ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠡᠦᠬᠡᠨ ᠳᠤᠷᠠᠰᠬᠠᠯᠲᠤ ᠵᠦᠢᠯᠡᠰ᠎ᠤᠨ ᠡᠷᠲᠡᠨ᠎ᠤ ᠨᠣᠮ ᠰᠤᠳᠤᠷ᠎ᠤᠨ ᠲᠣᠭᠣᠷᠢᠨ ᠦᠵᠡᠭᠦᠯᠭᠡ ᠤᠯᠠᠭᠠᠨᠴᠠᠪ ᠬᠤᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2025-10-30

10 ᠰᠠᠷ᠎ᠠ᠎ᠶᠢᠨ 28 ᠎ᠤ ᠡᠳᠦᠷ ᠂ ᠦᠨᠳᠦᠰᠦᠲᠡᠨ᠎ᠦ ᠰᠣᠶᠣᠯ᠎ᠤᠨ ᠣᠷᠳᠣᠨ᠎ᠠᠴᠠ ᠵᠢᠯᠤᠭᠣᠳᠴᠤ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠷᠲᠡᠨ᠎ᠦ ᠳᠤᠷᠠᠰᠬᠠᠯᠲᠤ ᠵᠦᠢᠯ ᠡᠷᠲᠡᠨ᠎ᠦ ᠨᠣᠮ ᠪᠢᠴᠢᠭ᠎ᠦᠨ ᠲᠣᠭᠣᠷᠢᠨ ᠦᠵᠡᠭᠦᠯᠭᠡ ᠤᠯᠠᠭᠠᠨᠴᠠᠪ ᠬᠣᠲᠠ᠎ᠶᠢᠨ ᠮᠦᠽᠧᠢ᠎ᠳᠦ ᠵᠢᠩᠬᠢᠨᠢ᠎ᠪᠡᠷ ᠡᠬᠢᠯᠡᠪᠡ᠃ 

ᠡᠬᠢᠯᠡᠯᠲᠡ᠎ᠶᠢᠨ ᠶᠣᠰᠣᠯᠠᠯ᠎ᠤᠨ ᠳᠠᠷᠠᠭ᠎ᠠ ᠂ ᠲᠣᠭᠣᠷᠢᠨ ᠦᠵᠡᠭᠴᠢᠳ ᠲᠠᠢᠯᠪᠤᠷᠢᠯᠠᠭ᠍ᠴᠢ᠎ᠶᠢᠨ ᠠᠯᠬᠤᠮ᠎ᠢ ᠳᠠᠭᠠᠨ ᠡᠯ᠎ᠡ ᠦᠨᠳᠦᠰᠦᠲᠡᠨ᠎ᠦ ᠴᠢᠰᠤ ᠮᠢᠬᠠᠨ᠎ᠤ ᠪᠠᠷᠢᠯᠳᠤᠯᠭ᠎ᠠ᠎ᠲᠠᠢ ᠂ ᠤᠰᠤ  ᠠᠭᠤᠰᠤᠯᠴᠠᠭᠰᠠᠨ ᠲᠡᠦᠬᠡ᠎ᠶᠢᠨ ᠤᠷᠳᠤ ᠠᠶᠠᠨ᠎ᠳᠤ ᠠᠯᠬᠤᠨ ᠣᠷᠣᠪᠠ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠂ ᠦᠨᠳᠦᠰᠦᠲᠡᠨ᠎ᠨᠦᠭᠦᠳ᠎ᠦᠨ ᠰᠣᠯᠢᠯᠴᠠᠭ᠎ᠠ ᠠᠭᠤᠰᠤᠯᠴᠠᠯ᠎ᠤᠨ ᠥᠩᠭᠡᠷᠡᠯᠲᠡ᠎ᠶᠢ ᠤᠶᠠᠨ ᠵᠥᠭᠡᠯᠡᠨ ᠪᠥᠭᠡᠳ ᠬᠡᠷᠡᠯ ᠰᠠᠴᠤᠷᠠᠩᠭᠤᠢ ᠳ᠋ᠧᠩ᠎ᠦᠨ ᠬᠡᠷᠡᠯ ᠳᠣᠣᠷ᠎ᠠ ᠂ ᠰᠠᠨ ᠯᠦ᠍᠎ᠶᠢᠨ ᠠᠯᠲᠠᠨ ᠬᠡ᠎ᠲᠠᠢ ᠫᠠᠢᠰᠠ᠎ᠶᠢᠨ ᠳᠡᠭᠡᠷᠡᠬᠢ ᠤᠷᠠᠨ ᠨᠠᠷᠢᠯᠢᠭ᠋ ᠣᠷᠣᠮ᠎ᠤᠳ ᠭᠡᠷᠡᠴᠢᠯᠡᠵᠦ ᠪᠣᠶ; 《 ᠱᠠᠨ ᠬᠠᠢ ᠵᠢᠩ ᠪᠢᠴᠢᠭ 》 ᠂ 《 ᠬᠣᠲᠣᠩ᠎ᠤᠨ ᠬᠢᠵᠠᠭᠠᠷ᠎ᠢ ᠲᠣᠭᠲᠠᠭᠠᠭᠰᠠᠨ ᠳᠦᠷᠢᠮ ᠲᠣᠭᠲᠠᠭᠠᠯ 》 ᠵᠡᠷᠭᠡ ᠡᠷᠲᠡᠨ᠎ᠦ ᠨᠣᠮ ᠪᠢᠴᠢᠭ᠎ᠡᠴᠡ ᠦᠨᠳᠦᠰᠦᠲᠡᠨ᠎ᠨᠦᠭᠦᠳ᠎ᠦᠨ ᠤᠶᠤᠨ ᠰᠠᠨᠠᠭᠠᠨ᠎ᠤ ᠣᠢᠯᠠᠭᠠᠭᠳᠠᠬᠤᠨ ᠂ ᠰᠣᠶᠣᠯ᠎ᠤᠨ ᠤᠯᠠᠮᠵᠢᠯᠠᠯ ᠬᠢᠭᠡᠳ ᠠᠮᠢᠳᠤᠷᠠᠯ᠎ᠤᠨ ᠦᠢᠯᠡᠳᠦᠯᠭᠡ ᠳᠤᠮᠳᠠ ᠨᠢᠭ᠍ᠲᠠ ᠬᠣᠯᠪᠣᠯᠳᠤᠵᠤ ᠂ ᠭᠦᠨ ᠲᠦᠰᠢᠯᠴᠡᠨ ᠣᠷᠣᠰᠢᠬᠤ ᠬᠠᠷᠢᠴᠠᠭ᠎ᠠ᠎ᠶᠢ ᠣᠯᠵᠤ ᠬᠠᠷᠠᠵᠤ ᠪᠣᠯᠣᠨ᠎ᠠ; 《 ᠡᠷᠲᠡᠨ᠎ᠦ ᠨᠣᠮ ᠰᠤᠳᠤᠷ᠎ᠤᠨ ᠥᠯᠢᠭᠡᠷ 》 ᠲᠤᠰᠬᠠᠢ ᠰᠡᠳᠦᠪᠲᠦ ᠪᠤᠯᠤᠩ ᠨᠢ ᠬᠥᠮᠥᠨ ᠪᠦᠬᠦᠨ᠎ᠦ ᠮᠡᠳᠡᠳᠡᠭ ᠲᠡᠦᠬᠡ᠎ᠶᠢᠨ ᠲᠣᠮᠣᠭ ᠪᠠ ᠬᠠᠮᠢᠶ᠎ᠠ ᠪᠦᠬᠦᠢ ᠡᠷᠲᠡᠨ᠎ᠦ ᠨᠣᠮ ᠪᠢᠴᠢᠭ᠎ᠦᠨ ᠲᠡᠮᠳᠡᠭᠯᠡᠯ᠎ᠢᠶᠡᠷ ᠳᠠᠮᠵᠢᠭᠤᠯᠤᠨ ᠂ ᠦᠨᠳᠦᠰᠦᠲᠡᠨ᠎ᠨᠦᠭᠦᠳ᠎ᠦᠨ ᠬᠠᠷᠢᠯᠴᠠᠨ ᠬᠦᠨᠳᠦᠳᠬᠡᠵᠦ ᠂ ᠰᠤᠷᠤᠯᠴᠠᠨ ᠲᠣᠯᠢᠯᠠᠭᠰᠠᠨ ᠲᠡᠦᠬᠡ᠎ᠶᠢᠨ ᠦᠨᠡᠨ ᠵᠢᠷᠤᠭ᠎ᠢ ᠳᠡᠯᠭᠡᠨ ᠦᠵᠡᠭᠦᠯᠵᠡᠢ᠃ 

ᠦᠵᠡᠰᠬᠦᠯᠡᠩ᠎ᠦᠨ ᠭᠤᠷᠪᠠᠳᠤᠭᠠᠷ ᠨᠢᠭᠡᠴᠢ᠎ᠳᠦ ᠨᠠᠮ᠎ᠤᠨ ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠬᠥᠭᠵᠢᠯᠲᠡ᠎ᠶᠢᠨ ᠰᠤᠳᠠᠰᠤ᠎ᠶᠢ ᠢᠯᠡᠷᠡᠭᠦᠯᠵᠦ ᠂ ᠮᠠᠨ᠎ᠤ ᠬᠣᠲᠠ᠎ᠶᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠦᠨᠳᠦᠰᠦᠨ ᠱᠠᠲᠤᠨ᠎ᠤ ᠠᠮᠢᠵᠢᠷᠠᠯ᠎ᠤᠨ ᠬᠦᠴᠦᠨ ᠪᠠ 《 ᠠᠷᠠᠳ᠎ᠤᠨ ᠵᠢᠱ᠌ᠢᠶᠡᠴᠢ 》 ᠳᠦᠭᠦᠢᠮ᠎ᠠ ᠵᠡᠷᠭᠡ ᠲᠡᠷᠢᠭᠦᠨ᠎ᠦ ᠬᠤᠪᠢ ᠬᠥᠮᠥᠨ ᠪᠠ ᠬᠠᠮᠲᠤ᠎ᠶᠢᠨ ᠰᠡᠳᠬᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶᠢ ᠢᠯᠡᠷᠡᠭᠦᠯᠵᠦ ᠂ 《ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ 》 ᠭᠡᠬᠦ ᠭᠦᠨ ᠭᠦᠨᠵᠡᠭᠡᠢ ᠠᠭᠤᠯᠤᠭᠳᠠᠬᠤᠨ᠎ᠢ ᠲᠠᠢᠯᠪᠤᠷᠢᠯᠠᠪᠠ᠃ 

ᠱᠠᠨ ᠰᠢ᠎ᠡᠴᠡ ᠢᠷᠡᠭᠰᠡᠨ ᠵᠤᠭᠠᠴᠠᠭ᠍ᠴᠢ ᠸᠠᠩ ᠷᠦᠢ ᠴᠢ ᠲᠣᠭᠣᠷᠢᠨ ᠦᠵᠡᠭᠰᠡᠨ᠎ᠦ ᠳᠠᠷᠠᠭ᠎ᠠ ᠄ 《 ᠡᠨᠡ ᠤᠳᠠᠭᠠᠨ᠎ᠤ ᠦᠵᠡᠭᠦᠯᠭᠡ ᠨᠢ ᠨᠠᠳᠠ᠎ᠳᠤ ᠮᠠᠰᠢ ᠣᠯᠠᠨ ᠲᠥᠷᠥᠭᠳᠡᠯ ᠥᠭᠪᠡ᠃ ᠡᠨᠡ ᠪᠣᠯ ᠨᠢᠭᠡ ᠤᠳᠠᠭᠠᠨ᠎ᠤ ᠭᠦᠨ ᠭᠦᠨᠵᠡᠭᠡᠢ ᠣᠶᠤᠨ ᠰᠠᠨᠠᠭᠠᠨ᠎ᠤ ᠠᠷᠢᠭᠤᠳᠬᠠᠯ ᠮᠥᠨ ᠂ ᠮᠠᠰᠢ ᠣᠯᠠᠨ ᠲᠡᠦᠬᠡ᠎ᠶᠢᠨ ᠳᠤᠷᠠᠰᠬᠠᠯᠲᠤ ᠵᠦᠢᠯ ᠪᠠ ᠡᠷᠲᠡᠨ᠎ᠦ ᠨᠣᠮ ᠪᠢᠴᠢᠭ᠎ᠲᠦ ᠡᠨᠡ ᠬᠦ᠌ ᠨᠤᠲᠤᠭ ᠳᠡᠪᠢᠰᠬᠡᠷ᠎ᠦᠨ ᠥᠨᠢ ᠤᠳᠠᠭᠠᠨ ᠲᠡᠦᠬᠡ ᠰᠣᠶᠣᠯ᠎ᠢ ᠲᠣᠭᠠᠴᠢᠨ ᠶᠠᠷᠢᠭ᠍ᠰᠠᠨ ᠶᠤᠮ᠃ ᠰᠢᠨ᠎ᠡ ᠴᠠᠭ ᠦᠶ᠎ᠡ᠎ᠶᠢᠨ ᠣᠷᠣᠯᠴᠠᠭ᠍ᠴᠢ ᠪᠣᠯᠤᠭᠰᠠᠨ᠎ᠤ ᠬᠤᠪᠢ᠎ᠳᠤ ᠂ ᠪᠢᠳᠡ ᠬᠥᠮᠥᠨ ᠪᠦᠬᠦᠨ ᠲᠡᠦᠬᠡ ᠪᠠ ᠰᠣᠶᠣᠯ᠎ᠢ ᠤᠯᠠᠮᠵᠢᠯᠠᠬᠤ ᠂ ᠪᠦᠯᠬᠦᠮᠳᠡᠯ᠎ᠢ ᠬᠠᠮᠠᠭᠠᠯᠠᠬᠤ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠨ᠎ᠠ᠃ 》 

ᠣᠢᠯᠠᠭᠠᠭᠰᠠᠨ᠎ᠢᠶᠠᠷ ᠂ ᠲᠣᠰ ᠤᠳᠠᠭᠠᠨ᠎ᠤ ᠦᠵᠡᠰᠬᠦᠯᠡᠩ᠎ᠳᠦ 《 ᠲᠦᠮᠡᠨ ᠣᠯᠠᠨ  ᠰᠡᠳᠬᠢᠯ  ᠶᠡᠬᠡ ᠨᠢᠭᠡᠳᠦᠯ》 ᠂ 《 ᠥᠨᠢ ᠤᠳᠠᠭᠠᠨ ᠶᠡᠬᠡ ᠠᠭᠤᠰᠤᠯᠴᠠᠯ 》 ᠂ 《 ᠶᠡᠬᠡ ᠪᠦᠯᠬᠦᠮᠳᠡᠯ᠎ᠢ ᠭᠠᠷ ᠬᠣᠯᠪᠣᠨ ᠬᠠᠮᠲᠤ᠎ᠪᠠᠷ ᠪᠦᠲᠦᠭᠡᠨ ᠪᠠᠶ᠋ᠢᠭᠤᠯᠬᠤ 》 ᠭᠤᠷᠪᠠᠨ ᠶᠡᠬᠡ ᠭᠣᠣᠯ ᠨᠢᠭᠡᠴᠢ᠎ᠶᠢ ᠪᠠᠢᠷᠢᠯᠠᠭᠤᠯᠵᠤ ᠂ ᠦᠨᠳᠦᠰᠦᠲᠡᠨ᠎ᠦ ᠰᠣᠶᠣᠯ᠎ᠤᠨ ᠣᠷᠳᠣᠨ ᠪᠣᠯᠣᠨ ᠥᠪᠥᠷ ᠮᠣᠩᠭᠣᠯ᠎ᠤᠨ ᠭᠠᠵᠠᠷ ᠣᠷᠣᠨ᠎ᠤ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ ᠂ ᠨᠡᠶ᠋ᠢᠲᠡ 100 ᠭᠠᠷᠤᠢ ᠲᠡᠦᠬᠡ᠎ᠶᠢᠨ ᠳᠤᠷᠠᠰᠬᠠᠯᠲᠤ ᠵᠦᠢᠯ ᠂ 60 ᠭᠠᠷᠤᠢ ᠡᠷᠲᠡᠨ᠎ᠦ ᠨᠣᠮ ᠪᠢᠴᠢᠭ᠎ᠦᠨ ᠦᠵᠡᠭᠦᠯᠭᠡ᠎ᠶᠢᠨ ᠵᠦᠢᠯ ᠵᠢᠴᠢ 100 ᠭᠠᠷᠤᠢ ᠳᠡᠪᠲᠡᠷ ᠦᠨᠳᠦᠰᠦᠲᠡᠨ᠎ᠦ ᠡᠷᠲᠡᠨ᠎ᠦ ᠨᠣᠮ ᠪᠢᠴᠢᠭ᠎ᠢ ᠠᠪᠤᠷᠠᠨ ᠬᠠᠮᠠᠭᠠᠯᠠᠵᠤ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃ ᠲᠣᠰ ᠤᠳᠠᠭᠠᠨ᠎ᠤ ᠦᠵᠡᠰᠬᠦᠯᠡᠩ᠎ᠢ 5 ᠰᠠᠷ᠎ᠠ ᠳᠡᠯᠭᠡᠨ ᠦᠵᠡᠭᠦᠯᠵᠦ ᠂ ᠣᠯᠠᠨ ᠨᠡᠶ᠋ᠢᠲᠡ᠎ᠳᠦ ᠦᠨ᠎ᠡ ᠲᠥᠯᠥᠪᠦᠷᠢ ᠦᠭᠡᠢ᠎ᠪᠡᠷ ᠨᠡᠭᠡᠭᠡᠨ᠎ᠡ᠃

ᠢᠷᠡᠯᠲᠡ᠄       
          
ᠬᠠᠮᠢᠶ᠎ᠡ ᠪᠦᠬᠦᠢ ᠰᠣᠨᠢᠨ
 
            