ᠨᠠᠢ᠍ᠮᠠᠨ ᠬᠣᠰᠢᠭᠤ 《 ᠬᠣᠯᠪᠤᠭᠠᠯᠠᠨ ᠡᠭᠦᠳᠴᠦ ᠬᠠᠮᠲᠤ᠎ᠪᠠᠷ ᠪᠠᠶ᠋ᠢᠭᠤᠯᠬᠤ 》 ᠰᠢᠨ᠎ᠡ ᠵᠠᠭᠪᠤᠷ᠎ᠢ ᠰᠢᠨ᠎ᠡ᠎ᠪᠡᠷ ᠡᠭᠦᠳᠴᠦ ᠂ ᠠᠳᠠᠯᠢ ᠪᠤᠰᠤ ᠲᠥᠷᠥᠯ ᠬᠡᠯᠪᠡᠷᠢ ᠂ ᠠᠳᠠᠯᠢ ᠪᠤᠰᠤ ᠭᠠᠵᠠᠷ ᠣᠷᠣᠨ ᠂ ᠠᠳᠠᠯᠢ ᠪᠤᠰᠤ ᠲᠠᠰ ᠳᠠᠪᠬᠤᠷᠭ᠎ᠠ᠎ᠶᠢᠨ ᠡᠭᠦᠳᠦᠨ ᠪᠠᠶ᠋ᠢᠭᠤᠯᠬᠤ ᠭᠣᠣᠯ ᠴᠣᠭᠴᠠ᠎ᠶᠢᠨ ᠬᠣᠭᠣᠷᠣᠨᠳᠣᠬᠢ ᠠᠴᠢᠶᠠᠯᠠᠪᠤᠷᠢ᠎ᠶᠢᠨ ᠠᠵᠢᠯᠯᠠᠭ᠎ᠠ᠎ᠶᠢᠨ ᠬᠣᠯᠪᠤᠭᠠᠯᠠᠨ ᠡᠷᠭᠢᠯᠡᠬᠦ ᠂ ᠤᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠲᠤᠷᠰᠢᠯᠭ᠎ᠠ ᠠᠷᠭ᠎ᠠ᠎ᠶᠢᠨ ᠠᠭᠤᠰᠤᠯᠴᠠᠯ᠎ᠢ ᠠᠬᠢᠭᠤᠯᠵᠤ ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠲᠡᠩᠴᠡᠭᠦᠷᠢᠲᠡᠢ ᠂ ᠪᠥᠬᠥ ᠣᠷᠣᠨ ᠪᠦᠰᠡ᠎ᠳᠦ ᠴᠡᠴᠡᠭᠯᠡᠬᠦ᠎ᠶᠢ ᠠᠬᠢᠭᠤᠯᠪᠠ᠃
《ᠬᠠᠪᠰᠤᠷᠤᠯᠴᠠᠭ᠎ᠠ ᠪᠠᠢᠭᠤᠯᠤᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ 》 ᠂ ᠬᠠᠷᠢᠯᠴᠠᠨ ᠠᠬᠢᠭᠤᠯᠵᠤ ᠬᠠᠮᠲᠤ᠎ᠪᠠᠷ ᠠᠰᠢᠭ᠋ ᠭᠥᠷᠳᠡᠵᠦ ᠳᠡᠭᠡᠭᠰᠢᠯᠡᠯᠲᠡ᠎ᠪᠡᠨ ᠠᠬᠢᠭᠤᠯᠤᠶ᠎ᠠ᠃ ᠨᠠᠢ᠍ᠮᠠᠨ ᠬᠣᠰᠢᠭᠤ 《 ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ + ᠭᠠᠵᠠᠷ ᠣᠷᠣᠨ᠎ᠤ ᠬᠣᠯᠪᠣᠭᠠᠯᠠᠯ 》 ᠢ ᠬᠡᠷᠡᠭᠵᠢᠭᠦᠯᠵᠦ ᠂ ᠰᠠᠯᠠᠭ᠎ᠠ ᠮᠥᠴᠢᠷ᠎ᠦᠨ ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ᠎ᠶᠢᠨ ᠴᠢᠨᠠᠷ ᠪᠠ ᠭᠠᠵᠠᠷ ᠣᠷᠣᠨ᠎ᠤ ᠰᠠᠭᠤᠷᠢ ᠨᠥᠬᠥᠴᠡᠯ᠎ᠢᠶᠡᠷ ᠬᠣᠯᠪᠣᠭᠠᠰᠤ ᠪᠣᠯᠭᠠᠨ ᠂ 《ᠨᠠᠢ᠍ᠮᠠᠨ ᠬᠣᠰᠢᠭᠤᠨ᠎ᠤ ᠪᠠᠢᠴᠠᠭᠠᠬᠤ ᠬᠣᠷᠢᠶ᠎ᠠ ᠨᠠᠢ᠍ᠮᠠᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 》 ᠂ 《 ᠬᠤᠸᠠᠳᠠᠯᠠ ᠰᠤᠮᠤ ᠴᠢᠩ ᠯᠦᠩ ᠱᠠᠨ ᠪᠠᠯᠭᠠᠰᠤ 》 ᠵᠡᠷᠭᠡ 30 ᠭᠠᠷᠤᠢ ᠳᠤᠭᠤᠢᠯᠠᠩ ᠬᠣᠯᠪᠣᠭᠠᠯᠠᠵᠤ ᠂ ᠬᠣᠰᠢᠭᠤᠨ ᠳᠣᠲᠣᠷᠠᠬᠢ ᠰᠢᠶᠠᠩ ᠪᠠᠯᠭᠠᠰᠤ ᠂ ᠭᠠᠴᠠᠭ᠎ᠠ ᠲᠣᠰᠬᠣᠨ ( ᠨᠡᠢᠭᠡᠮ ᠲᠣᠭᠣᠷᠢᠭ᠋ ) ᠂ ᠵᠡᠷᠭᠡᠴᠡᠭᠡ ᠰᠠᠯᠠᠭ᠎ᠠ ᠮᠥᠴᠢᠷ᠎ᠢ ᠬᠠᠮᠤᠷᠤᠭᠰᠠᠨ ᠪᠣᠰᠣᠭ᠎ᠠ ᠴᠣᠭᠴᠠᠲᠤ ᠬᠠᠮᠲᠤ᠎ᠪᠠᠷ ᠪᠠᠶ᠋ᠢᠭᠤᠯᠬᠤ ᠲᠣᠣᠷ ᠰᠦᠯᠵᠢᠶ᠎ᠡ᠎ᠶᠢ ᠵᠣᠬᠢᠶᠠᠨ ᠪᠠᠢᠭᠤᠯᠵᠤ ᠂ ᠦᠵᠡᠯ ᠰᠠᠨᠠᠭᠠᠨ᠎ᠤ ᠵᠢᠯᠣᠭᠣᠳᠤᠮᠵᠢ᠎ᠶᠢ ᠴᠢᠩᠭᠠᠳᠬᠠᠬᠤ ᠂ ᠲᠤᠷᠰᠢᠯᠭ᠎ᠠ᠎ᠪᠠᠨ ᠬᠠᠮᠲᠤ᠎ᠪᠠᠷ ᠡᠳ᠋ᠯᠡᠬᠦ᠎ᠶᠢ ᠠᠬᠢᠭᠤᠯᠬᠤ ᠂ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠨᠡᠮᠡᠭᠳᠡᠭᠦᠯᠬᠦ ᠲᠠᠯ᠎ᠠ᠎ᠪᠠᠷ ᠬᠦᠴᠦ ᠣᠷᠣᠭᠤᠯᠵᠤ ᠂ ᠬᠦᠴᠦ᠎ᠪᠡᠨ ᠨᠢᠭᠡᠳᠬᠡᠨ ᠬᠠᠮᠲᠤᠷᠠᠨ ᠠᠵᠢᠯᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠪᠡ᠃
《ᠳᠦᠷᠢᠮ ᠲᠣᠭᠲᠠᠴᠠ + ᠰᠠᠯᠠᠭ᠎ᠠ ᠮᠥᠴᠢᠷ ᠬᠠᠮᠲᠤᠷᠠᠨ ᠪᠠᠶ᠋ᠢᠭᠤᠯᠬᠤ 》 ᠶᠢ ᠬᠡᠷᠡᠭᠵᠢᠭᠦᠯᠵᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠭᠦᠨᠵᠡᠭᠡᠢ ᠠᠭᠤᠰᠤᠯᠴᠠᠵᠤ ᠂ 《 ᠢᠳᠡᠭᠡᠨ᠎ᠦ ᠬᠢᠵᠠᠭᠠᠷᠲᠤ ᠺᠣᠮᠫᠠᠨᠢ ᠰᠤᠮᠤᠨ᠎ᠤ ᠵᠡᠭᠦᠨ ᠮᠤᠷᠤᠢ ᠭᠠᠴᠠᠭ᠎ᠠ 》 ᠵᠡᠷᠭᠡ 20 ᠭᠠᠷᠤᠢ ᠳᠤᠭᠤᠢᠯᠠᠩ ᠬᠠᠮᠲᠤᠷᠠᠨ ᠬᠣᠯᠪᠣᠭᠠᠯᠠᠵᠤ ᠂ 《ᠠᠵᠤ ᠠᠬᠤᠢᠯᠠᠯ᠎ᠢ ᠬᠠᠪᠰᠤᠷᠤᠨ ᠭᠠᠴᠠᠭ᠎ᠠ᠎ᠶᠢ ᠳᠠᠭᠠᠭᠤᠯᠬᠤ ᠂ ᠬᠣᠲᠠ ᠬᠣᠰᠢᠭᠤ ᠰᠠᠯᠠᠭ᠎ᠠ ᠮᠥᠴᠢᠷ ᠭᠠᠴᠠᠭ᠎ᠠ᠎ᠶᠢ ᠬᠣᠯᠪᠣᠬᠤ 》 ᠬᠠᠮᠵᠢᠯᠴᠠᠨ ᠬᠥᠭᠵᠢᠬᠦ ᠲᠣᠭᠲᠠᠴᠠ᠎ᠶᠢ ᠪᠣᠶ ᠪᠣᠯᠭᠠᠪᠠ᠃ 《ᠬᠡᠷᠡᠭᠴᠡᠭᠡ ᠱᠠᠭᠠᠷᠳᠠᠯᠭ᠎ᠠ + ᠡᠬᠢ ᠪᠠᠶᠠᠯᠢᠭ᠋》 ᠢ ᠨᠠᠷᠢᠯᠢᠭ᠋ ᠣᠨᠣᠴᠠᠲᠠᠢ ᠵᠣᠯᠭᠠᠭᠤᠯᠬᠤ ᠵᠠᠭᠪᠤᠷ᠎ᠢᠶᠠᠷ ᠳᠠᠮᠵᠢᠭᠤᠯᠤᠨ ᠂ ᠬᠠᠷᠠᠯᠲᠠ᠎ᠲᠠᠢ᠎ᠪᠠᠷ ᠬᠦᠴᠦᠯᠡᠵᠦ ᠂ ᠬᠠᠤᠯᠢ᠎ᠶᠢ ᠲᠦᠭᠡᠮᠡᠯᠵᠢᠭᠦᠯᠦᠨ ᠰᠠᠭᠤᠷᠢ᠎ᠶᠢ ᠪᠡᠬᠢᠵᠢᠭᠦᠯᠬᠦ ᠂ ᠦᠨᠳᠦᠰᠦᠨ ᠪᠦᠲᠦᠭᠡᠨ ᠪᠠᠢᠭᠤᠯᠤᠯᠲᠠ᠎ᠪᠠᠷ ᠠᠷᠠᠳ᠎ᠲᠤ ᠠᠰᠢᠭ᠋ ᠬᠦᠷᠲᠡᠭᠡᠬᠦ ᠭᠤᠷᠪᠠᠨ ᠶᠡᠬᠡ ᠢᠨᠵᠧᠨᠧᠷᠢᠩ᠎ᠢ ᠬᠡᠷᠡᠭᠵᠢᠭᠦᠯᠵᠦ ᠂ ᠲᠦᠷᠦ᠎ᠶᠢᠨ ᠪᠣᠳᠣᠯᠭ᠎ᠠ᠎ᠶᠢ 《ᠡᠴᠦᠰ᠎ᠦᠨ ᠨᠢᠭᠡ ᠺᠢᠯᠣᠮᠧᠲᠷ 》 ᠢ ᠨᠡᠪᠲᠡᠷᠡᠭᠦᠯᠬᠦ ᠮᠥᠷᠲᠡᠭᠡᠨ ᠪᠠᠰᠠ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠭᠡᠯ᠎ᠢᠶᠡᠷ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠰᠠᠭᠤᠷᠢ᠎ᠶᠢ ᠪᠠᠲᠤ ᠴᠣᠭᠴᠠᠯᠠᠨ᠎ᠠ᠃ ᠡᠭᠦᠨ᠎ᠡᠴᠡ ᠭᠠᠳᠠᠨ᠎ᠠ ᠂ ᠪᠠᠰᠠ 《ᠨᠡᠢᠭᠡᠮ᠎ᠦᠨ ᠬᠦᠴᠦᠨ + ᠪᠦᠯᠬᠦᠮ᠎ᠦᠨ ᠬᠠᠮᠵᠢᠯᠴᠠᠭ᠎ᠠ 》 ᠶᠢᠨ ᠵᠠᠭᠪᠤᠷ᠎ᠢ ᠬᠡᠷᠡᠭᠵᠢᠭᠦᠯᠵᠦ ᠂ 《ᠤᠬᠠᠭᠤᠯᠬᠤ ᠰᠠᠯᠠᠭ᠎ᠠ ᠮᠥᠴᠢᠷ + ᠤᠳᠬ᠎ᠠ ᠤᠷᠠᠯᠢᠭ᠋᠎ᠤᠨ ᠪᠦᠯᠬᠦᠮ 》 ᠵᠡᠷᠭᠡ 10 ᠭᠠᠷᠤᠢ ᠰᠣᠶᠣᠯ᠎ᠤᠨ ᠬᠣᠣᠰᠯᠠᠭᠰᠠᠨ ᠬᠠᠮᠲᠤ᠎ᠶᠢᠨ ᠴᠣᠭᠴᠠ᠎ᠶᠢ ᠡᠭᠦᠳᠦᠨ ᠪᠠᠢᠭᠤᠯᠵᠤ ᠂ ᠣᠯᠠᠨ ᠡᠰᠢᠲᠦ ᠭᠣᠣᠯ ᠴᠣᠭᠴᠠ᠎ᠶᠢᠨ ᠣᠷᠣᠯᠴᠠᠭᠰᠠᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠵᠠᠭᠪᠤᠷ᠎ᠢ ᠪᠦᠷᠢᠯᠳᠦᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠠᠮᠢᠳᠤᠯᠢᠭ᠋ ᠪᠠᠢᠳᠠᠯ᠎ᠢ ᠢᠳᠡᠪᠬᠢᠲᠡᠢ ᠪᠠᠢᠭᠤᠯᠵᠤ ᠂ ᠰᠣᠶᠣᠯ᠎ᠤᠨ ᠬᠠᠮᠲᠤ᠎ᠶᠢᠨ ᠲᠠᠨᠢᠯᠲᠠ ᠪᠠ ᠬᠠᠢᠷ᠎ᠠ ᠰᠡᠳᠬᠢᠯᠭᠡ᠎ᠶᠢᠨ ᠬᠠᠮᠲᠤ᠎ᠶᠢᠨ ᠲᠤᠰᠬᠠᠯ᠎ᠤᠨ ᠬᠣᠣᠰ ᠴᠢᠭᠯᠡᠯᠲᠦ ᠴᠢᠳᠠᠪᠤᠷᠢ᠎ᠶᠢ ᠦᠨᠡᠨ ᠬᠦ᠌ ᠪᠦᠷᠢᠯᠳᠦᠭᠦᠯᠵᠦ ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠴᠡᠴᠡᠭ᠎ᠢ ᠤᠷᠢᠬᠠᠨ ᠰᠠᠯᠬᠢ ᠥᠭᠭᠢᠶᠡᠮᠦᠷ ᠬᠤᠷ᠎ᠠ᠎ᠶᠢᠨ ᠳᠤᠮᠳᠠ ᠡᠯᠪᠡᠭ ᠦᠷ᠎ᠡ ᠪᠦᠲᠦᠭᠡᠯ᠎ᠲᠠᠢ ᠪᠣᠯᠭᠠᠨ᠎ᠠ᠃
《ᠠᠵᠢᠯ ᠨᠢᠭᠡᠲᠡᠨ ᠬᠣᠯᠪᠤᠭᠠᠯᠠᠨ ᠬᠥᠳᠡᠯᠦᠯᠴᠡᠵᠦ 》 ᠂ ᠬᠦᠴᠦᠨ᠎ᠢᠶᠡᠨ ᠬᠤᠷᠠᠮᠳᠤᠭᠤᠯᠵᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠨᠠᠢ᠍ᠮᠠᠨ ᠬᠣᠰᠢᠭᠤᠨ᠎ᠤ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠭᠣᠣᠯ ᠠᠷᠭ᠎ᠠ ᠵᠠᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠪᠥᠬᠥ ᠬᠣᠰᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠳᠤ ᠬᠢᠴᠢᠶᠡᠯ᠎ᠦᠨ ᠤᠨ ᠵᠢᠭᠠᠨ ᠰᠤᠷᠭᠠᠯᠲᠠ ᠂ ᠦᠢᠯᠡᠳᠦᠯᠭᠡ᠎ᠶᠢᠨ ᠳᠠᠪᠲᠠᠯᠲᠠ ᠂ ᠨᠠᠮ ( ᠡᠪᠯᠡᠯ ) ᠤᠨ ᠡᠳᠦᠷ᠎ᠦᠨ ᠠᠵᠢᠯᠯᠠᠭ᠎ᠠ ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ 《ᠳᠥᠷᠪᠡ᠎ᠶᠢ ᠨᠢᠭᠡᠳᠬᠡᠬᠦ 》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠦᠨ ᠣᠨᠴᠠᠯᠢᠭ᠍ᠲᠤ ᠬᠢᠴᠢᠶᠡᠯ᠎ᠦᠨ ᠰᠢᠰᠲᠧᠮ᠎ᠢ ᠢᠳᠡᠪᠬᠢᠲᠡᠢ ᠪᠠᠢᠭᠤᠯᠵᠤ ᠂ ᠡᠯ᠎ᠡ ᠦᠨᠳᠦᠰᠦᠲᠡᠨ᠎ᠦ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠤᠭᠣᠳᠴᠤ ᠰᠣᠶᠣᠯ᠎ᠤᠨ ᠮᠡᠳᠡᠷᠡᠮᠵᠢ᠎ᠶᠢ ᠨᠢ ᠨᠡᠮᠡᠭᠳᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠴᠠᠭ ᠦᠶ᠎ᠡ᠎ᠶᠢᠨ ᠬᠦᠨᠳᠦ ᠡᠭᠦᠷᠭᠡ᠎ᠶᠢ ᠤᠬᠠᠮᠰᠠᠷ᠎ᠠᠴᠠ᠎ᠪᠠᠨ ᠡᠭᠦᠷᠭᠡᠯᠡᠬᠦ ᠪᠣᠯᠭᠠᠨ᠎ᠠ᠃ ᠡᠭᠦᠨ᠎ᠡᠴᠡ ᠭᠠᠳᠠᠨ᠎ᠠ ᠂ ᠪᠠᠰᠠ 《 ᠦᠢᠯᠡᠳᠦᠯᠭᠡ + ᠴᠢᠳᠠᠪᠤᠷᠢ ᠣᠯᠭᠣᠬᠤ 》 ᠰᠡᠳᠬᠢᠯᠭᠡ᠎ᠶᠢᠨ ᠠᠭᠤᠰᠤᠯᠴᠠᠯ᠎ᠤᠨ ᠠᠵᠢᠯᠯᠠᠭ᠎ᠠ᠎ᠶᠢ ᠥᠷᠨᠢᠭᠦᠯᠵᠦ ᠂ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ ᠂ ᠨᠠᠨᠵᠢᠩ ᠶᠡᠬᠡ ᠰᠤᠷᠭᠠᠭᠤᠯᠢ᠎ᠶᠢᠨ ᠡᠯᠧᠺᠲᠷᠣᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ ᠵᠡᠷᠭᠡ ᠪᠠᠢᠭᠤᠯᠭ᠎ᠠ ᠂ ᠶᠡᠬᠡ ᠳᠡᠭᠡᠳᠦ ᠰᠤᠷᠭᠠᠭᠤᠯᠢ ᠯᠤᠭ᠎ᠠ᠎ᠶᠢᠨ ᠨᠡᠪᠲᠡᠷᠡᠯᠴᠡᠭᠡ ᠵᠣᠯᠭᠠᠯᠴᠠᠭ᠎ᠠ᠎ᠶᠢ ᠴᠢᠩᠭᠠᠳᠬᠠᠵᠤ ᠂ ᠰᠢᠭᠤᠳ ᠨᠡᠪᠲᠡᠷᠡᠭᠦᠯᠭᠡ᠎ᠶᠢ ᠬᠣᠯᠪᠣᠬᠤ ᠂ ᠪᠠᠢᠴᠠᠭᠠᠨ ᠰᠤᠳᠤᠯᠵᠤ ᠲᠣᠭᠣᠷᠢᠨ ᠦᠵᠡᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠬᠠᠷᠢᠯᠴᠠᠨ ᠰᠣᠯᠢᠯᠴᠠᠵᠤ ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠭᠦᠨᠵᠡᠭᠡᠢᠷᠡᠨ ᠬᠥᠭᠵᠢᠬᠦ᠎ᠶᠢ ᠠᠬᠢᠭᠤᠯᠪᠠ᠃