ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
ᠬᠠᠩᠭᠢᠨ ᠬᠣᠰᠢᠭᠤ ᠣᠯᠠᠨ ᠡᠰᠢᠲᠦ ᠬᠥᠭᠵᠢᠯᠲᠡ᠎ᠪᠡᠷ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2025-10-24

《ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ ᠡᠳ᠋᠎ᠦᠨ ᠵᠠᠰᠠᠭ᠎ᠢᠶᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠨᠥᠬᠥᠪᠦᠷᠢ ᠮᠥᠩᠭᠥ (ᠴᠥᠭᠡᠨ ᠲᠣᠭᠠᠲᠤ ᠦᠨᠳᠦᠰᠦᠲᠡᠨ᠎ᠦ ᠬᠥᠭᠵᠢᠯᠲᠡ᠎ᠶᠢᠨ ᠡᠭᠦᠷᠭᠡ)᠎ᠶᠢ 584.18 ᠲᠦᠮᠡᠨ ᠲᠥᠭᠥᠷᠢᠭ ᠵᠣᠯᠭᠠᠭᠤᠯᠵᠤ᠂ ᠤᠯᠠᠠᠠᠤᠰᠦ ᠭᠠᠴᠠᠭ᠎ᠠ᠎ᠳᠤ 32 ᠲᠠᠰᠤᠯᠭ᠎ᠠ ᠣᠨᠴᠠᠯᠢᠭ᠍ᠲᠤ ᠠᠷᠠᠳ᠎ᠤᠨ ᠰᠠᠭᠤᠴᠠ ᠪᠠ 10 ᠲᠠᠰᠤᠯᠭ᠎ᠠ ᠵᠣᠴᠢᠳ᠎ᠤᠨ ᠥᠷᠥᠭᠡ ᠪᠠᠢᠭᠤᠯᠵᠤ ᠥᠭᠴᠡᠢ᠂ ᠡᠨᠡ ᠨᠢ ᠵᠦᠪᠭᠡᠨ ᠸᠠᠭᠠᠷ ᠲᠣᠭᠣᠰᠭ᠎ᠠ ᠮᠣᠳᠣ᠌ ᠴᠢᠯᠠᠭᠤ᠎ᠪᠠᠷ ᠪᠠᠢᠭᠤᠯᠤᠭᠰᠠᠨ ᠪᠠᠢᠰᠢᠩ ᠲᠡᠳᠦᠢ ᠪᠢᠰᠢ᠂ ᠨᠡᠨᠭ ᠴᠦ᠍ ᠦᠨᠳᠦᠰᠦᠲᠡᠨ᠎ᠦ ᠰᠣᠯᠢᠯᠴᠠᠭ᠎ᠠ᠂ ᠰᠣᠶᠣᠯ᠎ᠤᠨ ᠠᠭᠤᠰᠤᠯᠴᠠᠯ᠎ᠤᠨ ᠬᠠᠯᠠᠭᠤᠨ ᠳᠤᠯᠠᠭᠠᠨ ᠪᠠᠭᠤᠴᠠ ᠪᠣᠯᠪᠠ》 ᠴᠥᠭᠡᠨ ᠲᠣᠭᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ᠎ᠶᠢᠨ ᠪᠡᠯᠡ ᠮᠥᠩᠭᠥ᠎ᠪᠡᠷ ᠭᠠᠵᠠᠷ ᠣᠷᠣᠨ᠎ᠤ ᠬᠥᠭᠵᠢᠯᠲᠡ ᠪᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠳᠡᠮᠵᠢᠭᠰᠡᠨ ᠲᠤᠬᠠᠢ ᠣᠷᠳᠣᠰ ᠬᠣᠲᠠ᠎ᠶᠢᠨ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠭᠢᠯᠡᠭᠴᠢ ᠰᠡᠴᠡᠨᠴᠣᠭᠲᠤ ᠡᠢᠨ ᠬᠦ᠌ ᠲᠠᠨᠢᠯᠴᠠᠭᠤᠯᠪᠠ᠃

ᠬᠠᠩᠭᠢᠨ ᠬᠣᠰᠢᠭᠤᠨ᠎ᠤ ᠳᠤᠭᠤᠢᠳᠠᠯ᠎ᠠ ᠪᠠᠯᠭᠠᠰᠤᠨ᠎ᠤ ᠤᠯᠠᠠᠠᠤᠰᠤ ᠭᠠᠴᠠᠭ᠎ᠠ ᠪᠣᠯ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠵᠦ ᠪᠠᠢᠭ᠎ᠠ ᠲᠣᠰᠬᠣᠨ ᠪᠣᠯᠣᠨ᠎ᠠ᠂ ᠲᠣᠰ ᠭᠠᠴᠠᠭ᠎ᠠ ᠥᠪᠡᠷᠮᠢᠴᠡ ᠭᠠᠵᠠᠷ ᠵᠦᠢ᠎ᠶᠢᠨ ᠳᠠᠪᠠᠭᠤᠯᠢᠭ᠋ ᠪᠠ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠠᠵᠤ ᠠᠬᠤᠢᠯᠠᠯ᠎ᠤᠨ ᠲᠥᠭᠦᠮ ᠨᠥᠬᠥᠴᠡᠯ᠎ᠳᠦ ᠪᠡᠨ ᠲᠦᠰᠢᠭᠯᠡᠨ ᠠᠵᠤ ᠦᠢᠯᠡᠰ᠎ᠦᠨ ᠬᠥᠭᠵᠢᠯᠲᠡ ᠪᠣᠯᠣᠨ ᠦᠨᠳᠦᠰᠦᠲᠡᠨ᠎ᠦ ᠠᠵᠢᠯ᠎ᠢ ᠬᠠᠷᠢᠯᠴᠠᠨ ᠠᠬᠢᠭᠤᠯᠤᠨ ᠬᠥᠭᠵᠢᠭᠦᠯᠬᠦ ᠶ᠋ᠢ ᠪᠡᠶᠡᠯᠡᠭᠦᠯᠪᠡ᠃

ᠡᠨᠡ ᠵᠢᠯ ᠬᠦᠷᠢᠶᠡᠯᠡᠩ ᠲᠣᠭᠣᠷᠢᠭ᠋᠎ᠤᠨ ᠦᠢᠯᠡᠳᠪᠦᠷᠢ ᠵᠢᠨ ᠰᠢᠨᠵᠢᠶᠠᠩ᠎ᠠᠴᠠ ᠡᠯᠰᠡᠭᠰᠡᠨ 111 ᠣᠶᠤᠲᠠᠨ ᠡᠨᠳᠡ ᠦᠢᠯᠡᠳᠪᠦᠷᠢᠯᠡᠯ᠎ᠦᠨ ᠲᠣᠭᠣᠷᠢᠭ᠋᠎ᠤᠨ ᠨᠠᠢᠳᠠᠨ ᠬᠥᠮᠥᠵᠢᠭᠦᠯᠬᠦ ᠳᠠᠳᠤᠯᠭ᠎ᠠ᠎ᠶᠢᠨ ᠠᠶᠠᠯᠠᠯ᠎ᠢᠶᠠᠨ ᠡᠬᠢᠯᠡᠭᠦᠯᠪᠡ᠃ ᠲᠠᠳᠠ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠡᠭᠦᠳᠦᠨ ᠪᠠᠢᠭᠤᠯᠤᠭᠰᠠᠨ ᠠᠷᠠᠳ᠎ᠤᠨ ᠰᠠᠭᠤᠴᠠ᠎ᠳᠤ ᠲᠤᠬᠠᠢ᠎ᠶᠢᠨ ᠭᠠᠵᠠᠷ᠎ᠤᠨ ᠠᠵᠢᠯᠴᠢᠳ᠎ᠲᠠᠢ ᠬᠠᠮᠲᠤ ᠠᠵᠢᠯᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠲᠠᠢ ᠡᠶ᠎ᠡ ᠨᠠᠢᠷᠲᠠᠢ᠎ᠪᠠᠷ ᠠᠭᠤᠰᠤᠯᠴᠠᠵᠤ᠂ ᠭᠦᠨ ᠵᠤᠵᠠᠭᠠᠨ ᠨᠥᠬᠥᠷᠯᠡᠯ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ᠂ ᠬᠠᠩᠭᠢᠨ ᠬᠣᠰᠢᠭᠤᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ᠋ ᠵᠢᠷᠤᠭᠯᠠᠯ ᠪᠣᠯᠤᠭᠰᠠᠨ ᠪᠠᠢᠨ᠎ᠠ᠃

ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠬᠠᠪᠰᠤᠷᠤᠯᠭ᠎ᠠ ᠳᠣᠣᠷ᠎ᠠ ᠤᠯᠠᠠᠠᠤᠰᠤ ᠭᠠᠴᠠᠭᠠᠨ᠎ᠤ ᠬᠠᠮᠲᠤ᠎ᠶᠢᠨ ᠠᠵᠤ ᠠᠬᠤᠢ ᠲᠠᠰᠤᠷᠠᠯᠲᠠ ᠦᠭᠡᠢ ᠪᠤᠵᠠᠭᠠᠢᠷᠠᠪᠠ᠃ 《ᠬᠣᠭ ᠨᠣᠪᠰᠢ᠎ᠶᠢ ᠴᠡᠪᠡᠷᠯᠡᠨ ᠲᠡᠭᠡᠭᠡᠪᠦᠷᠢᠯᠡᠬᠦ ᠲᠠᠯ᠎ᠠ᠎ᠪᠠᠷ ᠭᠠᠴᠠᠭ᠎ᠠ ᠵᠢᠯ ᠪᠦᠷᠢ 25.6 ᠲᠦᠮᠡᠨ ᠲᠥᠭᠥᠷᠢᠭ᠎ᠦᠨ ᠲᠣᠭᠲᠠᠭᠤᠨ ᠣᠷᠣᠯᠭ᠎ᠠ ᠣᠯᠤᠨ᠎ᠠ; ᠮᠠᠰᠢᠨ ᠲᠦᠷᠢᠶᠡᠰᠦᠯᠡᠭᠦᠯᠬᠦ ᠲᠤᠬᠠᠢᠯᠠᠭᠰᠠᠨ ᠠᠵᠢᠯ ᠨᠢ ᠵᠠᠬ᠎ᠠ ᠳᠡᠯᠭᠡᠭᠦᠷ᠎ᠦᠨ ᠪᠠᠢᠷᠢ ᠲᠣᠭᠲᠠᠭᠠᠯᠲᠠ ᠬᠢᠭᠡᠳ ᠴᠢᠨᠠᠷ ᠰᠠᠢᠲᠠᠢ ᠦᠢᠯᠡᠴᠢᠯᠡᠭᠡ᠎ᠳᠦ ᠪᠡᠨ ᠲᠦᠰᠢᠭᠯᠡᠨ 20.5 ᠲᠦᠮᠡᠨ ᠲᠥᠭᠥᠷᠢᠭ᠎ᠦᠨ ᠠᠰᠢᠭ᠋ ᠤᠷᠤᠯᠭ᠎ᠠ᠎ᠶᠢ ᠪᠡᠶᠡᠯᠡᠭᠦᠯᠦᠨ᠎ᠡ; ᠤᠯᠠᠮᠵᠢᠯᠠᠯᠲᠤ ᠠᠷᠭ᠎ᠠ ᠪᠡᠷ ᠲᠥᠯ ᠲᠤᠰᠬᠤ ᠪᠠ ᠣᠯᠠᠨ ᠴᠢᠳᠠᠪᠬᠢᠲᠤ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠲᠦᠷᠢᠶᠡᠰᠦᠯᠡᠬᠦ ᠲᠥᠷᠥᠯ ᠵᠦᠢᠯ ᠴᠦ᠍ 8.1 ᠲᠦᠮᠡᠨ ᠲᠥᠭᠥᠷᠢᠭ᠎ᠦᠨ ᠣᠷᠣᠯᠭ᠎ᠠ ᠡᠭᠦᠳᠴᠦ ᠬᠠᠮᠲᠤ᠎ᠶᠢᠨ ᠠᠵᠤ ᠠᠬᠤᠢ᠎ᠳᠤ ᠬᠦᠴᠦᠨ ᠨᠡᠮᠡᠷᠢᠯᠡᠵᠦ ᠪᠠᠢᠨ᠎ᠠ᠃ 2024 ᠣᠨ᠎ᠳᠤ ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ 54.2 ᠲᠦᠮᠡᠨ ᠲᠥᠭᠥᠷᠢᠭ᠎ᠲᠦ ᠬᠦᠷᠴᠡᠢ》 ᠭᠡᠵᠦ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠤᠨ ᠤᠯᠠᠠᠠᠤᠰᠤ ᠭᠠᠴᠠᠭ᠎ᠠ᠎ᠳᠤ ᠲᠣᠮᠢᠯᠠᠭᠰᠠᠨ ᠨᠢᠭᠡᠳᠦᠭᠡᠷ ᠱᠦᠵᠢ ᠬᠡᠯᠡᠪᠡ᠃ ᠲᠡᠭᠦᠨ᠎ᠤ ᠲᠠᠨᠢᠯᠴᠠᠭᠤᠯᠤᠭᠰᠠᠨ ᠵᠢᠡᠷ᠂ ᠠᠷᠠᠳ᠎ᠤᠨ ᠰᠠᠭᠤᠴᠠ᠎ᠶᠢᠨ ᠲᠥᠷᠥᠯ ᠵᠦᠢᠯ᠎ᠢ ᠪᠦᠭᠦ ᠲᠠᠯ᠎ᠠ᠎ᠪᠠᠷ ᠡᠵᠡᠩᠨᠡᠬᠦ᠎ᠶᠢ ᠳᠠᠭᠠᠯᠳᠤᠨ ᠵᠢᠱ᠌ᠢᠯᠲᠡ᠎ᠪᠡᠷ 2025 ᠣᠨ᠎ᠳᠤ ᠲᠣᠰ ᠭᠠᠴᠠᠭ᠎ᠠ᠎ᠳᠤ 50 ᠲᠦᠮᠡᠨ ᠲᠥᠭᠥᠷᠢᠭ᠎ᠦᠨ ᠣᠷᠣᠯᠭ᠎ᠠ ᠣᠯᠭᠣᠵᠤ᠂ ᠭᠠᠴᠠᠭᠠᠨ᠎ᠤ ᠦᠷᠭᠦᠯᠵᠢᠯᠡᠨ ᠬᠥᠭᠵᠢᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃

ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ ᠪᠠ ᠠᠵᠤ ᠦᠢᠯᠡᠰ᠎ᠢᠶᠡᠷ ᠲᠡᠳᠬᠦᠬᠦ᠎ᠪᠡᠷ ᠳᠡᠮᠵᠢᠨ ᠬᠠᠩᠭᠢᠨ ᠬᠣᠰᠢᠭᠤ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠪᠣᠳᠠᠲᠤ ᠬᠦᠴᠦᠨ᠎ᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠠᠷᠠᠳ᠎ᠤᠨ ᠰᠠᠭᠤᠴᠠ᠎ᠶᠢᠨ ᠠᠵᠤ ᠦᠢᠯᠡᠰ᠂ ᠠᠵᠤ ᠠᠬᠤᠢᠯᠠᠯ᠎ᠤᠨ ᠪᠣᠯᠪᠠᠰᠤᠷᠠᠯ ᠵᠡᠷᠭᠡ ᠣᠯᠠᠨ ᠡᠰᠢᠲᠦ ᠠᠷᠭ᠎ᠠ ᠬᠡᠮᠵᠢᠶ᠎ᠡ᠎ᠪᠡᠷ ᠡᠯ᠎ᠡ ᠦᠨᠳᠦᠰᠦᠲᠡᠨ᠎ᠦ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠪᠠᠲᠤ ᠪᠡᠬᠢ ᠬᠥᠭᠥᠷᠭᠡ᠎ᠶᠢ ᠪᠠᠢᠭᠤᠯᠪᠠ᠃ ᠡᠨᠡ ᠬᠦ᠌ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ ᠬᠥᠭᠵᠢᠯᠲᠡ᠎ᠶᠢᠨ ᠵᠠᠭᠪᠤᠷ ᠨᠢ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠲᠥᠯᠥᠪᠯᠡᠭᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠲᠠᠢ ᠣᠨᠣᠪᠴᠢᠲᠠᠢ ᠨᠡᠢᠴᠡᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠪᠡᠬᠢ ᠦᠢᠯᠡᠳᠦᠯᠭᠡ᠎ᠶᠢᠨ ᠲᠤᠯᠭᠠᠭᠤᠷᠢᠯᠠᠯ ᠬᠠᠩᠭᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠬᠥᠭᠵᠢᠬᠦ ᠠᠶᠠᠨ᠎ᠳᠠᠭᠠᠨ ᠭᠠᠷ ᠬᠣᠯᠪᠣᠨ ᠬᠠᠮᠲᠤ᠎ᠪᠠᠷ ᠤᠷᠤᠭᠰᠢᠯᠠᠬᠤ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ᠎ᠶᠢ ᠬᠠᠮᠲᠤ᠎ᠪᠠᠷ ᠵᠢᠷᠤᠭᠯᠠᠪᠠ᠃

ᠢᠷᠡᠯᠲᠡ᠄       
          
ᠬᠠᠮᠢᠶ᠎ᠡ ᠪᠦᠬᠦᠢ ᠰᠣᠨᠢᠨ
 
            