ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
ᠰᠢᠯᠢ ᠵᠢᠨ ᠭᠣᠣᠯ ᠠᠢᠮᠠᠭ ᠦᠨᠳᠦᠰᠦᠲᠡᠨ᠎ᠤ ᠪᠦᠯᠬᠦᠮᠳᠡᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠶ᠋ᠢ ᠥᠷᠭᠡᠨ ᠵᠶ᠋ᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2025-09-19

2025 ᠣᠨ᠎ᠤ 9 ᠰᠠᠷ᠎ᠠ ᠪᠣᠯ  ᠪᠦᠭᠦ ᠣᠷᠣᠨ᠎ᠤ 42 ᠳ᠋ᠤᠭᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠣᠨ᠎ᠠ᠂ ᠰᠢᠯᠢ ᠵᠢᠨ ᠭᠣᠣᠯ ᠠᠢᠮᠠᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠱᠤᠭᠤᠮ᠎ᠤᠨ ᠲᠣᠭᠣᠷᠢᠨ᠎ᠳᠤ᠂ ᠦᠨᠳᠦᠰᠦᠲᠡᠨ᠎ᠤ ᠪᠦᠯᠬᠦᠮᠳᠡᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠶ᠋ᠢ ᠥᠷᠭᠡᠨ ᠵᠶ᠋ᠠᠷ ᠥᠷᠨᠢᠭᠦᠯᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠠᠮᠢᠳᠤᠯᠢᠭ᠋ ᠵᠶ᠋ᠠᠷ ᠶᠠᠷᠢᠵᠤ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠡᠶ᠎ᠡ ᠵᠣᠬᠢᠴᠠᠯ᠎ᠲᠠᠢ ᠪᠠᠢᠬᠤ ᠭᠦᠨ ᠵᠤᠵᠠᠭᠠᠨ ᠠᠭᠤᠷ ᠠᠮᠢᠰᠬᠤᠯ᠎ᠢ ᠢᠳᠡᠪᠬᠢᠲᠡᠢ ᠪᠤᠶ ᠪᠣᠯᠭᠠᠪᠠ᠃

9 ᠰᠠᠷ᠎ᠠ ᠵᠢᠨ 9᠎ᠤ ᠡᠳᠦᠷ᠂ ᠰᠥᠨᠢᠳ ᠵᠡᠭᠦᠨ ᠬᠣᠰᠢᠭᠤᠨ᠎ᠤ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠴᠠᠭᠳᠠᠭ᠎ᠠ ᠶ᠋ᠢ ᠵᠣᠬᠢᠶᠠᠨ ᠪᠠᠢᠭᠤᠯᠤᠨ ᠲᠣᠰ ᠰᠤᠷᠭᠠᠨ ᠬᠥᠮᠦᠵᠢᠯ᠎ᠤᠨ ᠰᠠᠭᠤᠷᠢᠨ᠎ᠳᠤ ᠬᠦᠷᠴᠦ᠂ 《ᠴᠠᠭᠳᠠᠭ᠎ᠠ ᠰᠡᠳᠬᠢᠯ ᠨᠢᠭᠡᠳᠦᠨ ᠪᠦᠯᠬᠦᠮᠳᠡᠯ᠎ᠤᠨ ᠪᠠᠢᠳᠠᠯ᠎ᠢ ᠬᠠᠮᠲᠤ᠎ᠪᠠᠷ ᠣᠢᠯᠠᠭᠠᠬᠤ》 ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠴᠠᠭᠳᠠᠭ᠎ᠠ ᠨᠠᠷ 《ᠤᠯᠤᠰ᠎ᠤᠨ ᠬᠡᠦᠬᠡᠳ》᠎ᠤᠨ ᠭᠣᠣᠯ ᠰᠡᠳᠦᠪᠲᠦ ᠦᠵᠡᠭᠦᠯᠦᠯᠭᠡ ᠶ᠋ᠢ ᠲᠣᠭᠣᠷᠢᠨ ᠦᠵᠡᠵᠦ᠂ 《ᠨᠢᠭᠡ ᠬᠣᠣᠰ ᠬᠠᠳᠬᠤᠮᠠᠯ ᠱᠠᠬᠠᠢ》 《ᠵᠢᠷᠭᠤᠭᠠᠨ ᠬᠡᠦᠬᠡᠳ᠎ᠤᠨ ᠡᠬᠡ》 ᠵᠡᠷᠭᠡ ᠰᠡᠳᠬᠢᠯ ᠬᠥᠳᠡᠯᠭᠡᠮ᠎ᠡ ᠦᠯᠢᠭᠡᠷ ᠵᠶ᠋ᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠰᠡᠳᠬᠢᠯ ᠵᠢᠷᠦᠬᠡ᠎ᠪᠠᠨ ᠬᠣᠯᠪᠣᠵᠤ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠤᠬ᠍ᠰᠠᠨ ᠭᠦᠨ ᠵᠤᠵᠠᠭᠠᠨ ᠬᠠᠢᠷ᠎ᠠ ᠰᠡᠳᠬᠢᠯᠭᠡ ᠶ᠋ᠢ ᠭᠦᠨᠵᠡᠭᠡᠢ ᠣᠢᠯᠠᠭᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠶ ᠪᠤᠯᠭᠠᠵᠤ᠂ ᠤᠮᠠᠷᠠᠲᠤ ᠬᠢᠯᠢ ᠵᠢᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠣᠢᠯᠠᠭᠠᠪᠠ᠃ ᠰᠥᠨᠢᠳ ᠵᠡᠭᠦᠨ ᠬᠣᠰᠢᠭᠤᠨ᠎ᠤ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠢᠨ ᠳᠡᠳ᠋ ᠳᠠᠷᠤᠭ᠎ᠠ ᠬᠥᠬᠡ ᠰᠦᠯᠳᠡ᠄ 《ᠪᠢ ᠲᠣᠭᠣᠷᠢᠨ ᠦᠵᠡᠭᠡᠳ  ᠦᠨᠳᠦᠰᠦᠲᠡᠨ᠎ᠨᠦᠭᠦᠳ᠎ᠤᠨ ᠬᠤᠭᠤᠷᠣᠨᠳᠣᠭᠢ ᠡᠪᠳᠡᠷᠡᠰᠢ ᠦᠭᠡᠢ ᠬᠠᠢᠷ᠎ᠠ ᠰᠡᠳᠬᠢᠯᠭᠡ ᠵᠢᠨ ᠬᠣᠯᠪᠣᠭᠠᠰᠤ ᠶ᠋ᠢ ᠭᠦᠨᠵᠡᠭᠡᠢ ᠣᠢᠯᠠᠭᠠᠪᠠ᠃ ᠠᠷᠠᠳ᠎ᠢ ᠨᠡᠭᠦᠯᠭᠡᠬᠦ ᠬᠠᠮᠢᠶᠠᠷᠤᠯᠲᠠ ᠵᠢᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠪᠢᠳᠡ ᠬᠠᠷᠢᠭᠤᠴᠠᠯᠭ᠎ᠠ ᠬᠦᠨᠳᠦ ᠭᠡᠳᠡᠭ᠎ᠢ ᠨᠠᠩ ᠢᠯᠡᠭᠦᠦ ᠮᠡᠳᠡᠷᠡᠵᠦ᠂ ᠯᠠᠪᠲᠠᠢ ᠪᠣᠳᠠᠲᠤ ᠠᠵᠢᠯᠯᠠᠭ᠎ᠠ᠎ᠪᠠᠷ ᠵᠶ᠋ᠠᠨ ᠬᠢᠯᠢ ᠵᠢᠨ ᠲᠣᠭᠲᠠᠭᠤᠨ᠎ᠢ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠡᠭᠦᠷᠢᠳᠡ ᠳᠡᠯᠭᠡᠷᠡᠭᠦᠯᠬᠦ ᠪᠣᠯᠣᠨ᠎ᠠ》 ᠭᠡᠪᠡ᠃

9 ᠰᠠᠷ᠎ᠠ᠎ᠠᠴᠠ ᠨᠠᠰᠢ᠂ ᠰᠢᠯᠢ ᠵᠢᠨ ᠭᠣᠣᠯ ᠠᠢᠮᠠᠭ᠎ᠤᠨ ᠡᠯ᠎ᠡ ᠬᠣᠰᠢᠭᠤ ᠰᠢᠶᠠᠨ ᠬᠤᠲᠠ(ᠣᠷᠣᠨ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠬᠠᠮᠢᠶ᠎ᠠ ᠪᠦᠬᠦᠢ ᠠᠵᠢᠯᠯᠠᠭ᠎ᠠ ᠶ᠋ᠢ ᠵᠠᠯᠭᠠᠭ᠎ᠠ᠎ᠪᠠᠷ ᠡᠷᠭᠢᠯᠡᠵᠦ᠂ ᠪᠠᠶᠠᠯᠢᠭ᠋ ᠰᠠᠢᠬᠠᠨ ᠤᠷᠠᠨ ᠰᠠᠢᠬᠠᠨ᠎ᠤ ᠲᠣᠬ᠍ᠯᠠᠯᠲᠠ ᠶ᠋ᠢ ᠵᠣᠬᠢᠶᠠᠨ ᠪᠠᠢᠭᠤᠯᠵᠤ᠂ ᠤᠷᠠᠨ ᠪᠢᠴᠢᠯᠭᠡ ᠤᠷᠠᠨ ᠵᠢᠷᠤᠭ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠯ᠂ ᠲᠠᠷᠢᠶᠠᠯᠠᠩ᠎ᠤᠨ ᠣᠨᠴᠠ ᠭᠠᠷᠤᠯᠲᠠ ᠵᠡᠷᠭᠡ ᠦᠵᠡᠭᠦᠯᠭᠡ ᠵᠢᠨ ᠲᠠᠪᠴᠠᠩ᠎ᠢ ᠪᠠᠢᠭᠤᠯᠵᠤ᠂ ᠵᠠᠭᠤᠨ ᠵᠢᠯ᠎ᠤᠨ ᠲᠤᠷᠰᠢᠬᠢ ᠨᠠᠮ᠎ᠤᠨ ᠭᠡᠷᠡᠯ ᠰᠠᠴᠤᠷᠠᠩᠭᠤᠢ ᠥᠩᠭᠡᠷᠡᠯᠲᠡ ᠶ᠋ᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠬᠤᠪᠢᠷᠠᠯᠲᠠ ᠶ᠋ᠢ ᠲᠤᠰᠬᠠᠵᠤ᠂ ᠡᠯ᠎ᠡ ᠦᠨᠳᠦᠰᠦᠲᠡᠨ᠎ᠤ ᠣᠯᠠᠨ ᠲᠦᠮᠡᠨ᠎ᠤ ᠨᠢᠭ᠍ᠲᠠ ᠪᠦᠯᠬᠦᠮᠳᠡᠯ᠎ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ ᠨᠠᠷ ᠵᠶ᠋ᠠᠷ ᠵᠶ᠋ᠠᠨ ᠳᠣᠲᠣᠨᠣ᠌ ᠪᠠᠢᠬᠤ ᠰᠠᠢᠨ ᠰᠠᠢᠬᠠᠨ ᠳᠦᠷᠰᠦ ᠪᠠᠢᠳᠠᠯ᠎ᠢ ᠢᠯᠡᠷᠡᠭᠦᠯᠵᠦ᠂ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠶ᠋ᠢ ᠪᠤᠶ ᠪᠤᠯᠭᠠᠵᠤ᠂ 《ᠲᠠᠪᠤᠨ ᠬᠠᠮᠲᠤ ᠵᠢᠨ ᠲᠠᠨᠢᠯᠲᠠ》 ᠶ᠋ᠢ ᠲᠠᠰᠤᠷᠠᠯᠲᠠ ᠦᠭᠡᠢ ᠨᠡᠮᠡᠭᠳᠡᠭᠦᠯᠦᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠶ᠋ᠢ ᠡᠭᠦᠳᠦᠨ ᠪᠠᠶ᠋ᠢᠭᠤᠯᠬᠤ ᠠᠵᠢᠯ᠎ᠤᠨ ᠦᠨᠡᠨ ᠪᠣᠳᠠᠲᠠᠢ ᠲᠥᠷᠥᠭᠳᠡᠯ᠎ᠲᠠᠢ ᠪᠦᠲᠦᠮᠵᠢᠲᠡᠶ ᠪᠠᠢᠬᠤ ᠶ᠋ᠢ ᠠᠬᠢᠭᠤᠯᠪᠠ᠃

ᠢᠷᠡᠯᠲᠡ᠄       
          
ᠬᠠᠮᠢᠶ᠎ᠡ ᠪᠦᠬᠦᠢ ᠰᠣᠨᠢᠨ
 
            