(2025 ᠣᠨ᠎ᠤ 8 ᠰᠠᠷ᠎ᠠ᠎ᠶᠢᠨ 21᠎ᠤ ᠡᠳᠦᠷ)
ᠸᠠᠩ ᠬᠤ᠌ ᠨᠢᠩ
ᠨᠥᠬᠥᠳ ᠠ᠋᠂ ᠨᠠᠢᠵᠠ ᠨᠠᠷ ᠠ᠋᠄
ᠥᠴᠥᠭᠡᠳᠦᠷ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠲᠥᠪ᠎ᠦᠨ ᠲᠥᠯᠥᠭᠡᠯᠡᠭᠴᠢᠳ᠎ᠦᠨ ᠪᠦᠯᠭᠦᠮ᠎ᠢ ᠳᠠᠭᠠᠭᠤᠯᠤᠨ ᠦᠵᠡᠰᠬᠦᠯᠡᠩᠲᠦ ᠰᠠᠢᠬᠠᠨ ᡀᠠᠰᠠ᠎ᠳᠤ ᠬᠦᠷᠴᠦ ᠢᠷᠡᠵᠦ᠂ ᠥᠨᠥᠳᠥᠷ ᠪᠡᠯᠭᠡᠯᠡᠬᠦ ᠶᠡᠬᠡ ᠬᠤᠷᠠᠯ᠎ᠳᠤ ᠪᠡᠶ᠎ᠡ᠎ᠪᠡᠷ᠎ᠢᠶᠡᠨ ᠣᠷᠣᠯᠴᠠᠵᠤ᠂ ᠲᠥᠪᠡᠳ᠎ᠦᠨ ᠦᠨᠳᠦᠰᠦᠲᠡᠨ ᠨᠦ᠍ᠭᠦᠳ᠎ᠦᠨ ᠠᠷᠠᠳ ᠲᠦᠮᠡᠨ᠎ᠲᠠᠢ ᠬᠠᠮᠲᠤ᠎ᠪᠠᠷ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠣᠶ᠎ᠶᠢ ᠪᠡᠯᠭᠡᠯᠡᠪᠡ᠃ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ! ᠲᠥᠪᠡᠳ᠎ᠦᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠳᠦ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠰᠠᠢᠨ ᠰᠠᠢᠬᠠᠨ ᠵᠥᠩᠨᠡᠯ ᠳᠡᠪᠰᠢᠭᠦᠯᠵᠦ ᠪᠠᠢᠨ᠎ᠠ! ᠤᠷᠲᠤ ᠬᠤᠭᠤᠴᠠᠭᠠᠨ᠎ᠤ ᠲᠤᠷᠰᠢ ᠲᠥᠪᠡᠳ᠎ᠦᠨ ᠬᠥᠭᠵᠢᠯᠲᠡ ᠳᠠᠪᠰᠢᠯᠲᠠ᠎ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠦᠨ ᠬᠥᠮᠥᠰ᠎ᠲᠦ ᠴᠢᠩ ᠰᠡᠳᠬᠢᠯ᠎ᠦᠨ ᠲᠠᠯᠠᠷᠬᠠᠯ ᠳᠡᠪᠰᠢᠭᠦᠯᠵᠦ ᠪᠠᠢᠨ᠎ᠠ!
1965 ᠣᠨ᠎ᠤ 9 ᠰᠠᠷ᠎ᠠ᠎ᠳᠤ᠂ ᠨᠠᠮ᠎ᠤᠨ ᠲᠥᠪ ᠬᠣᠷᠢᠶ᠎ᠠ᠎ᠶᠢᠨ ᠳᠣᠲᠣᠨᠣ᠌ ᠬᠠᠯᠠᠮᠵᠢᠯᠠᠯ ᠪᠠ ᠨᠠᠮ᠎ᠤᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢᠨ ᠲᠤᠶᠠᠭᠠᠯᠠᠯ ᠳᠣᠣᠷ᠎ᠠ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨᠢ ᠲᠤᠩᠬᠠᠭᠯᠠᠪᠠ᠃ ᠡᠨᠡ ᠪᠣᠯ ᠲᠥᠪᠡᠳ᠎ᠦᠨ ᠬᠥᠭᠵᠢᠯᠲᠡ᠎ᠶᠢᠨ ᠲᠡᠦᠬᠡᠨ ᠳᠡᠭᠡᠷᠡᠬᠢ ᠴᠠᠭ ᠦᠶ᠎ᠡ᠎ᠶᠢ ᠵᠠᠭᠠᠭᠯᠠᠭᠰᠠᠨ ᠠᠴᠢ ᠬᠣᠯᠪᠣᠭᠳᠠᠯ᠎ᠲᠠᠢ ᠲᠣᠮᠣ᠌ ᠶᠠᠪᠤᠳᠠᠯ ᠮᠥᠨ᠂ ᠲᠥᠪᠡᠳ᠎ᠢ ᠨᠠᠢᠷᠠᠮᠳᠠᠯ᠎ᠢᠶᠠᠷ ᠴᠢᠯᠦᠭᠡᠯᠡᠭᠰᠡᠨ ᠪᠠ ᠠᠷᠠᠳᠴᠢᠯᠠᠭᠰᠠᠨ ᠥᠭᠡᠷᠡᠴᠢᠯᠡᠯᠲᠡ ᠬᠢᠭᠰᠡᠨ ᠠᠭᠤᠤ ᠶᠡᠬᠡ ᠦᠷ᠎ᠡ ᠪᠦᠲᠦᠭᠡᠯ᠎ᠢ ᠪᠡᠬᠢᠵᠢᠭᠦᠯᠵᠦ᠂ ᠲᠥᠪᠡᠳ᠎ᠦᠨ ᠨᠡᠢᠭᠡᠮ᠎ᠦᠨ ᠪᠠᠢᠭᠤᠯᠤᠯ᠎ᠤᠨ ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠪᠡ᠃
60 ᠵᠢᠯ᠎ᠦᠨ ᠲᠤᠷᠰᠢ᠂ ᠲᠥᠪᠡᠳ᠎ᠦᠨ ᠠᠵᠤ ᠠᠬᠤᠢ ᠨᠡᠢᠭᠡᠮ ᠪᠦᠭᠦ ᠲᠠᠯ᠎ᠠ᠎ᠪᠠᠷ ᠬᠥᠭᠵᠢᠵᠦ᠂ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 1965 ᠣᠨ᠎ᠳᠤ 3.27 ᠳ᠋ᠦᠩᠰᠢᠭᠤᠷ ᠲᠥᠭᠥᠷᠢᠭ ᠪᠠᠢᠭᠰᠠᠨ᠎ᠡᠴᠡ᠎ᠪᠠᠨ ᠨᠡᠮᠡᠭᠳᠡᠭᠡᠳ 2024 ᠣᠨ᠎ᠳᠤ 2765 ᠳ᠋ᠦᠩᠰᠢᠭᠤᠷ ᠲᠥᠭᠥᠷᠢᠭ ᠪᠣᠯᠵᠤ᠂ 154 ᠲᠠᠭᠢᠨ ᠨᠡᠮᠡᠭᠳᠡᠵᠦ᠂ ᠵᠢᠯ ᠳᠤᠮᠳᠠᠴᠢ᠎ᠪᠠᠷ 8.9% ᠪᠡᠷ ᠨᠡᠮᠡᠭᠳᠡᠵᠦ᠂ ᠵᠠᠰᠠᠮᠠᠯ ᠵᠠᠮ᠎ᠤᠨ ᠲᠡᠷᠭᠡ ᠨᠡᠪᠲᠡᠷᠡᠭᠰᠡᠨ ᠵᠠᠮ᠎ᠤᠨ ᠤᠷᠳᠤ ᠨᠢ 12 ᠲᠦᠮᠡᠨ ᠺᠢᠯᠣᠮᠧᠲᠷ᠎ᠢ ᠳᠠᠪᠠᠵᠤ᠂ 《ᠰᠡᠷᠭᠦᠨ ᠮᠠᠨᠳᠤᠯᠲᠠ ᠨᠡᠷᠡᠮᠵᠢᠲᠦ》 ᠲᠦᠷᠭᠡᠨ᠎ᠤ ᠲᠡᠮᠦᠷ ᠵᠠᠮ᠎ᠤᠨ ᠭᠠᠯᠲᠤ ᠲᠡᠷᠭᠡ ᠥᠨᠳᠥᠷ ᠠᠭᠤᠯᠠ ᠠᠰᠬ᠎ᠠ ᠬᠠᠳᠠ᠎ᠶᠢ ᠲᠤᠭᠤᠯᠵᠥ᠂ 183 ᠵᠤᠷᠪᠤᠰ ᠠᠭᠠᠷ᠎ᠤᠨ ᠠᠶᠠᠯᠠᠯ᠎ᠤᠨ ᠱᠤᠭᠤᠮ ᠳᠡᠯᠡᠬᠡᠢ ᠳ᠋ᠠᠬᠢᠨ᠎ᠢ ᠲᠦᠷᠭᠡᠨ ᠬᠣᠯᠪᠣᠨ ᠨᠠᠪᠲᠠᠷᠡᠭᠦᠯᠵᠦ᠂ 《ᠴᠠᠭᠢᠯᠭᠠᠨ ᠬᠦᠴᠦᠨ᠎ᠦ ᠲᠡᠭᠷᠢ᠎ᠶᠢᠨ ᠵᠠᠮ 》 ᠲᠦᠭ ᠲᠦᠮᠡᠨ ᠠᠢᠯ ᠡᠷᠤᠭᠡ᠎ᠶᠢ ᠭᠡᠷᠡᠯᠲᠦᠭᠦᠯᠵᠦ᠂ 5G ᠳᠣᠬᠢᠶ᠎ᠠ᠎ᠶᠢ ᠵᠦᠮᠤᠯᠠᠩᠮᠠ ᠤᠷᠭᠢᠯ᠎ᠳᠤ ᠬᠦᠷᠭᠡᠪᠡ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠳᠤᠷᠠᠯ ᠡᠳᠦᠷ᠎ᠡᠴᠡ ᠡᠳᠦᠷ ᠰᠠᠢᠵᠢᠷᠠᠵᠤ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠤᠯᠬᠤ ᠣᠷᠣᠯᠭ᠎ᠠ 1965 ᠣᠨ᠎ᠳᠤ ᠲᠣᠰ ᠲᠣᠰ 456 ᠲᠥᠭᠥᠷᠢᠭ᠂ 108 ᠲᠥᠭᠥᠷᠢᠭ ᠪᠠᠢᠭᠰᠠᠨ᠎ᠡᠴᠡ᠎ᠪᠠᠨ 2024 ᠣᠨ᠎ᠳᠤ 55444 ᠲᠥᠭᠥᠷᠢᠭ᠂ 21578 ᠲᠥᠭᠥᠷᠢᠭ ᠪᠣᠯᠣᠨ ᠳᠡᠭᠡᠭᠰᠢᠯᠡᠵᠦ᠂ ᠵᠢᠯ ᠳᠤᠮᠳᠠᠴᠢ᠎ᠪᠠᠷ ᠲᠣᠰ ᠲᠣᠰ 8.5%᠂ 9.4%᠎ᠪᠠᠷ ᠨᠡᠮᠡᠭᠳᠡᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ ᠲᠠᠰᠤᠷᠠᠯᠲᠠ ᠦᠭᠡᠢ ᠲᠡᠭᠦᠯᠳᠡᠷᠵᠢᠵᠦ᠂ 15 ᠵᠢᠯ᠎ᠤᠨ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ᠎ᠢ ᠤᠷᠢᠳ᠎ᠢᠶᠠᠷ ᠬᠡᠷᠡᠭᠵᠢᠭᠦᠯᠵᠦ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠨᠡᠢᠲᠡ 3618 ᠪᠣᠯᠵᠤ᠂ ᠰᠤᠷᠭᠠᠭᠤᠯᠢ᠎ᠳᠤ ᠪᠠᠢᠭ᠎ᠠ ᠰᠣᠷᠣᠬ᠍ᠴᠢ᠎ᠶᠢᠨ ᠶᠡᠷᠦᠩᠬᠡᠢ ᠲᠣᠭ᠎ᠠ 97 ᠲᠦᠮᠡ᠎ᠳᠦ ᠬᠦᠷᠴᠦ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ 1965 ᠣᠨ᠎ᠳᠤ 193 ᠪᠠᠢᠭᠰᠠᠨ᠎ᠡᠴᠡ᠎ᠪᠠᠨ ᠨᠡᠮᠡᠭᠳᠡᠭᠡᠳ 2024 ᠣᠨ᠎ᠳᠤ 7231 ᠪᠣᠯᠵᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ ᠨᠢ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠡᠬᠢᠨ᠎ᠤ ᠦᠶ᠎ᠡ᠎ᠡᠴᠡ 1 ᠲᠠᠭᠢᠨ ᠢᠯᠡᠭᠦᠦ ᠨᠡᠮᠡᠭᠳᠡᠵᠡᠢ᠃ ᠲᠥᠪᠡᠳ᠎ᠦᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ ᠪᠠ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠭᠣᠣᠯ ᠪᠤᠯᠬᠤ ᠭᠣᠣᠯ ᠮᠥᠷᠡᠨ᠂ ᠨᠠᠭᠤᠷ ᠴᠥᠭᠦᠷᠥᠮ᠎ᠦᠨ ᠤᠰᠤᠨ᠎ᠤ ᠴᠢᠨᠠᠷ ᠶᠡᠷᠦᠩᠬᠡᠢ᠎ᠳᠡᠭᠡᠨ ᠰᠢᠯᠢᠳᠡᠭ ᠰᠠᠢᠨ ᠪᠠᠢᠬᠤ᠎ᠶᠢ ᠪᠠᠲᠤᠯᠠᠵᠤ᠂ ᠠᠭᠠᠷ᠎ᠤᠨ ᠴᠢᠨᠠᠷ ᠰᠢᠯᠢᠳᠡᠭ ᠪᠠᠢᠬᠤ ᠡᠳᠦᠷ᠎ᠦᠨ ᠲᠣᠭ᠎ᠠ᠎ᠶᠢᠨ ᠬᠠᠷᠢᠴᠠᠯ 99%᠎ᠡᠴᠡ ᠳᠡᠭᠡᠭᠰᠢ᠎ᠳᠦ ᠭᠦᠷᠪᠡ᠃ ᠲᠥᠪᠡᠳ᠎ᠦᠨ ᠦᠨᠳᠦᠰᠦᠲᠡᠨ᠎ᠦ ᠪᠦᠯᠬᠦᠮᠳᠡᠯ ᠡᠳᠦᠷ ᠢᠷᠡᠬᠦᠶ᠎ᠡ ᠪᠡᠬᠢᠵᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠬᠥᠮᠥᠰ᠎ᠦᠨ ᠰᠡᠳᠬᠢᠯ᠎ᠳᠦ ᠭᠦᠨ ᠬᠠᠳᠠᠩᠰᠢᠵᠤ᠂ ᠱᠠᠰᠢᠨ ᠰᠢᠲᠦᠯᠭᠡ᠎ᠶᠢᠨ ᠡᠷᠬᠡ ᠴᠢᠯᠦᠭᠡ᠎ᠶᠢ ᠭᠦᠢᠴᠡᠳ ᠬᠦᠨᠳᠦᠳᠬᠡᠨ ᠪᠠᠲᠤᠯᠠᠵᠤ᠂ ᠰᠣᠶᠣᠯ᠎ᠤᠨ ᠦᠢᠯᠡᠰ ᠴᠡᠴᠡᠭᠯᠡᠨ ᠬᠥᠭᠵᠢᠵᠦ᠂ ᠭᠡᠰᠡᠷ᠎ᠦᠨ ᠲᠤᠤᠯᠢ᠂ ᠲᠥᠪᠡᠳ ᠵᠦᠴᠦᠭᠡ᠂ ᠲᠥᠪᠡᠳ ᠡᠮ ᠡᠮᠨᠡᠯᠭᠡ᠂ ᠲᠠᠩᠺᠠ ᠤᠷᠠᠯᠢᠭ᠋ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠰᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠲᠥᠪᠡᠳ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠪᠦᠭᠦ ᠲᠠᠯ᠎ᠠ᠎ᠪᠠᠷ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶᠢ ᠲᠣᠭᠲᠠᠭᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠪᠦᠭᠦ ᠲᠠᠯ᠎ᠠ᠎ᠡᠴᠡ ᠡᠭᠦᠰᠦᠨ ᠲᠥᠪᠡᠳ᠎ᠦᠨ ᠥᠨᠢ ᠤᠳᠠᠭᠠᠨ ᠠᠮᠤᠷ ᠲᠦᠪᠰᠢᠨ ᠪᠠ ᠴᠢᠨᠠᠷ ᠰᠠᠢᠲᠠᠢ ᠬᠥᠭᠵᠢᠯᠲᠡ᠎ᠶᠢ ᠰᠢᠰᠲᠧᠮ᠎ᠲᠠᠢ᠎ᠪᠡᠷ ᠤᠬᠠᠭᠠᠯᠠᠨ ᠲᠥᠯᠥᠪᠯᠡᠵᠦ ᠠᠬᠢᠭᠤᠯᠤᠨ᠂ ᠲᠥᠪᠡᠳ ᠬᠥᠭᠵᠢᠯᠲᠡ᠎ᠪᠡᠷ ᠬᠠᠮᠤᠭ᠎ᠤᠨ ᠰᠠᠢᠨ᠂ ᠬᠤᠪᠢᠷᠠᠯᠲᠠ᠎ᠪᠠᠷ ᠬᠠᠮᠤᠭ᠎ᠤᠨ ᠶᠡᠬᠡ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠠᠮᠤᠭ᠎ᠤᠨ ᠣᠯᠠᠨ ᠠᠰᠢᠭ᠋ ᠬᠦᠷᠲᠡᠭᠡᠭᠰᠡᠨ ᠲᠡᠦᠬᠡᠨ ᠴᠠᠭ ᠦᠶ᠎ᠡ᠎ᠳᠦ ᠣᠷᠣᠪᠠ᠃ ᠲᠥᠪᠡᠳ ᠪᠦᠭᠦ ᠤᠯᠤᠰ᠎ᠲᠠᠢ ᠬᠠᠮᠲᠤ᠎ᠪᠠᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠴᠢᠨᠡᠭᠡᠯᠢᠭ ᠨᠡᠢᠭᠡᠮ᠎ᠢ ᠪᠦᠭᠦ ᠲᠠᠯ᠎ᠠ᠎ᠪᠠᠷ ᠪᠠᠢᠭᠤᠯᠤᠨ ᠪᠦᠲᠦᠭᠡᠵᠦ᠂ ᠨᠢᠭᠡ ᠪᠦᠯᠦᠭ ᠤᠯᠤᠰ᠎ᠤᠨ ᠴᠢᠬᠤᠯᠠ ᠶᠡᠬᠡ ᠲᠦᠷᠦᠯ ᠵᠦᠢᠯ᠎ᠢ ᠲᠥᠪᠡᠳ᠎ᠲᠦ ᠨᠠᠢᠳᠠᠪᠤᠷᠢᠵᠢᠭᠤᠯᠤᠨ ᠬᠡᠷᠡᠭᠵᠢᠭᠦᠯᠵᠦ᠂ ᠠᠯᠢ ᠤᠯᠠᠨ ᠴᠢᠬᠤᠯᠠ ᠶᠡᠬᠡ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠠᠰᠢᠭ᠋ ᠬᠦᠷᠲᠡᠭᠡᠵᠦ᠂ ᠲᠥᠪᠡᠳ᠎ᠦᠨ ᠠᠵᠤ ᠠᠬᠤᠢ ᠨᠡᠢᠭᠡᠮ᠎ᠦᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠲᠦ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠠᠷᠠᠳ᠎ᠤᠨ ᠠᠮᠢᠳᠤᠷᠠᠯ᠎ᠤᠨ ᠲᠦᠪᠰᠢᠨ ᠲᠡᠦᠬᠡᠲᠦ ᠴᠢᠨᠠᠷᠲᠠᠢ ᠦᠰᠦᠷᠦᠯᠲᠡ᠎ᠶᠢ ᠪᠡᠶᠡᠯᠡᠭᠦᠯᠵᠦ᠂ ᠨᠡᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠲᠥᠪᠡᠳ᠎ᠦᠨ ᠪᠦᠲᠦᠭᠡᠨ ᠪᠠᠢᠭᠤᠯᠤᠯᠲᠠ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃
60 ᠵᠢᠯ᠎ᠦᠨ ᠲᠤᠷᠰᠢ᠂ ᠲᠥᠪ ᠪᠠ ᠡᠯ᠎ᠡ ᠭᠠᠵᠠᠷ᠎ᠡᠴᠡ ᠲᠥᠪᠡᠳ᠎ᠲᠦ ᠬᠦᠴᠦᠲᠡᠢ ᠳᠡᠮᠵᠢᠯᠭᠡ ᠪᠠ ᠬᠠᠷᠠᠮ ᠦᠭᠡᠢ ᠲᠤᠰᠠᠯᠠᠮᠵᠢ ᠦᠵᠡᠭᠦᠯᠪᠡ᠃ 1965 ᠣᠨ᠎ᠡᠴᠡ 2024 ᠣᠨ ᠪᠤᠯᠲᠠᠯ᠎ᠠ᠂ ᠲᠥᠪ᠎ᠦᠨ ᠡᠳ᠋᠎ᠦᠨ ᠵᠠᠰᠠᠭ᠎ᠡᠴᠡ ᠲᠥᠪᠡᠳ᠎ᠲᠦ ᠨᠡᠢ᠍ᠢᠳᠡ 2.6 ᠲᠦᠮᠡᠨ ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠪᠠ᠃ ᠲᠥᠪᠡᠳ᠎ᠢ ᠠᠵᠢᠯ ᠲᠦᠷᠦᠯ᠎ᠢᠶᠡᠷ ᠳᠡᠮᠵᠢᠨ ᠲᠤᠰᠠᠯᠠᠬᠤ ᠰᠢᠰᠲᠧᠮ᠎ᠢ ᠠᠯᠬᠤᠮ ᠠᠯᠬᠤᠮ᠎ᠢᠶᠠᠷ ᠪᠦᠷᠢᠨᠰᠢᠭᠦᠯᠵᠦ᠂ ᠲᠥᠪᠡᠳ᠎ᠢ ᠲᠤᠰᠠᠯᠠᠬᠤ ᠪᠡᠯᠡ ᠮᠥᠩᠭᠥ᠎ᠶᠢ ᠨᠡᠢ᠍ᠢᠳᠡ 643 ᠳ᠋ᠦᠩᠰᠢᠭᠤᠷ ᠲᠥᠭᠥᠷᠢᠭ ᠣᠷᠣᠭᠤᠯᠵᠤ᠂ ᠲᠥᠪᠡᠳ᠎ᠢ ᠲᠤᠰᠠᠯᠠᠬᠤ 11 ᠪᠦᠯᠦᠭ ᠤᠳᠠᠭ᠎ᠠ᠎ᠶᠢᠨ 1.4 ᠲᠦᠮᠡ ᠭᠠᠷᠤᠢ ᠺᠠᠳ᠋ᠷ ᠴᠢᠳᠠᠪᠤᠷᠢᠲᠠᠨ᠎ᠢ ᠰᠣᠩᠭᠣᠨ ᠲᠣᠮᠢᠯᠠᠵᠤ ᠲᠥᠪᠡᠳ᠎ᠲᠦ ᠣᠴᠢᠭᠤᠯᠤᠨ ᠠᠵᠢᠯᠯᠠᠭᠤᠯᠵᠤ᠂ 17 ᠮᠤᠵᠢ ᠬᠤᠳᠠ᠂ ᠬᠣᠯᠪᠣᠭᠳᠠᠯ ᠪᠦᠬᠦᠢ ᠲᠥᠪ᠎ᠦᠨ ᠠᠵᠤ ᠠᠬᠤᠢᠯᠠᠯ ᠪᠠ ᠲᠥᠪ᠎ᠦᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠡᠴᠡ ᠲᠥᠪᠡᠳ᠎ᠦᠨ 74 ᠰᠢᠶᠠᠨ ᠬᠤᠳᠠ ᠲᠣᠭᠣᠷᠢᠭ᠋᠎ᠢ ᠠᠵᠢᠯ ᠲᠦᠷᠦᠯ᠎ᠢᠶᠡᠷ ᠳᠡᠮᠵᠢᠨ ᠲᠤᠰᠠᠯᠠᠬᠤ ᠪᠦᠭᠦᠨ᠎ᠢ ᠪᠦᠷᠬᠦᠭᠦᠯᠬᠦ ᠪᠠᠢᠷᠢᠰᠢᠯ᠎ᠢ ᠪᠦᠷᠢᠯᠳᠦᠭᠦᠯᠪᠡ᠃ ᠡᠨᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠪᠠᠲᠤ ᠴᠢᠩᠭ᠎ᠠ ᠬᠦᠴᠦᠨ᠎ᠢ ᠭᠦᠢᠴᠡᠳ ᠢᠯᠡᠷᠡᠭᠦᠯᠵᠦ᠂ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠤᠨ ᠢᠯᠡᠷᠬᠡᠢ ᠤᠯᠤᠰ ᠲᠦᠷᠦ᠎ᠶᠢᠨ ᠳᠠᠪᠠᠭᠤᠯᠢᠭ᠋᠎ᠢ ᠭᠦᠢᠴᠡᠳ ᠢᠯᠡᠷᠡᠭᠦᠯᠪᠡ᠃
ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶᠢ ᠪᠠᠷᠢᠮᠲᠠᠯᠠᠪᠠᠯ ᠰᠠᠶᠢ ᠲᠥᠪᠡᠳ᠎ᠦᠨ ᠬᠥᠭᠵᠢᠯ ᠴᠡᠴᠡᠭᠯᠡᠯ ᠲᠠᠪᠰᠢᠯᠳᠠ᠎ᠶᠢ ᠪᠡᠶᠡᠯᠡᠭᠦᠯᠵᠦ᠂ ᠲᠥᠪᠡᠳ᠎ᠦᠨ ᠰᠠᠢᠨ ᠰᠠᠢᠬᠠᠨ ᠢᠷᠡᠭᠡᠳᠦᠢ᠎ᠶᠢ ᠨᠡᠭᠡᠭᠡᠨ ᠡᠭᠦᠳᠴᠦ᠂ ᠰᠠᠶᠢ ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳ᠋ᠤ᠌ ᠵᠣᠯ ᠵᠢᠷᠭᠠᠯ᠎ᠲᠠᠢ ᠠᠮᠤᠷ ᠠᠮᠤᠭᠤᠯᠠᠩ ᠰᠢᠨ᠎ᠡ ᠠᠮᠢᠳᠤᠷᠠᠯ᠎ᠢ ᠡᠳ᠋ᠯᠡᠭᠦᠯᠵᠦ ᠴᠢᠳᠠᠨ᠎ᠠ ᠭᠡᠳᠡᠭ᠎ᠢ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ 60 ᠵᠢᠯ᠎ᠦᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠭᠦᠢᠴᠡᠳ ᠭᠡᠷᠡᠴᠢᠯᠡᠵᠦ ᠪᠠᠢᠨ᠎ᠠ᠃
ᠨᠥᠬᠥᠳ ᠠ᠋᠂ ᠨᠠᠢᠵᠠ ᠨᠠᠷ ᠠ᠋!
ᠣᠳᠣᠬᠠᠨ᠎ᠤ ᠪᠠ ᠬᠣᠢᠰᠢᠳᠠ᠎ᠶᠢᠨ ᠨᠢᠭᠡ ᠬᠡᠰᠡᠭ ᠬᠤᠭᠤᠴᠠᠭᠠᠨ᠎ᠳᠤ᠂ ᠮᠠᠨ᠎ᠤ ᠤᠯᠤᠰ ᠶᠠᠭ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ᠂ ᠲᠥᠪᠡᠳ᠎ᠦᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠴᠤ᠌ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠢᠨ᠎ᠠ᠃ ᠪᠢᠳᠡ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠬᠣᠶᠠᠳᠤᠭᠠᠷ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ 》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠠᠲᠤ ᠡᠵᠡᠮᠳᠡᠵᠦ᠂ ᠲᠣᠭᠲᠠᠭᠤᠨ᠂ ᠬᠥᠭᠵᠢᠯᠲᠡ᠂ ᠠᠮᠢ ᠠᠬᠤᠢ᠂ ᠬᠢᠯᠢ ᠬᠢᠵᠠᠭᠠᠷ᠎ᠢ ᠬᠦᠴᠦᠷᠬᠡᠭᠵᠢᠭᠦᠯᠬᠦ ᠳᠥᠷᠪᠡᠨ ᠶᠡᠬᠡ ᠶᠠᠪᠤᠳᠠᠯ᠎ᠢ ᠰᠠᠢᠲᠤᠷ ᠠᠳᠬᠤᠵᠤ᠂ ᠪᠦᠯᠬᠦᠮᠳᠡᠯ᠎ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠲᠥᠪᠡᠳ᠎ᠢ ᠴᠢᠷᠮᠠᠢᠨ ᠪᠦᠲᠦᠭᠡᠨ ᠪᠠᠢᠭᠤᠯᠤᠶ᠎ᠠ᠃
ᠨᠢᠭᠡᠳᠦᠭᠡᠷ᠎ᠲᠦ᠂ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ᠎ᠶᠢ ᠭᠤᠢᠪᠢᠰᠢ ᠦᠭᠡᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠢ ᠤᠳᠤᠷᠢᠳᠬᠤ ᠭᠣᠣᠯᠯᠠᠭ᠍ᠴᠢ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ ᠮᠥᠨ᠃ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠨ᠂ ᠵᠣᠷᠢᠭ᠋ ᠰᠠᠨᠠᠭ᠎ᠠ᠎ᠪᠠᠨ ᠨᠢᠭᠡᠳᠬᠡᠵᠦ᠂ ᠦᠢᠯᠡ ᠠᠵᠢᠯᠯᠠᠭ᠎ᠠ᠎ᠪᠠᠨ ᠨᠢᠭᠡᠳᠬᠡᠬᠦ᠎ᠶᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠨᠠᠮ᠎ᠤᠨ ᠦᠨᠳᠦᠰᠦᠨ ᠪᠣᠳᠣᠯᠭ᠎ᠠ ᠴᠢᠭᠯᠡᠯᠲᠡ᠎ᠶᠢ ᠲᠥᠪᠡᠳ᠎ᠲᠦ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ᠎ᠶᠢᠨ ᠵᠣᠷᠢᠭ᠋ ᠰᠠᠨᠠᠭ᠎ᠠ ᠪᠠ ᠴᠢᠩᠭ᠎ᠠ ᠪᠠᠢᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ᠎ᠤ ᠡᠩᠨᠡᠭᠡ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠪᠦᠭᠦ ᠲᠠᠯ᠎ᠠ᠎ᠪᠠᠷ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠢᠮᠠᠭᠲᠠ ᠨᠠᠮ᠎ᠤᠨ ᠦᠭᠡ᠎ᠶᠢ ᠡᠷᠡᠰ ᠰᠣᠨᠣᠰᠴᠤ᠂ ᠨᠠᠮ᠎ᠢᠶᠠᠨ ᠳᠠᠭᠠᠬᠤ ᠬᠡᠷᠡᠭᠲᠡᠢ᠃
ᠬᠣᠶᠠᠳᠤᠭᠠᠷ᠎ᠲᠤ᠂ ᠤᠯᠤᠰ ᠣᠷᠣᠨ᠎ᠤ ᠠᠮᠤᠷ ᠲᠦᠪᠰᠢᠨ ᠪᠠ ᠥᠨᠢ ᠤᠳᠠᠭᠠᠨ ᠠᠮᠤᠷ ᠲᠦᠪᠰᠢᠨ ᠪᠠᠢᠬᠤ᠎ᠶᠢ ᠭᠤᠢᠪᠢᠰᠢ ᠦᠭᠡᠢ ᠪᠠᠲᠤᠯᠠᠬᠤ ᠬᠡᠷᠡᠭᠲᠡᠢ᠃ ᠲᠥᠪᠡᠳ᠎ᠦᠨ ᠡᠶ᠎ᠡ ᠵᠣᠬᠢᠴᠠᠩᠭᠤᠢ ᠲᠣᠭᠲᠠᠭᠤᠨ ᠨᠡᠢᠭᠡᠮ᠎ᠦᠨ ᠪᠠᠢᠳᠠᠯ᠎ᠢ ᠪᠡᠬᠢᠵᠢᠭᠦᠯᠵᠦ᠂ ᠪᠦᠭᠦ ᠲᠠᠯ᠎ᠠ᠎ᠪᠠᠷ ᠬᠠᠤᠯᠢ᠎ᠪᠠᠷ ᠲᠥᠪᠡᠳ᠎ᠢ ᠵᠠᠰᠠᠬᠤ᠎ᠶᠢ ᠠᠬᠢᠭᠤᠯᠵᠤ᠂ ᠨᠡᠢᠭᠡᠮ᠎ᠦᠨ ᠵᠠᠰᠠᠯᠲᠠ᠎ᠶᠢ ᠴᠢᠩᠭᠠᠳᠬᠠᠬᠤ ᠪᠠ ᠰᠢᠨ᠎ᠡ᠎ᠶᠢ ᠡᠭᠦᠳᠴᠦ᠂ ᠲᠣᠭᠲᠠᠭᠤᠨ᠎ᠢ ᠬᠠᠮᠠᠭᠠᠯᠠᠬᠤ ᠪᠣᠯᠣᠳ ᠬᠡᠷᠡᠮ ᠲᠡᠮᠦᠷ ᠬᠠᠨ᠎ᠠ᠎ᠶᠢ ᠪᠦᠷᠢᠯᠳᠦᠭᠦᠯᠬᠦ ᠬᠡᠷᠡᠭᠲᠡᠢ᠃ ᠬᠠᠭᠠᠴᠠᠭᠤᠯᠬᠤ᠎ᠶᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠥᠷᠨᠢᠭᠦᠯᠵᠦ᠂ ᠬᠢᠯᠢ ᠬᠢᠵᠠᠭᠠᠷ᠎ᠤᠨ ᠪᠡᠬᠢᠵᠢᠯ ᠪᠠ ᠬᠢᠯᠢ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠥᠪᠡᠳ ᠪᠣᠯ ᠡᠷᠲᠡᠨ᠎ᠡᠴᠡ᠎ᠪᠡᠨ ᠠᠪᠤᠭᠠᠳ ᠳᠤᠮᠳᠠᠳᠤ ᠤᠯᠤᠰ᠎ᠤᠨ ᠲᠠᠷᠬᠠᠨ ᠨᠤᠲᠤᠭ ᠳᠡᠪᠢᠰᠬᠡᠷ ᠰᠠᠯᠵᠤ ᠪᠣᠯᠣᠰᠢ ᠦᠭᠡᠢ ᠨᠢᠭᠡᠨ ᠬᠡᠰᠡᠭ ᠮᠥᠨ᠂ ᠲᠥᠪᠡᠳ᠎ᠦᠨ ᠬᠡᠷᠡᠭ ᠶᠠᠪᠤᠳᠠᠯ ᠪᠣᠯ ᠳᠤᠮᠳᠠᠳᠤ ᠤᠯᠤᠰ᠎ᠤᠨ ᠳᠣᠲᠣᠭᠠᠳᠤ ᠵᠠᠰᠠᠭ ᠮᠥᠨ᠂ ᠶᠠᠮᠠᠷᠪᠠ ᠭᠠᠳᠠᠭᠠᠳᠤ᠎ᠶᠢᠨ ᠬᠦᠴᠦᠨ᠎ᠦ ᠭᠠᠷ ᠲᠦᠷᠦᠭᠦ᠎ᠶᠢ ᠵᠥᠪᠰᠢᠶᠡᠷᠡᠬᠦ ᠦᠭᠡᠢ᠂ ᠡᠬᠡ ᠤᠯᠤᠰ᠎ᠢ ᠬᠠᠭᠠᠴᠠᠭᠤᠯᠬᠤ᠂ ᠲᠥᠪᠡᠳ᠎ᠦᠨ ᠲᠣᠭᠲᠠᠭᠤᠨ᠎ᠢ ᠡᠪᠳᠡᠬᠦ ᠠᠯᠢᠪᠠ ᠬᠤᠤᠪᠢᠯᠳᠤᠯᠭ᠎ᠠ ᠴᠥᠮ ᠢᠯᠠᠭᠳᠠᠬᠤ ᠨᠢ ᠯᠠᠪᠲᠠᠢ ᠶᠤᠮ!
ᠭᠤᠷᠪᠠᠳᠤᠭᠠᠷ᠎ᠲᠤ᠂ ᠦᠨᠳᠦᠰᠦᠲᠡᠨ᠎ᠦ ᠪᠦᠯᠬᠦᠮᠳᠡᠯ᠎ᠢ ᠭᠤᠢᠪᠢᠰᠢ ᠦᠭᠡᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠴᠢᠩᠭᠠᠳᠬᠠᠬᠤ ᠬᠡᠷᠡᠭᠲᠡᠢ᠃ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠱᠠᠰᠢᠨ ᠰᠤᠷᠲᠠᠬᠤᠨ᠎ᠤ ᠡᠶᠡᠪᠡᠷᠭᠦᠦ ᠨᠠᠢᠷᠠᠮᠳᠠᠭᠤ ᠪᠠᠢᠬᠤ᠎ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠬᠠᠮᠠᠳ ᠦᠶ᠎ᠡ᠎ᠶᠢᠨ ᠲᠥᠪᠡᠳ᠎ᠦᠨ ᠵᠣᠷᠢᠭ᠋ ᠰᠠᠨᠠᠭ᠎ᠠ᠂ 《ᠬᠣᠶᠠᠷ ᠵᠠᠮ》᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠷᠢᠭᠤᠨ ᠲᠠᠷᠬᠠᠨ ᠨᠤᠲᠤᠭ ᠳᠡᠪᠢᠰᠬᠡᠷ᠎ᠢᠶᠡᠨ ᠬᠠᠮᠲᠤ᠎ᠪᠠᠷ ᠰᠠᠬᠢᠨ ᠬᠠᠮᠠᠭᠠᠯᠠᠵᠤ᠂ ᠵᠣᠯ ᠵᠢᠷᠭᠠᠯᠲᠤ ᠭᠡᠷ ᠣᠷᠣᠨ᠎ᠢᠶᠠᠨ ᠪᠦᠲᠦᠭᠡᠨ ᠪᠠᠶ᠋ᠢᠭᠤᠯᠬᠤ ᠬᠡᠷᠡᠭᠲᠡᠢ᠃
ᠳᠥᠷᠪᠡᠳᠦᠭᠡᠷ᠎ᠲᠦ᠂ ᠲᠥᠪᠡᠳ᠎ᠦᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠭᠤᠢᠪᠢᠰᠢ ᠦᠭᠡᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠦᠨ᠂ ᠴᠢᠬᠤᠯᠠ ᠶᠡᠬᠡ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠣᠯᠣᠨ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠵᠦ᠂ ᠲᠥᠪᠡᠳ᠎ᠦᠨ ᠪᠣᠳᠠᠲᠤ ᠪᠠᠢᠳᠠᠯ᠎ᠳᠤ ᠨᠡᠢᠴᠡᠭᠰᠡᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠬᠤ ᠬᠡᠷᠡᠭᠲᠡᠢ᠃ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠴᠠᠰᠤᠲᠤ ᠥᠨᠳᠥᠷᠯᠢᠭ᠎ᠦᠨ ᠲᠡᠭᠷᠢ᠎ᠶᠢ ᠨᠠᠩ ᠴᠡᠯᠮᠡᠭ᠂ ᠬᠥᠷᠥᠰᠥ᠎ᠶᠢ ᠨᠠᠩ ᠨᠣᠭᠣᠭᠠᠨ᠂ ᠤᠰᠤ᠎ᠶᠢ ᠨᠠᠩ ᠲᠤᠩᠭᠠᠯᠠᠭ᠂ ᠣᠷᠴᠢᠨ ᠲᠣᠭᠣᠷᠢᠨ᠎ᠢ ᠨᠠᠩ ᠦᠵᠡᠰᠬᠦᠯᠡᠩᠲᠦ ᠰᠠᠢᠬᠠᠨ ᠪᠤᠯᠭᠠᠬᠤ ᠬᠡᠷᠡᠭᠲᠡᠢ᠃
ᠲᠠᠪᠤᠳᠤᠭᠠᠷ᠎ᠲᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠭᠤᠢᠪᠢᠰᠢ ᠦᠭᠡᠢ ᠨᠡᠮᠡᠭᠳᠡᠭᠦᠯᠵᠦ᠂ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠬᠡᠷᠡᠭᠲᠡᠢ᠃ ᠠᠷᠠᠳ ᠲᠦᠮᠡᠨ᠎ᠢᠶᠡᠷ ᠭᠣᠣᠯ ᠪᠤᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠲᠥᠪᠡᠳ᠎ᠦᠨ ᠬᠥᠭᠵᠢᠯᠲᠡ᠎ᠳᠦ ᠣᠷᠣᠭᠤᠯᠤᠯᠲᠠ ᠬᠢᠬᠦ ᠪᠠ ᠳᠡᠮᠵᠢᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠢᠨ᠎ᠡ ᠭᠡᠯᠪᠡᠷᠢ᠎ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠩ ᠤᠯᠠᠨ ᠨᠡᠩ ᠡᠷᠬᠡ ᠲᠡᠭᠰᠢ᠎ᠪᠡᠷ ᠬᠦᠷᠲᠡᠭᠡᠬᠦ ᠬᠡᠷᠡᠭᠲᠡᠢ᠃ ᠨᠠᠮ᠎ᠤᠨ ᠲᠥᠪ ᠬᠣᠷᠢᠶ᠎ᠠ᠎ᠶᠢᠨ ᠬᠠᠯᠠᠮᠵᠢᠯᠠᠯ᠂ ᠪᠦᠭᠦ ᠤᠯᠤᠰ᠎ᠤᠨ ᠲᠤᠰᠠᠯᠠᠮᠵᠢ᠎ᠶᠢ ᠲᠥᠪᠡᠳ᠎ᠦᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠰᠢᠷᠭᠠᠭᠤ ᠬᠠᠲᠠᠭᠤᠵᠢᠯᠲᠠᠢ ᠲᠡᠮᠡᠴᠡᠯ᠎ᠲᠠᠢ ᠤᠶᠠᠯᠳᠤᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃
ᠨᠥᠬᠥᠳ ᠠ᠋᠂ ᠨᠠᠢᠵᠠ ᠨᠠᠷ ᠠ᠋!
ᠲᠡᠦᠬᠡ ᠢᠷᠡᠭᠡᠳᠦᠢ᠎ᠶᠢ ᠰᠡᠩᠬᠡᠷᠡᠭᠦᠯᠵᠦ᠂ ᠲᠡᠮᠡᠴᠡᠯ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠦᠨ᠎ᠡ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠵᠠᠮ ᠨᠡᠭᠡᠭᠡᠨ ᠡᠷᠡᠮᠡᠬᠡᠢᠯᠡᠨ ᠤᠷᠤᠭᠰᠢᠯᠠᠵᠤ᠂ ᠬᠠᠮᠲᠤ ᠪᠡᠷ ᠨᠡᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠲᠥᠪᠡᠳ᠎ᠢ ᠪᠦᠲᠦᠭᠡᠨ ᠪᠠᠶ᠋ᠢᠭᠤᠯᠬᠤ᠎ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!
ᠠᠭᠤᠤ ᠶᠡᠬᠡ ᠡᠬᠡ ᠤᠯᠤᠰ᠎ᠤᠨ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ᠎ᠶᠢ ᠬᠦᠰᠡᠨ ᠵᠥᠩᠨᠡᠶ᠎ᠡ!
ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ᠎ᠶᠢ ᠵᠥᠩᠨᠡᠶ᠎ᠡ!
ᠥᠯᠵᠡᠢ ᠬᠤᠲᠤᠭ ᠣᠷᠣᠰᠢᠬᠤ ᠪᠣᠯᠲᠤᠭᠠᠢ!
ᠰᠢᠨᠬᠤᠸᠠ ᠬᠣᠷᠢᠶ᠎ᠠ᠎ᠶᠢᠨ ᡀᠠᠰᠠ᠎ᠶᠢᠨ 8 ᠰᠠᠷ᠎ᠠ᠎ᠶᠢᠨ 21᠎ᠤ ᠴᠠᠭᠢᠯᠭᠠᠨ ᠮᠡᠳᠡᠭᠡ