9 ᠰᠠᠷ᠎ᠠ᠎ᠶᠢᠨ 14᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠣᠨ ᠤ ᠵᠠᠰᠠᠭ ᠣᠷᠣᠯᠠᠭ᠍ᠴᠢ ᠸᠠᠩ᠎ᠤᠨ ᠵᠠᠯᠭᠠᠮᠵᠢᠯᠠᠭ᠍ᠴᠢ ᠠᠯᠦᠶᠢᠰ ᠬᠠᠷᠢᠯᠴᠠᠨ ᠪᠠᠶᠠᠷ᠎ᠤᠨ ᠴᠠᠭᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠤᠢ᠎ᠶᠢ ᠪᠡᠯᠭᠡᠯᠡᠪᠡ᠃
ᠰᠢ ᠵᠢᠨ ᠫᠢᠩ᠂ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠲᠤᠷᠰᠢ᠂ ᠳᠤᠮᠳᠠᠳᠤ ᠬᠣᠶᠠᠷ ᠤᠯᠤᠰ ᠢᠮᠠᠭᠲᠠ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠯᠴᠡᠬᠦ᠎ᠶᠢ ᠪᠠᠷᠢᠮᠲᠠᠯᠠᠵᠤ᠂ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ᠎ᠶᠢ ᠢᠳᠡᠪᠬᠢᠲᠡᠢ ᠥᠷᠨᠢᠭᠦᠯᠵᠦ᠂ ᠣᠯᠠᠨ ᠲᠠᠯ᠎ᠠ᠎ᠶᠢᠨ ᠬᠦᠷᠢᠶᠡᠨ᠎ᠳᠦ ᠨᠢᠭ᠍ᠲᠠ ᠵᠣᠬᠢᠴᠠᠭᠤᠯᠵᠤ᠂ ᠶᠡᠬᠡ ᠪᠠᠭ᠎ᠠ ᠤᠯᠤᠰ᠎ᠤᠳ᠎ᠤᠨ ᠨᠥᠭᠦᠷᠰᠡᠭ᠎ᠢᠶᠡᠷ ᠬᠠᠷᠢᠯᠴᠠᠬᠤ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠦᠷᠳᠡᠭᠦ ᠥᠯᠢᠭᠡᠷ ᠵᠢᠱ᠌ᠢᠶ᠎ᠡ᠎ᠶᠢ ᠪᠤᠶ ᠪᠣᠯᠭᠠᠪᠠ᠃ ᠪᠢ ᠳᠤᠮᠳᠠᠳᠤ ᠤ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠵᠠᠰᠠᠭ ᠣᠷᠣᠯᠠᠭ᠍ᠴᠢ ᠸᠠᠩ᠎ᠤᠨ ᠵᠠᠯᠭᠠᠮᠵᠢᠯᠠᠭ᠍ᠴᠢ ᠠᠯᠦᠶᠢᠰ ᠲᠠᠢ ᠬᠠᠮᠲᠤ ᠪᠠᠷ ᠴᠢᠷᠮᠠᠢᠵᠤ᠂ ᠬᠣᠶᠠᠷ ᠤᠯᠤᠰ᠎ᠤᠨ ᠨᠥᠬᠥᠷᠯᠡᠯ ᠪᠣᠯᠣᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠡ ᠭᠡᠵᠦ ᠵᠢᠭᠠᠵᠤ ᠭᠠᠷᠭᠠᠪᠠ᠃
ᠠᠯᠦᠶᠢᠰ᠂ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠳᠤᠮᠳᠠᠳᠤ ᠬᠣᠶᠠᠷ ᠤᠯᠤᠰ ᠨᠥᠭᠦᠷᠰᠡᠭ ᠬᠠᠷᠢᠯᠴᠠᠭ᠎ᠠ᠎ᠪᠠᠨ ᠪᠠᠷᠢᠮᠲᠠᠯᠠᠵᠤ᠂ ᠬᠣᠶᠠᠷ ᠲᠠᠯ᠎ᠠ᠎ᠶᠢᠨ ᠶᠠᠪᠤᠯᠴᠠᠭ᠎ᠠ᠎ᠪᠠᠨ ᠭᠦᠨᠵᠡᠭᠡᠢᠷᠡᠭᠦᠯᠵᠦ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠥᠷᠭᠡᠳᠬᠡᠵᠦ᠂ ᠬᠠᠷᠢᠯᠴᠠᠨ ᠳᠡᠮᠵᠢᠬᠦ᠎ᠪᠡᠨ ᠨᠡᠮᠡᠭᠳᠡᠭᠦᠯᠵᠦ᠂ ᠲᠣᠭᠲᠠᠪᠤᠷᠢᠲᠠᠢ᠂ ᠢᠲᠡᠭᠡᠯᠴᠡᠭᠰᠡᠨ ᠬᠠᠨᠢᠲᠠᠨ᠎ᠤ ᠬᠠᠷᠢᠯᠴᠠᠭ᠎ᠠ᠎ᠪᠠᠨ ᠬᠠᠮᠲᠤ᠎ᠪᠠᠷ ᠬᠥᠭᠵᠢᠭᠦᠯᠪᠡ᠂ ᠡᠨᠡ ᠨᠢ ᠣᠳᠣᠬᠠᠨ᠎ᠤ ᠥᠷᠢᠰᠦᠯᠳᠦᠭᠡᠨ ᠤᠯᠠᠨ ᠭᠠᠷᠴᠤ ᠪᠠᠢᠭ᠎ᠠ ᠴᠠᠭ ᠦᠶ᠎ᠡ᠎ᠳᠦ ᠲᠤᠩ ᠴᠢᠬᠤᠯᠠ ᠶᠤᠮ᠃ ᠳᠤᠮᠳᠠᠳᠤ ᠬᠣᠶᠠᠷ ᠤᠯᠤᠰ ᠢᠷᠡᠭᠡᠳᠦᠢ᠎ᠳᠦ ᠰᠣᠯᠢᠯᠴᠠᠭ᠎ᠠ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠤᠨ᠎ᠠ ᠭᠡᠳᠡᠭ᠎ᠲᠦ ᠪᠢ ᠪᠠᠲᠤ ᠢᠲᠡᠭᠡᠵᠦ ᠪᠠᠢᠨ᠎ᠠ ᠭᠡᠵᠦ ᠢᠯᠡᠳᠬᠡᠵᠡᠢ᠃
ᠰᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶᠢᠨ 14᠎ᠤ ᠴᠠᠭᠢᠯᠭᠠᠨ ᠮᠡᠳᠡᠭᠡ