8 ᠰᠠᠷ᠎ᠠ᠎ᠶᠢᠨ 8᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠵᠣᠭ᠎ᠠ᠎ᠪᠡᠷ ᠣᠷᠣᠰ᠎ᠤᠨ ᠶᠡᠷᠦᠩᠬᠡᠢᠯᠡᠭᠴᠢ ᠫᠦᠲ᠋ᠢᠨ᠎ᠲᠠᠢ ᠤᠲᠠᠰᠤ᠎ᠪᠠᠷ ᠶᠠᠷᠢᠯᠴᠠᠪᠠ᠃
ᠫᠦᠲ᠋ᠢᠨ ᠦᠺᠷᠠᠢᠨ᠎ᠤ ᠬᠢᠮᠤᠷᠠᠯ᠎ᠤᠨ ᠣᠳᠣᠬᠠᠨ᠎ᠤ ᠪᠠᠢᠳᠠᠯ᠎ᠤᠨ ᠲᠤᠬᠠᠢ ᠣᠷᠣᠰ᠎ᠤᠨ ᠦᠵᠡᠯᠲᠡ ᠪᠣᠯᠣᠨ ᠣᠷᠣᠰ ᠠᠮᠧᠷᠢᠺᠠ᠎ᠶᠢᠨ ᠣᠢᠷ᠎ᠠ᠎ᠶᠢᠨ ᠬᠤᠭᠤᠴᠠᠭᠠᠨ᠎ᠤ ᠬᠠᠷᠢᠯᠴᠠᠵᠤ ᠨᠡᠪᠲᠡᠷᠡᠯᠴᠡᠭᠰᠡᠨ ᠪᠠᠢᠳᠠᠯ᠎ᠢ ᠲᠠᠨᠢᠯᠴᠠᠭᠤᠯᠵᠤ᠂ ᠣᠷᠣᠰ᠎ᠤᠨ ᠭᠢᠨ ᠳᠤᠮᠳᠠᠳᠤ ᠤᠯᠤᠰ᠎ᠤᠨ ᠤᠯᠤᠰ ᠲᠥᠷᠥ᠎ᠶᠢᠨ ᠠᠷᠭ᠎ᠠ᠎ᠪᠠᠷ ᠬᠢᠮᠤᠷᠠᠯ᠎ᠢ ᠰᠢᠢᠳᠪᠦᠷᠢᠯᠡᠬᠦ᠎ᠳᠦ ᠭᠠᠷᠭᠠᠭᠰᠠᠨ ᠪᠦᠲᠦᠭᠡᠯᠴᠢ ᠴᠢᠨᠠᠷᠲᠠᠢ ᠦᠢᠯᠡᠳᠦᠯ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠪᠠ᠃ ᠤᠷᠤᠰ ᠳᠤᠮᠳᠠᠳᠤ᠎ᠶᠢᠨ ᠪᠦᠭᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠶᠠᠮᠠᠷᠪᠠ ᠪᠠᠢᠳᠠᠯ ᠳᠣᠣᠷ᠎ᠠ ᠴᠤ᠌ ᠬᠤᠪᠢᠷᠠᠬᠤ ᠦᠭᠡᠢ ᠶᠤᠮ᠂ ᠤᠷᠤᠰ᠎ᠤᠨ ᠭᠢᠨ ᠳᠤᠷᠠᠲᠠᠶ᠎ᠠ ᠦᠷᠭᠦᠯᠵᠢᠯᠡᠨ ᠳᠤᠮᠳᠠᠳᠤ ᠤᠯᠤᠰ ᠯᠤᠭ᠎ᠠ ᠨᠢᠭ᠍ᠲᠠ ᠣᠯᠣᠯᠴᠠᠭ᠎ᠠ᠎ᠪᠠᠨ ᠪᠠᠲᠤᠯᠠᠨ᠎ᠠ ᠭᠡᠵᠦ ᠢᠯᠡᠳᠬᠡᠪᠡ᠃
ᠰᠢ ᠵᠢᠨ ᠫᠢᠩ ᠳᠤᠮᠳᠠᠳᠤ ᠤᠯᠤᠰ᠎ᠤᠨ ᠵᠠᠷᠴᠢᠮ ᠵᠣᠭᠰᠣᠯᠲᠠ᠎ᠶᠢ ᠲᠣᠳᠣᠷᠬᠠᠢᠯᠠᠨ ᠥᠭᠦᠯᠡᠵᠦ᠂ ᠪᠤᠳᠤᠯᠢᠶᠠᠨᠲᠠᠢ ᠠᠰᠠᠭᠤᠳᠠᠯ᠎ᠢ ᠰᠢᠢᠳᠪᠦᠷᠢᠯᠡᠬᠦ᠎ᠳᠦ ᠳᠥᠭᠦᠮ ᠠᠷᠭ᠎ᠠ ᠪᠠᠢᠬᠤ ᠦᠭᠡᠢ ᠶᠤᠮ᠃ ᠪᠠᠢᠳᠠᠯ ᠶᠠᠭᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ ᠴᠥᠮ ᠢᠮᠠᠭᠲᠠ᠎ᠶᠢᠨ ᠵᠣᠭᠰᠣᠯᠲᠠ᠎ᠪᠠᠨ ᠪᠠᠷᠢᠮᠲᠠᠯᠠᠵᠤ᠂ ᠢᠳᠬᠠᠨ ᠡᠪᠰᠡᠭᠦᠯᠵᠦ ᠬᠡᠯᠡᠯᠴᠡᠭᠡ ᠬᠢᠬᠦ᠎ᠶᠢ ᠠᠬᠢᠭᠤᠯᠬᠤ᠎ᠶᠢ ᠪᠠᠷᠢᠮᠲᠠᠯᠠᠨ᠎ᠠ᠃ ᠳᠤᠮᠳᠠᠳᠤ ᠤᠯᠤᠰ ᠤᠷᠤᠰ ᠠᠮᠧᠷᠢᠺᠠ ᠬᠣᠶᠠᠷ ᠲᠠᠯ᠎ᠠ᠎ᠪᠠᠷ᠎ᠢᠶᠠᠨ ᠬᠠᠷᠢᠯᠴᠠᠭ᠎ᠠ᠎ᠪᠠᠨ ᠪᠠᠲᠤᠯᠠᠵᠤ᠂ ᠬᠠᠷᠢᠯᠴᠠᠭ᠎ᠠ᠎ᠪᠠᠨ ᠰᠠᠢᠵᠢᠷᠠᠭᠤᠯᠵᠤ᠂ ᠦᠺᠷᠠᠢᠨ᠎ᠤ ᠬᠢᠮᠤᠷᠠᠯ᠎ᠢ ᠤᠯᠤᠰ ᠲᠦᠷᠦ᠎ᠪᠡᠷ ᠰᠢᠢᠳᠪᠦᠷᠢᠯᠡᠬᠦ ᠠᠬᠢᠴᠠ᠎ᠶᠢ ᠠᠬᠢᠭᠤᠯᠬᠤ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠬᠣᠶᠠᠷ ᠤᠯᠤᠰ᠎ᠤᠨ ᠲᠡᠷᠢᠭᠦᠨ ᠳᠤᠮᠳᠠᠳᠤ ᠤᠷᠤᠰ᠎ᠤᠨ ᠥᠨᠳᠥᠷ ᠲᠦᠪᠰᠢᠨ ᠪᠦᠬᠦᠢ ᠤᠯᠤᠰ ᠲᠦᠷᠦ᠎ᠶᠢᠨ ᠢᠲᠡᠭᠡᠯᠴᠡᠭᠡ ᠪᠣᠯᠣᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠶᠢ ᠢᠳᠡᠪᠬᠢᠲᠡᠢ ᠦᠨᠡᠯᠡᠵᠦ᠂ ᠬᠣᠶᠠᠷ ᠤᠯᠤᠰ᠎ᠤᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠤᠯᠬᠤ᠎ᠶᠢ ᠬᠠᠮᠲᠤ᠎ᠪᠠᠷ ᠠᠬᠢᠭᠤᠯᠬᠤ᠎ᠪᠠᠷ ᠰᠠᠨᠠᠯ ᠨᠢᠭᠡᠲᠡᠢ ᠵᠥᠪᠰᠢᠶᠡᠷᠡᠪᠡ᠃ ᠬᠣᠶᠠᠷ ᠲᠠᠯ᠎ᠠ᠎ᠪᠠᠷ᠎ᠢᠶᠠᠨ ᠬᠦᠴᠦ᠎ᠪᠡᠨ ᠬᠠᠮᠲᠤᠳᠬᠠᠵᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠢᠶᠠᠨᠵᠢᠨ᠎ᠤ ᠲᠦᠷᠦᠭᠦᠴᠦᠳ᠎ᠦᠨ ᠬᠤᠷᠠᠯ᠎ᠢ ᠰᠠᠢᠲᠤᠷ ᠪᠡᠯᠡᠳᠬᠡᠵᠦ᠂ ᠨᠥᠭᠦᠷᠰᠡᠭ᠂ ᠪᠦᠯᠬᠦᠮᠳᠡᠯ᠎ᠲᠠᠢ᠂ ᠡᠯᠪᠡᠭ ᠪᠠᠶᠠᠯᠢᠭ᠋ ᠦᠷ᠎ᠡ ᠪᠦᠲᠦᠭᠡᠯ ᠣᠯᠣᠭᠰᠠᠨ ᠲᠦᠷᠦᠭᠦᠴᠦᠳ᠎ᠦᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠬᠤ ᠪᠣᠯᠣᠨ᠎ᠠ᠃
ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 8᠎ᠤ ᠴᠠᠭᠢᠯᠭᠠᠨ ᠮᠡᠳᠡᠭᠡ