ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢᠭᠤᠯᠤᠯᠲᠠ ᠵᠢ ᠴᠢᠩᠭᠠᠳᠬᠠᠵᠤ ᠬᠢᠯᠢ ᠬᠢᠵᠠᠭᠠᠷ ᠣᠷᠣᠨ᠎ᠤ ᠴᠢᠨᠠᠷ ᠰᠠᠢᠲᠠᠶ ᠬᠥᠭᠵᠢᠯᠲᠡ ᠵᠢ ᠠᠬᠢᠭᠤᠯᠤᠶ᠎ᠠ》 ᠭᠡᠬᠦ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠪᠤᠭᠤᠲᠤ ᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-07-28

7 ᠳ᠋ᠤᠭᠠᠷ ᠰᠠᠷ᠎ᠠ ᠵᠢᠨ 23᠎ᠤ ᠡᠳᠦᠷ᠂ 《 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢᠭᠤᠯᠤᠯᠲᠠ ᠶ᠋ᠢ ᠴᠢᠩᠭᠠᠳᠬᠠᠵᠤ ᠬᠢᠯᠢ ᠬᠢᠵᠠᠭᠠᠷ ᠣᠷᠣᠨ᠎ᠤ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠤᠶ᠎ᠠ》 ᠭᠡᠬᠦ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠪᠤᠭᠤᠲᠤ ᠬᠤᠳᠠ᠎ᠳᠤ ᠶᠠᠪᠤᠭᠳᠠᠪᠠ ᠃ ᠲᠥᠪ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠵᠢᠨ ᠨᠠᠮ᠎ᠤᠨ ᠤᠳᠤᠷᠢᠳᠭ᠋ᠤ ᠳᠤᠭᠤᠢᠯᠠᠩ᠎ᠤᠨ ᠱᠦᠵᠢ ᠂ ᠨᠢᠭᠡᠳᠦᠭᠡᠷ ᠳᠡᠳ᠋ ᠵᠠᠬᠢᠷᠤᠯ ᠬᠤᠸᠠᠩ ᠱᠧᠦ ᠬᠣᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ ᠵᠢᠨ ᠭᠡᠰᠢᠭᠦᠨ ᠂ ᠪᠤᠭᠤᠲᠤ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠴᠧᠨ ᡁᠢ ᠴᠠᠩ ᠡᠭᠢᠯᠡᠯᠲᠡ ᠵᠢᠨ ᠶᠣᠰᠣᠯᠠᠯ᠎ᠳᠤ ᠣᠷᠣᠯᠴᠠᠬ᠍ᠰᠠᠨ ᠪᠥᠭᠡᠳ ᠪᠠᠶᠠᠷ᠎ᠤᠨ ᠦᠭᠡ ᠬᠡᠯᠡᠵᠡᠢ ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠡᠭᠢᠯᠡᠯᠲᠡ ᠵᠢᠨ ᠶᠣᠰᠣᠯᠠᠯ᠎ᠢ ᠡᠷᠭᠢᠯᠡᠪᠡ ᠃ 

  ᠬᠤᠸᠠᠩ ᠱᠧᠦ ᠬᠣᠩ ᠪᠠᠶᠠᠷ᠎ᠤᠨ ᠦᠭᠡ᠎ᠳᠡᠭᠡᠨ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢᠭᠤᠯᠤᠯᠲᠠ ᠶ᠋ᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠢᠯᠳᠤᠬᠤ ᠪᠣᠳᠣᠯᠭ᠎ᠠ ᠵᠢᠨ ᠪᠦᠭᠦ ᠲᠠᠯ᠎ᠠ ᠵᠢᠨ ᠥᠨᠳᠥᠷᠴᠡ᠎ᠠᠴᠠ ᠭᠠᠷᠭᠠᠭᠰᠠᠨ ᠴᠢᠬᠤᠯᠠ ᠶᠡᠬᠡ ᠪᠦᠲᠦᠭᠡᠯᠴᠢ ᠴᠢᠨᠠᠷᠲᠠᠢ ᠨᠤᠲᠠᠯᠠᠯᠲᠠ ᠮᠥᠨ ᠂ ᠡᠨᠡ ᠨᠢ ᠰᠢᠨ᠎ᠡ ᠴᠠᠭ ᠦᠶ᠎ᠡ᠎ᠳᠤ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ ᠃ ᠪᠦᠭᠦ ᠤᠯᠤᠰ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠵᠢᠨ ᠰᠢᠰᠲᠧᠮ᠎ᠤᠨ ᠭᠢᠨ ᠶᠡᠷᠦᠩᠬᠡᠢ ᠱᠦᠵᠢ ᠰᠢ ᠵᠢᠨ ᠫᠢᠩ᠎ᠤᠨ ᠬᠣᠯᠪᠣᠭᠳᠠᠯ ᠪᠦᠬᠦᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠣᠢᠯᠠᠭᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢᠭᠤᠯᠤᠯᠲᠠ ᠶ᠋ᠢ ᠠᠬᠢᠭᠤᠯᠬᠤ ᠲᠡᠦᠬᠡ ᠵᠢᠨ ᠵᠠᠢᠯᠠᠰᠢ ᠦᠭᠡᠢ ᠴᠢᠨᠠᠷ ᠂ ᠲᠤᠢᠯ᠎ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ᠎ᠢ ᠭᠦᠨᠵᠡᠭᠡᠢ ᠣᠢᠯᠠᠭᠠᠨ ᠡᠵᠡᠮᠰᠢᠵᠦ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭᠠᠭᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡ ᠵᠢᠨ ᠮᠠᠲᠧᠷᠢᠶᠠᠯ᠎ᠤᠨ ᠰᠢᠰᠲᠧᠮ ᠂ ᠦᠭᠡ ᠬᠡᠯᠡᠬᠦ ᠰᠢᠰᠲᠧᠮ᠂ ᠣᠨᠣᠯ᠎ᠤᠨ ᠰᠢᠰᠲᠧᠮ᠎ᠢ ᠪᠠᠢᠭᠤᠯᠬᠤ᠎ᠳᠤ ᠢᠳᠡᠪᠬᠢᠲᠡᠢ ᠣᠷᠤᠯᠴᠠᠬᠤ ᠬᠡᠷᠡᠭᠲᠡᠢ ᠃ 《 ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ 》 ᠭᠣᠣᠯ ᠴᠣᠭᠴᠠ ᠵᠢᠨ ᠠᠩᠭᠢ ᠤᠳᠠᠭ᠎ᠠ ᠪᠣᠯᠣᠨ ᠰᠢᠷᠢᠰ ᠬᠢᠴᠢᠶᠡᠯ᠎ᠢ ᠴᠣᠭᠴᠠᠯᠠᠵᠤ ᠂ ᠰᠤᠷᠤᠬ᠍ᠴᠢᠳ᠎ᠤᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ ᠵᠶ᠋ᠠᠷ ᠭᠤᠢᠪᠢᠰᠢ ᠦᠭᠡᠢ ᠵᠠᠮᠨᠠᠬᠤ ᠶ᠋ᠢ ᠬᠥᠲᠥᠯᠥᠨ ᠵᠢᠯᠤᠭᠣᠳᠬᠤ ᠬᠡᠷᠡᠭᠲᠡᠢ ᠃ ᠡᠷᠳᠡᠮ ᠰᠢᠨᠵᠢᠯᠡᠭᠡᠨ ᠵᠶ᠋ᠡᠷ ᠤᠯᠤᠰ ᠲᠥᠷᠥ ᠶ᠋ᠢ ᠡᠷᠭᠢᠮᠯᠡᠭᠦ ᠶ᠋ᠢ ᠠᠬᠢᠭᠤᠯᠬᠤ ᠴᠠᠭ ᠦᠶ᠎ᠡ ᠵᠢᠨ ᠬᠠᠷᠢᠭᠤᠴᠠᠯᠭ᠎ᠠ ᠶ᠋ᠢ ᠰᠠᠢᠲᠤᠷ ᠭᠦᠢᠴᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢᠭᠤᠯᠤᠯᠲᠠ ᠪᠣᠯᠣᠨ ᠬᠢᠯᠢ ᠬᠢᠵᠠᠭᠠᠷ᠎ᠤᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠭᠠᠷᠤᠢ ᠵᠢᠯ᠎ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭᠠᠰᠢᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠦᠭᠰᠡᠨ ᠲᠡᠦᠬᠡᠨ ᠠᠬᠢᠴᠠ ᠪᠣᠯᠣᠨ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶ᠋ᠢ ᠭᠦᠨᠵᠡᠭᠡᠢ ᠰᠤᠳᠤᠯᠵᠤ ᠂ ᠵᠢᠮ᠎ᠡ ᠶᠣᠰᠣᠴᠢ ᠲᠠᠨᠢᠯᠲᠠ ᠶ᠋ᠢ ᠳ᠋ᠦᠩᠨᠡᠨ ᠪᠤᠯᠪᠠᠰᠤᠷᠠᠭᠤᠯᠬᠤ ᠬᠡᠷᠡᠭᠲᠡᠢ ᠭᠡᠵᠦ ᠢᠯᠡᠳᠬᠡᠪᠡ ᠃

ᠢᠷᠡᠯᠲᠡ᠄         
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤᠨ᠎ᠤ 《ᠭᠤᠷᠪᠠᠨ ᠬᠡᠮᠵᠢᠯᠳᠦ ᠬᠣᠯᠪᠣᠭ᠋ᠠᠯᠠᠨ ᠬᠥᠳᠡᠯᠦᠯᠴᠡᠬᠦ》 ᠠᠵᠢᠯᠯᠠᠭ᠎ᠠ᠎ᠨᠢ ᠰᠤᠷᠤᠭᠴᠢᠳ᠎ᠤᠨ ᠤᠯᠤᠰ᠎ᠤᠨ ᠦᠭᠡ ᠬᠡᠯᠡ ᠵᠢ ᠰᠠᠶ᠋ᠢᠲᠤᠷ ᠰᠤᠷᠤᠯᠴᠠᠬᠤ᠎ᠳᠤ ᠬᠦᠴᠦᠨ ᠨᠡᠮᠡᠷᠢᠯᠡᠪᠡ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ ᠣᠯᠠᠨ ᠠᠷᠭ᠎ᠠ ᠬᠡᠮᠵᠢᠶ᠎ᠡ ᠠᠪᠴᠤ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢ ᠨᠠᠩ ᠠᠮᠢᠳᠤᠯᠢᠭ ᠪᠣᠯᠭ᠋ᠠᠪᠠ
 
            