ᠤ ᠳᠤᠮᠳᠠᠳᠤ ᠤᠯᠤᠰ᠎ᠲᠤ ᠠᠢᠯᠴᠢᠯᠠᠬᠤ ᠪᠦᠯᠬᠦᠮ᠎ᠤᠨ ᠪᠠᠭ᠍ᠰᠢ ᠰᠤᠷᠤᠭ᠍ᠴᠢᠳ ᠲᠡᠷᠢᠭᠦᠯᠡᠭᠴᠢ ᠰᠢ ᠵᠢᠨ ᠫᠢᠩ᠎ᠳᠤ ᠵᠠᠬᠢᠳᠠᠯ ᠢᠯᠡᠭᠡᠵᠦ ᠂ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ 《ᠢᠷᠡᠭᠡᠳᠦᠢ ᠵᠢᠨ 5 ᠵᠢᠯ᠎ᠳᠤ ᠠᠮᠧᠷᠢᠺᠠ ᠵᠢᠨ 5 ᠲᠦᠮᠡᠨ ᠵᠠᠯᠠᠭᠤᠴᠤᠳ ᠪᠠᠭᠠᠴᠤᠳ᠎ᠢ ᠤᠷᠢᠵᠤ ᠳᠤᠮᠳᠠᠳᠤ ᠤᠯᠤᠰ᠎ᠲᠤ ᠰᠣᠯᠢᠯᠴᠠᠭᠤᠯᠤᠨ ᠰᠤᠷᠤᠯᠴᠠᠭᠤᠯᠬᠤ》ᠰᠠᠨᠠᠭᠠᠴᠢᠯᠠᠭᠠᠳᠤ ᠲᠠᠯᠠᠷᠬᠠᠵᠤ᠂ ᠡᠨᠡ ᠵᠢᠯ᠎ᠤᠨ 4 ᠰᠠᠷ᠎ᠠ᠎ᠳᠤ ᠲᠡᠳᠡ ᠳᠤᠮᠳᠠᠳᠤ ᠤᠯᠤᠰ᠎ᠲᠤ ᠠᠢᠯᠴᠢᠯᠠᠭᠰᠠᠨᠤ ᠬᠠᠮᠲᠤ ᠫᠢᠺ ᠪᠥᠮᠪᠥᠭᠡ ᠵᠢᠨ ᠰᠣᠯᠢᠯᠴᠠᠭ᠎ᠠ ᠥᠷᠨᠢᠭᠦᠯᠦᠭᠰᠡᠨ ᠥᠩᠭᠡᠷᠡᠯᠲᠡ᠎ᠪᠠᠨ ᠲᠠᠨᠢᠯᠴᠠᠭᠤᠯᠵᠤ᠂ ᠲᠣᠰ ᠤᠳᠠᠭᠠᠨ᠎ᠤ ᠠᠶ᠋ᠢᠯᠴᠢᠯᠠᠯᠲᠠ᠎ᠪᠠᠷ ᠳᠤᠮᠳᠠᠳᠤ ᠤᠯᠤᠰ᠎ᠤᠨ ᠵᠠᠯᠠᠭᠤ ᠪᠠᠭ᠎ᠠ ᠨᠠᠢᠵᠠ ᠨᠠᠷ᠎ᠲᠠᠢ ᠮᠠᠷᠲᠠᠭᠳᠠᠰᠢ ᠦᠭᠡᠢ ᠨᠥᠬᠥᠷᠯᠡᠯ ᠪᠠᠢᠭᠤᠯᠤᠭᠰᠠᠨ ᠵᠶ᠋ᠡᠨ ᠢᠯᠡᠳᠬᠡᠵᠤ᠂ ᠳᠤᠮᠳᠠᠳᠤ ᠤᠯᠤᠰ᠎ᠤᠨ ᠵᠠᠯᠠᠭᠤ ᠪᠠᠭ᠎ᠠ ᠨᠠᠢᠵᠠ ᠨᠠᠷ᠎ᠢ ᠠᠮᠧᠷᠢᠺᠠ᠎ᠳᠤ ᠠᠢᠯᠴᠢᠯᠠᠭᠤᠯᠬᠤ᠎ᠪᠠᠷ ᠤᠷᠢᠬᠤ ᠵᠢ ᠬᠦᠰᠡᠵᠡᠢ ᠃