ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠠᠲᠤᠨ᠎ᠲᠠᠢ᠎ᠪᠠᠨ ᠺᠠᠮᠪᠤᠵᠠ᠎ᠶᠢᠨ ᠤᠯᠤᠰ᠎ᠤᠨ ᠸᠠᠩ ᠰᠢᠬᠠᠮᠦᠨᠢ ᠪᠣᠯᠣᠨ ᠸᠠᠩ᠎ᠤᠨ ᠡᠬᠡ ᠮᠤᠨᠢᠯᠢᠶᠧ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-08-29

8 ᠰᠠᠷ᠎ᠠ᠎ᠶᠢᠨ 26᠎ᠦ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠠᠲᠤᠨ ᠫᠧᠩ ᠯᠢ ᠶᠤᠸᠠᠨ᠎ᠲᠠᠢ᠎ᠪᠠᠨ ᠵᠥᠩ ᠨᠠᠨ ᠬᠠᠢ᠎ᠳᠤ ᠺᠠᠮᠪᠤᠵᠠ᠎ᠶᠢᠨ ᠤᠯᠤᠰ᠎ᠤᠨ ᠸᠠᠩ ᠰᠢᠬᠠᠮᠦᠨᠢ ᠪᠣᠯᠣᠨ ᠸᠠᠩ᠎ᠤᠨ ᠡᠬᠡ ᠮᠤᠨᠢᠯᠢᠶᠧ᠎ᠲᠠᠢ ᠳᠣᠲᠣᠨᠣ᠌᠎ᠪᠠᠷ ᠠᠭᠤᠯᠵᠠᠪᠠ᠃

8 ᠰᠠᠷ᠎ᠠ᠎ᠶᠢᠨ 26᠎ᠤ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠠᠲᠤᠨ ᠫᠧᠩ ᠯᠢ ᠶᠤᠸᠠᠨ᠎ᠲᠠᠢ᠎ᠪᠠᠨ ᠵᠥᠩ ᠨᠠᠨ ᠬᠠᠢ᠎ᠳᠤ ᠺᠠᠮᠪᠤᠵᠠ᠎ᠶᠢᠨ ᠤᠯᠤᠰ᠎ᠤᠨ ᠸᠠᠩ ᠰᠢᠬᠠᠮᠦᠨᠢ ᠪᠣᠯᠣᠨ ᠸᠠᠩ᠎ᠤᠨ ᠡᠬᠡ ᠮᠤᠨᠢᠯᠢᠶᠧ᠎ᠲᠠᠢ ᠳᠣᠲᠣᠨᠣ᠌᠎ᠪᠠᠷ ᠠᠭᠤᠯᠵᠠᠪᠠ᠃

ᠰᠢᠨᠬᠤᠸᠠ ᠬᠣᠷᠢᠶ᠎ᠠ᠎ᠶᠢᠨ ᠰᠤᠷᠪᠤᠯᠵᠢᠯᠠᠬ᠍ᠴᠢ ᠬᠤᠸᠠᠩ ᠵᠢᠩ ᠸᠸᠨ ᠰᠡᠭᠦᠳᠡᠷᠯᠡᠪᠡ

 

ᠰᠢ ᠵᠢᠨ ᠫᠢᠩ ᠤᠯᠤᠰ᠎ᠤᠨ ᠸᠠᠩ ᠰᠢᠬᠠᠮᠦᠨᠢ ᠪᠣᠯᠣᠨ ᠸᠠᠩ᠎ᠤᠨ ᠡᠬᠡ ᠮᠤᠨᠢᠯᠢᠶᠧ ᠳᠠᠬᠢᠨᠲᠠ ᠳᠤᠮᠳᠠᠳᠤ ᠤᠯᠤᠰ᠎ᠲᠤ ᠢᠷᠡᠭᠰᠡᠨ᠎ᠢ ᠬᠠᠯᠠᠭᠤᠨ᠎ᠢᠶᠠᠷ ᠤᠭᠲᠤᠵᠤ᠂ ᠤᠯᠤᠰ᠎ᠤᠨ ᠸᠠᠩ ᠰᠢᠬᠠᠮᠦᠨᠢ᠎ᠶᠢᠨ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠨ᠎ᠦ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ᠎ᠳᠤ ᠣᠷᠤᠯᠴᠠᠬᠤ᠎ᠶᠢ ᠴᠤ᠌ ᠪᠠᠶᠠᠷᠯᠠᠨ ᠤᠭᠲᠤᠪᠠ᠃ ᠰᠢ ᠵᠢᠨ ᠫᠢᠩ᠂ ᠡᠨᠡ ᠵᠢᠯ᠎ᠤᠨ 4 ᠰᠠᠷ᠎ᠠ᠎ᠳᠤ ᠪᠢ ᠺᠠᠮᠪᠤᠵᠠ᠎ᠳᠤ ᠲᠦᠷᠦ᠎ᠶᠢᠨ ᠶᠠᠪᠤᠳᠠᠯ᠎ᠤᠨ ᠠᠢᠯᠴᠢᠯᠠᠯᠲᠠ ᠬᠢᠭᠡᠳ ᠤᠯᠤᠰ᠎ᠤᠨ ᠸᠠᠩ ᠪᠣᠯᠣᠨ ᠺᠠᠮᠪᠤᠵᠠ᠎ᠶᠢᠨ ᠠᠷᠠᠳ ᠲᠦᠮᠡᠨ᠎ᠦ ᠬᠠᠯᠠᠭᠤᠨ ᠤᠭᠲᠤᠯᠭ᠎ᠠ᠎ᠶᠢ ᠣᠯᠵᠤ᠂ ᠤᠳᠤ ᠪᠤᠯᠲᠠᠯ᠎ᠠ ᠡᠷᠭᠢᠴᠡᠭᠦᠯᠬᠦ᠎ᠳᠦ ᠮᠠᠰᠢ ᠳᠣᠲᠣᠨᠣ᠌ ᠰᠠᠨᠠᠭᠳᠠᠵᠤ ᠪᠠᠢᠨ᠎ᠠ᠃ ᠳᠤᠮᠳᠠᠳᠤ ᠺᠠᠮᠪᠤᠵᠠ᠎ᠶᠢᠨ ᠬᠠᠷᠢᠯᠴᠠᠭ᠎ᠠ ᠳᠡᠯᠡᠬᠡᠢ᠎ᠶᠢᠨ ᠤᠷᠪᠠᠭᠠᠨ ᠬᠥᠷᠪᠡᠭᠡᠨ᠎ᠲᠠᠢ ᠪᠠᠢᠳᠠᠯ᠎ᠤᠨ ᠰᠢᠯᠭᠠᠯᠲᠠ᠎ᠶᠢ ᠲᠤᠭᠤᠯᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠡᠷ ᠲᠤᠭᠤᠯᠬᠤ ᠬᠠᠳᠠᠨ ᠪᠠᠲᠤ ᠨᠥᠬᠥᠷᠯᠡᠯ᠎ᠢ ᠪᠠᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠡᠷᠬᠢᠮ ᠨᠠᠨᠳᠢᠨ ᠥᠪ ᠬᠥᠷᠥᠩᠭᠡ ᠪᠣᠯᠤᠭᠰᠠᠨ ᠶᠤᠮ᠂ ᠡᠭᠦᠨ᠎ᠢ ᠬᠣᠶᠠᠷ ᠲᠠᠯ᠎ᠠ᠎ᠪᠡᠷ᠎ᠢᠶᠡᠨ ᠬᠤᠪᠢ ᠳᠠᠭᠢᠨ ᠨᠠᠨᠳᠢᠩᠨᠠᠭᠤᠰᠢᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ᠎ᠶᠢᠨ ᠪᠠᠢᠳᠠᠯ᠎ᠤᠨ ᠡᠮᠦᠨ᠎ᠡ ᠳᠤᠮᠳᠠᠳᠤ ᠺᠠᠮᠪᠤᠵᠠ ᠬᠣᠶᠠᠷ ᠤᠯᠤᠰ ᠨᠡᠩ ᠡᠷᠡᠰ ᠪᠠᠲᠤ᠎ᠪᠠᠷ ᠬᠠᠮᠲᠤ ᠵᠣᠭᠰᠣᠵᠤ᠂ ᠤᠯᠠᠮᠵᠢᠯᠠᠯᠲᠤ ᠨᠥᠬᠥᠷᠯᠡᠯ᠎ᠢᠶᠠᠨ ᠦᠷᠭᠦᠯᠵᠢᠯᠡᠭᠦᠯᠵᠦ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠪᠦᠭᠦ ᠲᠠᠯ᠎ᠠ᠎ᠶᠢᠨ ᠳᠤᠮᠳᠠᠳᠤ ᠺᠠᠮᠪᠤᠵᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠲᠦᠷᠭᠡᠳᠬᠡᠨ ᠪᠠᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠠᠵᠠ ᠵᠢᠷᠭᠠᠯ ᠬᠦᠷᠲᠡᠭᠡᠶ᠎ᠡ᠃ ᠳᠤᠮᠳᠠᠳᠤ ᠤᠯᠤᠰ ᠺᠠᠮᠪᠤᠵᠠ᠎ᠶᠢᠨ ᠠᠷᠠᠳ ᠲᠦᠮᠡᠨ᠎ᠦ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠵᠤ᠂ ᠤᠯᠤᠰ᠎ᠤᠨ᠎ᠢᠶᠡᠨ ᠥᠨᠢ ᠤᠳᠠᠭᠠᠨ᠎ᠤ ᠠᠮᠤᠷ ᠲᠣᠭᠲᠠᠭᠤᠨ᠎ᠢ ᠪᠡᠶᠡᠯᠡᠭᠦᠯᠬᠦ᠎ᠶᠢ ᠡᠷᠡᠰ ᠳᠡᠮᠵᠢᠨ᠎ᠠ ᠭᠡᠵᠦ ᠢᠯᠡᠳᠬᠡᠪᠡ᠃

ᠰᠢᠬᠠᠮᠦᠨᠢ ᠪᠣᠯᠣᠨ ᠮᠤᠨᠢᠯᠢᠶᠧ᠂ ᠳᠤᠮᠳᠠᠳᠤ ᠤᠯᠤᠰ᠎ᠲᠤ ᠳᠠᠬᠢᠨᠲᠠ ᠢᠷᠡᠭᠰᠡᠨ ᠪᠠ ᠤᠷᠢᠯᠭ᠎ᠠ᠎ᠪᠠᠷ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ᠎ᠳᠤ ᠣᠷᠤᠯᠴᠠᠬᠤ᠎ᠪᠠᠷ ᠪᠠᠢᠭ᠎ᠠ᠎ᠳᠠᠭᠠᠨ ᠮᠠᠰᠢ ᠪᠠᠶᠠᠷᠯᠠᠵᠤ ᠪᠠᠢᠨ᠎ᠠ᠂ ᠳᠤᠮᠳᠠᠳᠤ ᠤᠯᠤᠰ᠎ᠤᠨ ᠠᠷᠠᠳ ᠲᠦᠮᠡᠨ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ᠎ᠢ ᠡᠭᠦᠷᠢᠳᠡ ᠴᠡᠭᠡᠵᠢᠯᠡᠭᠦᠰᠢᠲᠡᠢ ᠶᠤᠮ᠃ ᠲᠡᠷᠢᠭᠦᠯᠡᠭᠴᠢ ᠰᠢ ᠵᠢᠨ ᠫᠢᠩ 4 ᠰᠠᠷ᠎ᠠ᠎ᠳᠤ ᠺᠠᠮᠪᠤᠵᠠ᠎ᠳᠤ ᠲᠡᠦᠬᠡᠲᠦ ᠴᠢᠨᠠᠷᠲᠠᠢ ᠲᠦᠷᠦ᠎ᠶᠢᠨ ᠶᠠᠪᠤᠳᠠᠯ᠎ᠤᠨ ᠠᠢᠯᠴᠢᠯᠠᠯᠲᠠ ᠬᠢᠵᠦ᠂ ᠬᠣᠶᠠᠷ ᠲᠠᠯ᠎ᠠ᠎ᠪᠠᠷ᠎ᠢᠶᠠᠨ ᠨᠥᠬᠥᠷᠯᠡᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ᠎ᠪᠠᠨ ᠬᠠᠮᠲᠤ᠎ᠪᠠᠷ ᠵᠥᠪᠯᠡᠵᠦ᠂ ᠴᠢᠬᠤᠯᠠ ᠦᠷ᠎ᠡ ᠪᠦᠲᠦᠭᠡᠯ ᠣᠯᠵᠠᠢ᠃ ᠺᠠᠮᠪᠤᠵᠠ᠎ᠶᠢᠨ ᠭᠢᠨ ᠢᠮᠠᠭᠲᠠ ᠪᠠᠢᠯᠳᠤᠬᠤ ᠪᠣᠳᠣᠯᠭ᠎ᠠ᠎ᠶᠢᠨ ᠥᠨᠳᠥᠷᠴᠡ᠎ᠡᠴᠡ ᠺᠠᠮᠪᠤᠵᠠ ᠳᠤᠮᠳᠠᠳᠤ᠎ᠶᠢᠨ ᠬᠠᠷᠢᠯᠴᠠᠭ᠎ᠠ᠎ᠳᠦ ᠬᠠᠨᠳᠤᠵᠤ᠂ ᠳᠤᠷᠠᠲᠠᠶ᠎ᠠ ᠺᠠᠮᠪᠤᠵᠠ ᠳᠤᠮᠳᠠᠳᠤ᠎ᠶᠢᠨ ᠤᠯᠠᠮᠵᠢᠯᠠᠯᠲᠤ ᠨᠥᠭᠦᠷᠰᠡᠭ ᠬᠠᠷᠢᠯᠴᠠᠭ᠎ᠠ᠎ᠶᠢ ᠪᠠᠳᠠᠷᠠᠭᠤᠯᠤᠨ ᠳᠡᠯᠭᠡᠷᠡᠭᠦᠯᠵᠦ᠂ ᠰᠢᠨ᠎ᠡ ᠴᠠᠭ ᠦᠶ᠎ᠡ᠎ᠶᠢᠨ ᠪᠦᠭᠦ ᠲᠠᠯ᠎ᠠ᠎ᠶᠢᠨ ᠺᠠᠮᠪᠤᠵᠠ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠢᠭᠤᠯᠤᠨ᠎ᠠ ᠭᠡᠵᠦ ᠢᠯᠡᠳᠬᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄         
          
ᠬᠠᠮᠢᠶ᠎ᠡ ᠪᠦᠬᠦᠢ ᠰᠣᠨᠢᠨ
 
            