《ᠬᠤᠯᠤᠭᠠᠨ᠎ᠠ᠎ᠶᠢᠨ ᠬᠢᠵᠢᠭ ᠪᠣᠯ ᠪᠣᠭᠣᠮᠲᠠ᠎ᠶᠢᠨ ᠡᠷᠡᠭᠦᠯ ᠬᠠᠮᠠᠭᠠᠯᠠᠯ᠎ᠤᠨ ᠬᠢᠵᠢᠭ ᠪᠠᠢᠴᠠᠭᠠᠬᠤ᠎ᠳᠤ ᠭᠣᠣᠯᠳᠠᠭᠤ ᠠᠩᠬᠠᠷᠴᠤ ᠪᠠᠢᠭ᠎ᠠ ᠡᠪᠡᠳᠴᠢᠨ᠎ᠦ ᠵᠠᠭᠤᠴᠢ ᠠᠮᠢᠳᠤ ᠪᠣᠳᠠᠰ᠎ᠤᠨ ᠨᠢᠭᠡ ᠮᠥᠨ ᠂ ᠲᠡᠭᠦᠨ᠎ᠦ ᠠᠪᠴᠤ ᠶᠠᠪᠤᠭ᠎ᠠ ᠣᠯᠠᠨ ᠵᠦᠢᠯ᠎ᠦᠨ ᠡᠪᠡᠳᠴᠢᠨ ᠡᠭᠦᠰᠬᠡᠭᠴᠢ ᠨᠢ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠪᠠ ᠤᠯᠤᠰ᠎ᠤᠨ ᠡᠭᠦᠳᠡᠨ᠎ᠦ ᠠᠮᠢᠳᠤ ᠪᠣᠳᠠᠰ᠎ᠤᠨ ᠠᠮᠤᠷ ᠲᠦᠪᠰᠢᠨ᠎ᠳᠦ ᠰᠦᠷᠳᠡᠭᠦᠯᠦᠯ ᠪᠣᠯᠵᠤ ᠮᠡᠳᠡᠨ᠎ᠡ᠃ ᠪᠣᠭᠣᠮᠲᠠ᠎ᠶᠢᠨ ᠬᠢᠨ ᠡᠪᠡᠳᠴᠢᠨ᠎ᠦ ᠵᠠᠭᠤᠴᠢ ᠠᠮᠢᠳᠤ ᠪᠣᠳᠠᠰ᠎ᠤᠨ ᠣᠷᠣᠵᠤ ᠢᠷᠡᠬᠦ᠎ᠶᠢ ᠰᠡᠷᠭᠡᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠂ ᠡᠨᠡ ᠨᠢ ᠮᠥᠨ ᠴᠦ᠍ ᠦᠨᠳᠦᠰᠦᠨ ᠬᠠᠤᠯᠢ᠎ᠶᠢᠨ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠬᠤ ᠵᠦᠢᠯ ᠵᠤᠷᠪᠤᠰ᠎ᠤᠨ ᠦᠢᠯᠡᠳᠦᠯᠭᠡ ᠪᠣᠯᠣᠨ᠎ᠠ᠃ 12 ᠰᠠᠷ᠎ᠠ᠎ᠶᠢᠨ 4 ᠦ ᠡᠳᠦᠷ᠎ᠦᠨ ᠦᠨᠳᠦᠰᠦᠨ ᠬᠠᠤᠯᠢ᠎ᠶᠢᠨ ᠡᠳᠦᠷ ᠂ ᠪᠤᠭᠤᠲᠤ᠎ᠶᠢᠨ ᠪᠣᠭᠣᠮᠲᠠ᠎ᠶᠢᠨ 《 ᠬᠠᠤᠯᠢᠵᠢᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ 》 ᠤᠨ ᠪᠦᠷᠢᠯᠳᠦᠭᠦᠨ ᠳᠤᠮᠳᠠᠳᠤ ᠤᠯᠤᠰ᠎ᠤᠨ ᠵᠠᠯᠠᠭᠤᠴᠤᠳ᠎ᠤᠨ ᠢᠷᠡᠭᠡᠳᠦᠢ᠎ᠶᠢᠨ ᠬᠡᠦᠬᠡᠳ᠎ᠦᠨ ᠴᠡᠴᠡᠷᠯᠢᠭ᠎ᠲᠦ ᠢᠷᠡᠵᠦ ᠂ ᠪᠢᠴᠢᠯ ᠸᠢᠳᠢᠤ᠋ ᠂ ᠲᠣᠭᠯᠠᠭᠠᠮ ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠺᠠᠷᠲ᠋ᠣᠨ ᠵᠢᠷᠤᠭ ᠵᠡᠷᠭᠡ ᠠᠷᠭ᠎ᠠ ᠬᠡᠯᠪᠡᠷᠢ᠎ᠪᠡᠷ ᠬᠡᠦᠬᠡᠳ᠎ᠦᠳ᠎ᠦᠨ ᠰᠡᠳᠬᠢᠯ᠎ᠳᠦ ᠬᠠᠤᠯᠢᠵᠢᠯ᠎ᠤᠨ ᠦᠷ᠎ᠡ ᠳᠠᠷᠢᠪᠠ᠃ ᠡᠭᠦᠨ᠎ᠦ ᠬᠠᠮᠲᠤ ᠂ ᠨᠥᠭᠥᠭᠡ ᠨᠢᠭᠡ ᠤᠬᠠᠭᠤᠯᠤᠨ ᠲᠠᠢᠯᠪᠤᠷᠢᠯᠠᠬᠤ ᠠᠩᠭᠢ ᠮᠠᠨᠳᠤᠯ᠎ᠠ ᠪᠣᠭᠣᠮᠲᠠ᠎ᠶᠢᠨ ᠶᠡᠬᠡ ᠪᠠᠭ᠎ᠠ ᠳᠡᠯᠭᠡᠭᠦᠷ ᠣᠷᠣᠵᠤ ᠂ ᠮᠣᠩᠭᠣᠯ ᠬᠢᠲᠠᠳ ᠬᠣᠣᠰ ᠬᠡᠯᠡ᠎ᠪᠡᠷ ᠬᠢᠯᠢ ᠠᠯᠤᠰᠯᠠᠨ ᠪᠠᠷᠠᠭ᠎ᠠ ᠬᠤᠳᠠᠯᠳᠤᠨ ᠡᠷᠬᠡ ᠠᠰᠢᠭ᠋᠎ᠢᠶᠠᠨ ᠬᠠᠮᠠᠭᠠᠯᠠᠬᠤ ᠮᠡᠳᠡᠯᠭᠡ᠎ᠶᠢ ᠲᠠᠢᠯᠪᠤᠷᠢᠯᠠᠵᠤ ᠂ ᠪᠤᠭᠤᠲᠤ᠎ᠶᠢᠨ ᠪᠣᠭᠣᠮᠲᠠ᠎ᠶᠢᠨ ᠦᠨᠳᠦᠰᠦᠨ ᠬᠠᠤᠯᠢ᠎ᠶᠢ ᠤᠬᠠᠭᠤᠯᠬᠤ ᠭᠠᠷᠠᠭ᠎ᠤᠨ ᠬᠥᠰᠢᠭᠡ᠎ᠶᠢ ᠰᠡᠬᠦᠪᠡ᠃
ᠣᠢᠷ᠎ᠠ᠎ᠶᠢᠨ ᠵᠢᠯ᠎ᠦᠳ᠎ᠲᠦ ᠂ ᠪᠤᠭᠤᠲᠤ᠎ᠶᠢᠨ ᠪᠣᠭᠣᠮᠲᠠ 《ᠬᠠᠤᠯᠢ ᠬᠡᠷᠡᠭᠵᠢᠭᠦᠯᠬᠦ + ᠬᠠᠤᠯᠢ ᠲᠦᠭᠡᠮᠡᠯᠵᠢᠭᠦᠯᠬᠦ 》 ᠬᠣᠣᠰ ᠠᠭᠤᠰᠤᠯᠴᠠᠯ᠎ᠤᠨ ᠰᠢᠰᠲᠧᠮ᠎ᠢ ᠢᠳᠡᠪᠬᠢᠲᠡᠢ ᠪᠠᠢᠭᠤᠯᠵᠤ ᠂ ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ᠎ᠶᠢ ᠬᠢᠨᠠᠯᠲᠠ ᠬᠠᠮᠢᠶᠠᠷᠤᠯᠲᠠ᠎ᠶᠢᠨ ᠪᠥᠬᠥ ᠬᠡᠯᠬᠢᠶ᠎ᠡ᠎ᠳᠦ ᠠᠭᠤᠰᠬᠠᠪᠠ᠃ ᠮᠠᠨᠳᠤᠯ᠎ᠠ ᠪᠣᠭᠣᠮᠲᠠ᠎ᠳᠤ ᠂ ᠪᠠᠢᠴᠠᠭᠠᠬᠤ ᠪᠣᠭᠣᠮᠲᠠ᠎ᠶᠢᠨ ᠠᠵᠢᠯᠲᠠᠳ ᠨᠠᠮ᠎ᠤᠨ ᠭᠡᠰᠢᠭᠦᠨ᠎ᠦ ᠵᠢᠱ᠌ᠢᠶ᠎ᠡ ᠦᠵᠡᠭᠦᠯᠬᠦ ᠠᠵᠢᠯ᠎ᠤᠨ ᠪᠠᠢᠷᠢ᠎ᠳᠤ ᠲᠦᠰᠢᠭᠯᠡᠨ ᠬᠠᠤᠯᠢ ᠴᠠᠭᠠᠵᠠ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ ᠂ 2024 ᠣᠨ᠎ᠳᠤ ᠬᠣᠣᠰ ᠬᠡᠯᠡ᠎ᠪᠡᠷ ᠤᠬᠠᠭᠤᠯᠤᠨ ᠲᠠᠢᠯᠪᠤᠷᠢᠯᠠᠬᠤ᠎ᠪᠠᠷ ᠳᠠᠮᠵᠢᠨ 10 ᠤᠳᠠᠭ᠎ᠠ᠎ᠶᠢᠨ ᠳᠠᠯᠳᠠ ᠵᠥᠷᠢᠴᠡᠯ᠎ᠢ ᠰᠢᠢᠳᠪᠦᠷᠢᠯᠡᠵᠦ ᠂ ᠵᠠᠷᠭᠤ ᠦᠭᠡᠢ ᠪᠠᠢᠬᠤ ᠶ᠋ᠢ ᠪᠡᠶᠡᠯᠡᠭᠦᠯᠪᠡ᠃ ᠠᠵᠤ ᠠᠬᠤᠢᠯᠠᠯ᠎ᠤᠨ ᠬᠡᠷᠡᠭᠴᠡᠭᠡ᠎ᠳᠦ ᠴᠢᠭᠯᠡᠭᠦᠯᠦᠨ ᠂ 《 ᠪᠣᠭᠣᠮᠲᠠ ᠠᠵᠤ ᠠᠬᠤᠢᠯᠠᠯ᠎ᠳᠤ ᠰᠢᠭᠤᠳ ᠨᠡᠪᠲᠡᠷᠡᠬᠦ 》 ᠦᠢᠯᠡᠴᠢᠯᠡᠭᠡ ᠭᠠᠷᠭᠠᠵᠤ ᠂ ᠡᠨᠡ ᠵᠢᠯ ᠨᠢᠭᠡᠨᠲᠡ 42 ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠳᠤ 《ᠬᠠᠤᠯᠢ᠎ᠪᠠᠷ ᠵᠠᠰᠠᠬᠤ ᠪᠡᠶ᠎ᠡ᠎ᠶᠢᠨ ᠪᠠᠢᠴᠠᠭᠠᠯᠲᠠ 》 ᠬᠢᠵᠦ ᠂ 76 ᠵᠦᠢᠯ᠎ᠤᠨ ᠲᠦᠭᠰᠢᠭᠦᠷᠢ ᠶ᠋ᠢ ᠡᠮᠬᠢᠯᠡᠨ ᠳᠢᠭᠯᠡᠭᠰᠡᠨ ᠪᠠᠢᠨ᠎ᠠ᠃
ᠢᠯᠠᠩᠭᠤᠶ᠎ᠠ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠬᠠᠤᠯᠢ 》 ᠶᠢ ᠬᠡᠷᠡᠭᠵᠢᠭᠦᠯᠦᠭᠰᠡᠨ᠎ᠡᠴᠡ ᠨᠠᠰᠢ ᠂ ᠪᠤᠭᠤᠲᠤ᠎ᠶᠢᠨ ᠪᠣᠭᠣᠮᠲᠠ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ᠎ᠶᠢᠨ ᠨᠠᠷᠢᠨ ᠲᠠᠩᠰᠠ᠎ᠶᠢᠨ ᠳᠦᠷᠢᠮ᠎ᠢ ᠪᠠᠢᠭᠤᠯᠵᠤ ᠂ 《 ᠭᠤᠷᠪᠠᠨ ᠬᠤᠷᠠᠯ ᠨᠢᠭᠡ ᠬᠢᠴᠢᠶᠡᠯ 》 ᠢᠶᠠᠷ ᠳᠠᠮᠵᠢᠭᠤᠯᠤᠨ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠠᠤᠯᠢ ᠶ᠋ᠢ ᠲᠠᠢᠯᠪᠤᠷᠢᠯᠠᠵᠤ ᠂ ᠬᠠᠤᠯᠢᠴᠢ ᠤᠷᠢᠵᠤ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠦᠭᠰᠡᠨ ᠪᠥᠭᠡᠳ ᠦᠨᠳᠦᠰᠦᠨ ᠬᠠᠤᠯᠢ᠎ᠳᠤ ᠲᠠᠩᠭᠠᠷᠢᠭ᠍ᠯᠠᠬᠤ᠎ᠶᠢ ᠬᠣᠯᠪᠣᠭᠳᠠᠯ ᠪᠦᠬᠦᠢ ᠠᠵᠢᠯᠲᠠᠨ᠎ᠤ ᠲᠤᠰᠢᠶᠠᠯ᠎ᠳᠤ ᠭᠠᠷᠬᠤ᠎ᠶᠢᠨ ᠵᠠᠪᠠᠯ ᠰᠤᠷᠬᠤ ᠬᠢᠴᠢᠶᠡᠯ ᠪᠣᠯᠭᠠᠪᠠ᠃ ᠬᠠᠤᠯᠢ ᠬᠡᠷᠡᠭᠵᠢᠭᠦᠯᠬᠦ ᠦᠢᠯᠡᠳᠦᠯᠭᠡ᠎ᠶᠢᠨ ᠳᠤᠮᠳᠠ ᠂ 《 ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》 ᠶᠢ ᠴᠢᠩᠭ᠎ᠠ ᠨᠠᠢᠳᠠᠪᠤᠷᠢᠵᠢᠭᠤᠯᠵᠤ᠂ ᠵᠢᠱ᠌ᠢᠶᠡᠯᠡᠪᠡᠯ ᠬᠥᠯᠳᠡᠭᠡᠭᠰᠡᠨ ᠠᠳᠤᠭᠤᠨ᠎ᠤ ᠮᠢᠬ᠎ᠠ ᠶ᠋ᠢ ᠭᠠᠳᠠᠭᠠᠳᠤ᠎ᠠᠴᠠ ᠣᠷᠣᠭᠤᠯᠬᠤ ᠶ᠋ᠢ ᠬᠢᠨᠠᠨ ᠬᠠᠮᠢᠶᠠᠷᠬᠤ ᠳᠤᠮᠳᠠ ᠬᠢᠵᠢᠭ᠎ᠤᠨ ᠪᠠᠢᠴᠠᠭᠠᠯᠲᠠ ᠵᠢᠨ ᠭᠡᠷᠡᠴᠢ ᠪᠣᠯᠣᠨ ᠬᠠᠤᠯᠢ ᠴᠠᠭᠠᠵᠠ ᠵᠢᠨ ᠵᠦᠢᠯ ᠵᠤᠷᠪᠤᠰ᠎ᠢ ᠵᠡᠷᠭᠡ᠎ᠪᠡᠷ ᠬᠢᠨᠠᠨ ᠰᠢᠯᠭᠠᠵᠤ ᠂ ᠠᠵᠤ ᠠᠬᠤᠢᠯᠠᠯ᠎ᠳᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠷᠭ᠎ᠠ᠎ᠶᠢᠨ ᠱᠠᠭᠠᠷᠳᠠᠯᠭ᠎ᠠ᠎ᠶᠢ ᠲᠣᠳᠣᠷᠬᠠᠢ ᠪᠣᠯᠭᠠᠨ᠎ᠠ᠃
ᠪᠤᠭᠤᠲᠤ᠎ᠶᠢᠨ ᠪᠣᠭᠣᠮᠲᠠ᠎ᠶᠢᠨ ᠠᠯᠪᠠᠨ ᠭᠡᠷ᠎ᠦᠨ ᠡᠷᠬᠢᠯᠡᠭᠴᠢ ᠲᠤᠤ ᠲᠤᠤ ᠢᠯᠡᠷᠬᠡᠢᠯᠡᠬᠦ᠎ᠳᠡᠭᠡᠨ ᠂ 《 ᠣᠶᠤᠨᠴᠢ ᠬᠠᠤᠯᠢ ᠲᠦᠭᠡᠮᠡᠯᠵᠢᠭᠦᠯᠬᠦ ᠲᠠᠪᠴᠠᠩ 》 ᠢ ᠲᠦᠷᠭᠡᠪᠴᠢᠯᠡᠨ ᠪᠠᠢᠭᠤᠯᠵᠤ ᠂ AEO ᠭᠡᠷᠡᠴᠢᠯᠡᠯ ᠂ ᠬᠢᠯᠢ ᠠᠯᠤᠰᠯᠠᠭᠰᠠᠨ ᠲᠡᠭᠡᠭᠡᠪᠦᠷᠢ ᠵᠡᠷᠭᠡ ᠲᠤᠬᠠᠢᠯᠠᠭᠰᠠᠨ ᠠᠵᠢᠯ᠎ᠲᠠᠢ ᠤᠶᠠᠯᠳᠤᠭᠤᠯᠤᠨ ᠂ ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ᠎ᠶᠢ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠠᠷᠠᠳ᠎ᠲᠤ ᠲᠥᠬᠥᠮ ᠦᠵᠡᠭᠦᠯᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠬᠠᠤᠯᠢ᠎ᠪᠠᠷ ᠵᠠᠰᠠᠬᠤ ᠬᠦᠴᠦᠨ᠎ᠢᠶᠡᠷ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠬᠥᠭᠵᠢᠯᠲᠡ᠎ᠶᠢ ᠬᠠᠮᠠᠭᠠᠯᠠᠨ᠎ᠠ ᠭᠡᠵᠡᠢ᠃