ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠷᠠᠽᠢᠯ᠎ᠤᠨ ᠶᠡᠷᠦᠩᠬᠡᠢᠯᠡᠭᠴᠢ ᠯᠦᠯᠠ ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2025-08-14

     ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 12᠎ᠤᠨ ᠴᠠᠭᠢᠯᠭᠠᠨ ᠮᠡᠳᠡᠭᠡ

    8 ᠰᠠᠷ᠎ᠠ᠎ᠶᠢᠨ 12᠎ᠤᠨ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠵᠣᠭ᠎ᠠ᠎ᠪᠠᠷ ᠪᠷᠠᠽᠢᠯ᠎ᠤᠨ ᠶᠡᠷᠦᠩᠬᠡᠢᠯᠡᠭᠴᠢ ᠯᠦᠯᠠ᠎ᠲᠠᠢ ᠤᠲᠠᠰᠤ᠎ᠪᠠᠷ ᠶᠠᠷᠢᠯᠴᠠᠪᠠ᠃

    ᠰᠢ ᠵᠢᠨ ᠫᠢᠩ᠂ ᠳᠤᠮᠳᠠᠳᠤ ᠪᠷᠠᠽᠢᠯ᠎ᠤᠨ ᠬᠠᠷᠢᠯᠴᠠᠭ᠎ᠠ ᠶᠠᠭ ᠲᠡᠦᠬᠡ᠎ᠶᠢᠨ ᠬᠠᠮᠤᠭ᠎ᠤᠨ ᠰᠠᠢᠨ ᠴᠠᠭ ᠦᠶ᠎ᠡ᠎ᠳᠦ ᠣᠷᠣᠰᠢᠵᠤ᠂ ᠳᠤᠮᠳᠠᠳᠤ ᠪᠷᠠᠽᠢᠯ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠪᠣᠯᠣᠨ ᠬᠣᠶᠠᠷ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ ᠰᠠᠢᠨ ᠡᠭᠢᠯᠡᠯᠲᠡ᠎ᠲᠠᠢ ᠪᠣᠯᠵᠤ᠂ ᠠᠬᠢᠴᠠ ᠤᠷᠤᠭᠰᠢᠲᠠᠢ ᠪᠠᠢᠨ᠎ᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ᠎ᠤᠨ ᠭᠢᠨ᠎ᠲᠠᠢ ᠬᠠᠮᠲᠤ᠎ᠪᠠᠷ ᠠᠵᠠ ᠲᠣᠭᠢᠶᠠᠯ᠎ᠢ ᠠᠮᠵᠢᠵᠤ᠂ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠵᠤ᠂ ᠨᠡᠩ ᠤᠯᠠᠨ ᠬᠠᠷᠢᠯᠴᠠᠨ ᠠᠰᠢᠭ᠍ᠲᠠᠢ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠭᠦᠳᠴᠦ᠂ ᠪᠦᠭᠦ ᠪᠥᠮᠪᠥᠷᠴᠡᠭ᠎ᠦᠨ ᠬᠥᠭᠵᠢᠵᠦ ᠪᠠᠢᠭ᠎ᠠ ᠲᠣᠮᠣ᠌ ᠤᠯᠤᠰ᠎ᠤᠨ ᠪᠦᠯᠬᠦᠮᠳᠡᠨ ᠥᠪᠡᠷ᠎ᠢ᠎ᠪᠡᠨ ᠬᠦᠴᠦᠷᠬᠡᠭᠵᠢᠭᠦᠯᠬᠦ ᠬᠡᠪ ᠳᠠᠭᠤᠷᠢᠶᠠᠯ᠎ᠢ ᠪᠤᠢ ᠪᠤᠯᠭᠠᠵᠤ᠂ ᠨᠡᠩ ᠲᠥᠪ ᠭᠣᠣᠯᠴᠢ ᠳᠡᠯᠡᠬᠡᠢ ᠶᠢᠷᠲᠢᠨᠴᠦ ᠪᠠ ᠨᠡᠩ ᠦᠷᠭᠦᠯᠵᠢᠯᠡᠬᠦ ᠤᠳᠤᠨ ᠪᠥᠮᠪᠥᠷᠴᠡᠭ᠎ᠢ ᠭᠠᠷ ᠬᠣᠯᠪᠣᠯᠴᠠᠨ ᠪᠠᠢᠭᠤᠯᠤᠨ᠎ᠠ ᠭᠡᠵᠦ ᠵᠢᠭᠠᠵᠤ ᠭᠠᠷᠭᠠᠪᠠ᠃

    ᠯᠦᠯᠠ᠂ ᠪᠷᠠᠽᠢᠯ᠎ᠤᠨ ᠭᠢᠨ ᠳᠤᠮᠳᠠᠳᠤ ᠤᠯᠤᠰ ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠤᠯᠬᠤ᠎ᠶᠢ ᠠᠬᠢᠭᠤᠯᠬᠤ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃ ᠯᠦᠯᠠ ᠪᠷᠠᠽᠢᠯ ᠪᠣᠯᠣᠨ ᠠᠮᠧᠷᠢᠺᠠ᠎ᠶᠢᠨ ᠬᠠᠷᠢᠯᠴᠠᠭ᠎ᠠ᠎ᠶᠢᠨ ᠣᠢᠷ᠎ᠠ᠎ᠶᠢᠨ ᠪᠠᠢᠳᠠᠯ ᠵᠢᠴᠢ ᠪᠷᠠᠽᠢᠯ᠎ᠤᠨ ᠲᠤᠰ ᠪᠡᠶ᠎ᠡ᠎ᠶᠢᠨ ᠡᠷᠬᠡ ᠮᠡᠳᠡᠯ᠎ᠢᠶᠡᠨ ᠡᠷᠡᠰ ᠬᠠᠮᠠᠭᠠᠯᠠᠬᠤ ᠵᠠᠷᠴᠢᠮ ᠵᠣᠭᠰᠣᠯᠲᠠ᠎ᠪᠠᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠴᠢᠯᠦᠭᠡᠲᠦ ᠠᠷᠠᠯᠵᠢᠶᠠᠨ᠎ᠤ ᠳᠦᠷᠢᠮ᠎ᠢ ᠬᠠᠮᠠᠭᠠᠯᠠᠵᠤ᠂ ᠳᠡᠯᠡᠬᠡᠢ᠎ᠶᠢᠨ ᠬᠡᠷᠡᠭ ᠶᠠᠪᠤᠳᠠᠯ᠎ᠳᠤ ᠬᠠᠷᠢᠭᠤᠴᠠᠯᠭ᠎ᠠ᠎ᠲᠠᠢ ᠦᠢᠯᠡᠳᠦᠯ ᠦᠵᠡᠭᠦᠯᠵᠦ ᠪᠠᠢᠬᠤ᠎ᠶᠢ ᠮᠠᠭᠲᠠᠨ ᠰᠠᠢᠰᠢᠶᠠᠪᠠ᠃ ᠪᠷᠠᠽᠢᠯ᠎ᠤᠨ ᠭᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠯᠳᠠᠨ ᠲᠣᠭᠣᠰᠭ᠎ᠠ ᠤᠯᠤᠰ᠎ᠤᠳ ᠵᠡᠷᠭᠡ ᠤᠯᠠᠨ ᠲᠠᠯᠠᠲᠤ ᠲᠣᠭᠲᠠᠴᠠ᠎ᠳᠠᠬᠢ ᠣᠯᠣᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠭᠠᠭᠴᠠ ᠲᠠᠯ᠎ᠠ᠎ᠶᠢᠨ ᠡᠵᠡᠷᠬᠡᠭᠯᠡᠨ ᠳᠠᠷᠤᠯᠠᠬᠤ ᠠᠵᠢᠯᠯᠠᠭ᠎ᠠ᠎ᠶᠢ ᠡᠰᠡᠷᠭᠦᠴᠡᠵᠦ᠂ ᠡᠯ᠎ᠡ ᠤᠯᠤᠰ᠎ᠤᠨ ᠬᠠᠮᠲᠤ᠎ᠶᠢᠨ ᠠᠰᠢᠭ᠋ ᠲᠤᠰᠠ᠎ᠶᠢ ᠬᠠᠮᠠᠭᠠᠯᠠᠨ᠎ᠠ ᠭᠡᠪᠡ᠃

    ᠰᠢ ᠵᠢᠨ ᠫᠢᠩ᠂ ᠳᠤᠮᠳᠠᠳᠤ ᠤᠯᠤᠰ ᠪᠷᠠᠽᠢᠯ᠎ᠤᠨ ᠠᠷᠠᠳ ᠲᠦᠮᠡᠨ᠎ᠦ ᠤᠯᠤᠰ᠎ᠤᠨ ᠡᠷᠬᠡ ᠮᠡᠳᠡᠯ᠎ᠢᠶᠡᠨ ᠬᠠᠮᠠᠭᠠᠯᠠᠬᠤ᠎ᠶᠢ ᠲᠡᠮᠵᠢᠵᠥ᠂ ᠪᠷᠠᠽᠢᠯ᠎ᠤᠨ ᠭᠢᠨ᠎ᠦ ᠥᠪᠡᠷ᠎ᠦᠨ ᠵᠦᠢ ᠶᠣᠰᠣᠨ᠎ᠤ ᠡᠷᠬᠡ ᠠᠰᠢᠭ᠋᠎ᠢᠶᠠᠨ ᠬᠠᠮᠠᠭᠠᠯᠠᠬᠤ᠎ᠶᠢ ᠲᠡᠮᠵᠢᠨ᠎ᠡ᠃ ᠡᠯ᠎ᠡ ᠤᠯᠤᠰ ᠪᠦᠯᠬᠦᠮᠳᠡᠵᠡᠭᠡᠵᠦ᠂ ᠲᠤᠭ ᠲᠡᠮᠳᠡᠭ ᠲᠣᠳᠣᠷᠬᠠᠢ᠎ᠪᠠᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠎ᠢ ᠡᠰᠡᠷᠭᠦᠴᠡᠪᠡᠯ ᠵᠣᠬᠢᠨ᠎ᠠ᠃ ᠠᠯᠳᠠᠨ ᠲᠣᠭᠣᠰᠭ᠎ᠠ ᠤᠯᠤᠰ᠎ᠤᠳ᠎ᠤᠨ ᠲᠣᠭᠲᠠᠴᠠ ᠪᠣᠯ ᠪᠦᠭᠦ ᠪᠥᠮᠪᠥᠷᠴᠡᠭ᠎ᠦᠨ ᠬᠥᠭᠵᠢᠵᠦ ᠪᠠᠢᠭ᠎ᠠ ᠤᠯᠤᠰ᠎ᠤᠳ᠎ᠤᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ ᠴᠢᠬᠤᠯᠠ ᠲᠠᠪᠴᠠᠩ ᠪᠣᠯᠣᠨ᠎ᠠ᠂ ᠪᠷᠠᠽᠢᠯ᠎ᠤᠨ ᠭᠢᠨ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠬᠤ ᠬᠥᠮᠥᠰ᠎ᠦᠨ ᠠᠭᠤᠯᠵᠠᠯᠲᠠ᠎ᠶᠢ ᠠᠮᠵᠢᠯᠲᠠ᠎ᠲᠠᠢ ᠡᠷᠭᠢᠯᠡᠭᠰᠡᠨ᠎ᠳᠦ ᠪᠠᠶᠠᠷ ᠬᠦᠷᠭᠡᠵᠦ ᠪᠠᠢᠨ᠎ᠠ᠃ ᠪᠦᠭᠦ ᠪᠥᠮᠪᠥᠷᠴᠡᠭ᠎ᠦᠨ ᠬᠥᠭᠵᠢᠵᠦ ᠪᠠᠢᠭ᠎ᠠ ᠤᠯᠤᠰ᠎ᠤᠳ ᠤᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ᠌᠎ᠶᠢ ᠭᠠᠷ ᠬᠣᠯᠪᠣᠯᠴᠠᠨ ᠬᠠᠮᠠᠭᠠᠯᠠᠵᠤ᠂ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶᠢ ᠬᠠᠮᠠᠭᠠᠯᠠᠵᠤ᠂ ᠬᠥᠭᠵᠢᠵᠦ ᠪᠠᠢᠭ᠎ᠠ ᠤᠯᠤᠰ᠎ᠤᠳ᠎ᠤᠨ ᠵᠦᠢ ᠶᠣᠰᠣᠨ᠎ᠤ ᠡᠷᠬᠡ ᠠᠰᠢᠭ᠋᠎ᠢ ᠬᠠᠮᠠᠭᠠᠯᠠᠪᠠᠯ ᠵᠣᠬᠢᠨ᠎ᠠ᠃ ᠳᠤᠮᠳᠠᠳᠤ ᠪᠷᠠᠽᠢᠯ ᠦᠷᠭᠦᠯᠵᠢᠯᠡᠨ ᠪᠦᠭᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠠᠷᠭᠠᠴᠠᠭᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠸᠯᠸᠮ᠎ᠤᠨ ᠶᠡᠬᠡ ᠬᠤᠷᠠᠯ᠎ᠤᠨ ᠠᠮᠵᠢᠯᠲᠠ ᠣᠯᠬᠤ᠎ᠶᠢ ᠪᠠᠲᠤᠯᠠᠵᠤ᠂ 《ᠡᠩᠬᠡ ᠲᠠᠢᠪᠤᠩ᠎ᠤᠨ ᠨᠠᠢᠵᠠ》᠎ᠶᠢᠨ ᠳᠤᠭᠤᠢᠯᠠᠩ᠎ᠤᠨ ᠤᠯᠤᠰ ᠲᠦᠷᠦ᠎ᠶᠢᠨ ᠠᠷᠭ᠎ᠠ᠎ᠪᠠᠷ ᠦᠺᠷᠠᠢᠨ᠎ᠤ ᠬᠢᠮᠤᠷᠠᠯ᠎ᠢ ᠰᠢᠢᠳᠪᠦᠷᠢᠯᠡᠬᠦ᠎ᠳᠦ ᠦᠢᠯᠡᠳᠦᠯ ᠦᠵᠡᠭᠦᠯᠭᠦ᠎ᠶᠢ ᠠᠬᠢᠭᠤᠯᠤᠶ᠎ᠠ ᠭᠡᠵᠦ ᠢᠯᠡᠳᠬᠡᠪᠡ᠃

ᠢᠷᠡᠯᠲᠡ᠄         
          
ᠬᠠᠮᠢᠶ᠎ᠡ ᠪᠦᠬᠦᠢ ᠰᠣᠨᠢᠨ
 
            