10 ᠳ᠋ᠤᠭᠠᠷ ᠰᠠᠷ᠎ᠠ᠎ᠶᠢᠨ 26 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠭᠡᠵᠢᠩ ᠬᠣᠲᠠ᠎ᠶᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠬᠠᠮᠲᠤᠷᠠᠨ ᠡᠷᠭᠢᠯᠡᠭᠰᠡᠨ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠭᠣᠣᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠣᠯᠭᠠᠭᠤᠯᠬᠤ ᠬᠤᠷᠠᠯ ᠪᠡᠭᠡᠵᠢᠩ᠎ᠳᠦ ᠶᠠᠪᠤᠭᠳᠠᠪᠠ᠃

10 ᠳ᠋ᠤᠭᠠᠷ ᠰᠠᠷ᠎ᠠ᠎ᠶᠢᠨ 26 ᠤ ᠡᠳᠦᠷ᠂ ᠥᠪᠥᠷ ᠮᠣᠩᠭᠣᠯ᠎ᠠᠴᠠ ᠬᠦᠷᠦᠯᠴᠡᠨ ᠢᠷᠡᠭᠰᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢᠳ ᠠᠬᠤᠢ ᠲᠠᠯᠠᠪᠠᠢ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠯᠴᠢ ᠪᠦᠲᠦᠭᠡᠭᠳᠡᠬᠦᠨ᠎ᠨᠦᠭᠦᠳ᠎ᠢ ᠳᠡᠯᠭᠡᠨ ᠦᠵᠡᠭᠦᠯᠵᠦ ᠪᠠᠢᠭ᠎ᠠ ᠨᠢ᠃
ᠰᠤᠷᠪᠤᠯᠵᠢᠯᠠᠭ᠍ᠴᠢ ᠸᠠᠩ ᠯᠧᠢ ᠰᠡᠭᠦᠳᠡᠷᠯᠡᠪᠡ
ᠵᠣᠯᠭᠠᠭᠤᠯᠬᠤ ᠬᠤᠷᠠᠯ᠎ᠢ ᠪᠡᠭᠡᠵᠢᠩ᠎ᠦᠨ 101 ᠳᠤᠮᠳᠠᠳᠤ ᠰᠤᠷᠭᠠᠭᠤᠯᠢ᠎ᠶᠢᠨ ᠶᠤᠸᠠᠨ ᠮᠢᠩ ᠶᠤᠸᠠᠨ ᠰᠤᠷᠭᠠᠭᠤᠯᠢ᠎ᠶᠢᠨ ᠲᠣᠭᠣᠷᠢᠭ᠋᠎ᠲᠤ ᠲᠣᠬᠢᠷᠠᠭᠤᠯᠵᠤ᠂ ᠠᠬᠤᠢ ᠲᠠᠯᠠᠪᠠᠢ᠎ᠳᠤ᠂ ᠥᠪᠥᠷ ᠮᠣᠩᠭᠣᠯ᠎ᠤᠨ ᠣᠨᠴᠠᠯᠢᠭ᠍ᠲᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭᠯᠠᠯᠲᠠ᠂ ᠳᠠᠭᠤᠤ ᠪᠥᠵᠢᠭ᠎ᠦᠨ ᠲᠣᠭᠯᠠᠯᠲᠠ ᠶᠠᠪᠤᠭ᠍ᠳᠠᠵᠤ᠂ ᠲᠠᠩᠰᠤᠭ ᠰᠠᠢᠬᠠᠨ ᠤᠮᠠᠷᠠᠲᠤ ᠬᠢᠵᠠᠭᠠᠷ᠎ᠤᠨ ᠰᠣᠶᠣᠯ᠎ᠢ ᠠᠮᠢᠳᠤᠯᠢᠭ᠋᠎ᠢᠶᠠᠷ ᠳᠡᠯᠭᠡᠨ ᠦᠵᠡᠭᠦᠯᠵᠡᠢ᠃ ᠪᠡᠭᠡᠵᠢᠩ᠎ᠦᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠤᠳᠤ ᠦᠶ᠎ᠡ᠎ᠶᠢᠨ ᠵᠢᠭᠤᠯᠴᠢᠯᠠᠯ᠎ᠤᠨ ᠰᠤᠳᠤᠯᠭᠠᠨ᠎ᠤ ᠳᠡᠭᠡᠳᠦ ᠰᠤᠷᠭᠠᠭᠤᠯᠢ᠎ᠶᠢᠨ ᠵᠠᠬᠢᠷᠤᠯ ᠵᠠᠩ ᠬᠤᠢ 《ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ》 ᠭᠡᠬᠦ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠢ 2025 ᠣᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠢᠨ᠎ᠡ ᠨᠡᠷᠡᠳᠬᠦᠨᠨᠦᠭᠦᠳᠢ ᠨᠡᠢᠲᠡᠯᠡᠵᠦ᠂ ᠥᠪᠥᠷ ᠮᠣᠩᠭᠣᠯ᠎ᠤᠨ ᠪᠠᠢᠭᠠᠯᠢ ᠭᠠᠵᠠᠷ ᠵᠦᠢ᠂ ᠲᠡᠦᠬᠡ ᠰᠣᠶᠣᠯ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠪᠣᠯᠣᠨ ᠦᠨᠳᠦᠰᠦᠲᠡᠨ᠎ᠦ ᠵᠠᠩ ᠦᠢᠯᠡ᠎ᠶᠢ ᠭᠦᠨᠵᠡᠭᠡᠢ ᠠᠭᠤᠰᠤᠯᠴᠠᠭᠤᠯᠤᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ 4 ᠭᠣᠣᠯ ᠱᠤᠭᠤᠮ᠂ 20 ᠰᠠᠯᠪᠤᠷᠢ ᠱᠤᠭᠤᠮ᠎ᠢ ᠂ ᠪᠠᠰᠠ ᠭᠠᠵᠠᠷ ᠣᠷᠣᠨ᠎ᠤ ᠣᠨᠴᠠᠯᠢᠭ᠋ ᠪᠠ ᠰᠣᠶᠣᠯ᠎ᠤᠨ ᠠᠭᠤᠯᠤᠭᠳᠠᠬᠤᠨ᠎ᠲᠠᠢ ᠨᠢᠭᠡ ᠪᠦᠯᠦᠭ ᠰᠤᠩᠭᠤᠳᠠᠭ ᠭᠣᠣᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠨᠡᠷᠡᠳᠬᠦᠨ᠎ᠢ ᠰᠢᠰᠲᠧᠮ᠎ᠲᠠᠢ ᠂ ᠥᠪᠥᠷ ᠮᠣᠩᠭᠣᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠥᠪᠡᠷᠮᠢᠴᠡ ᠷᠢᠳᠢ ᠰᠢᠳᠢ ᠬᠢᠭᠡᠳ ᠬᠥᠭᠵᠢᠯᠲᠡ᠎ᠶᠢᠨ ᠳᠠᠯᠳᠠ ᠬᠦᠴᠦᠨ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠤᠯᠠᠭᠠᠨ ᠲᠢᠶᠠᠲᠷ ᠤᠷᠠᠯᠢᠭ᠋ ᠪᠣᠯᠪᠠᠰᠤᠷᠠᠯ᠎ᠤᠨ ᠲᠥᠪ ᠨᠢ ᠤᠮᠠᠷᠠᠲᠤ ᠬᠢᠵᠠᠭᠠᠷ᠎ᠤᠨ ᠰᠣᠶᠣᠯ ᠤᠷᠠᠯᠢᠭ᠋᠎ᠤᠨ ᠰᠤᠳᠤᠯᠤᠨ ᠰᠤᠷᠤᠯᠴᠠᠬᠤ ᠨᠡᠷᠡᠳᠬᠦᠨ᠎ᠢ ᠲᠠᠨᠢᠯᠴᠠᠭᠤᠯᠪᠠ; ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠪᠡᠭᠡᠵᠢᠩ ᠥᠪᠥᠷ ᠮᠣᠩᠭᠣᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ᠎ᠶᠢᠨ ᠲᠥᠯᠥᠪᠯᠡᠭᠡ᠎ᠶᠢ ᠨᠡᠢᠲᠡᠯᠡᠭᠰᠡᠨ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠰᠤᠳᠤᠯᠤᠨ ᠰᠤᠷᠤᠯᠴᠠᠬᠤ ᠺᠣᠮᠫᠠᠨᠢ᠎ᠶᠢᠨ ᠠᠶᠠᠨᠴᠢᠳ᠎ᠤᠨ ᠢᠷᠡᠯᠲᠡ ᠬᠠᠷᠢᠯᠴᠠᠨ ᠨᠡᠪᠲᠡᠷᠡᠯᠴᠡᠬᠦ ᠭᠠᠷᠤᠨ ᠥᠰᠥᠭ ᠵᠢᠷᠤᠬᠤ ᠶᠣᠰᠣᠯᠠᠯ ᠶᠠᠪᠤᠭᠤᠯᠪᠠ; ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠢᠭᠡᠮᠯᠢᠭ᠎ᠦᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠤᠪᠢᠶᠠᠷᠢ ᠨᠡᠢᠭᠡᠮᠯᠢᠭ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠨᠡᠢᠭᠡᠮᠯᠢᠭ ᠯᠦ᠍ᠭᠡ ᠬᠠᠮᠲᠤᠷᠠᠯᠴᠠᠭᠠᠨ᠎ᠤ ᠵᠦᠪᠯᠡᠯᠴᠡᠭᠡᠷ ᠲᠣᠬᠢᠷᠠᠯᠴᠠᠪᠠ᠃ ᠠᠵᠢᠯᠯᠠᠭ᠎ᠠ᠎ᠳᠤ 《ᠪᠠᠭᠠᠴᠤᠳ᠎ᠤᠨ ᠨᠠᠭᠠᠳᠤᠮ》 ᠲᠣᠬᠢᠷᠠᠭᠤᠯᠵᠤ᠂ ᠵᠠᠯᠠᠭᠤ ᠪᠠᠭᠠᠴᠤᠳ ᠲᠠᠯᠠᠪᠠᠢ᠎ᠳᠤ ᠤᠮᠠᠷᠠᠲᠤ ᠬᠢᠵᠠᠭᠠᠷ᠎ᠤᠨ ᠰᠣᠶᠣᠯ᠎ᠢ ᠣᠢᠯᠠᠭᠠᠬᠤ᠎ᠪᠠᠷ ᠣᠷᠣᠯᠴᠠᠵᠠᠢ᠃
ᠣᠢᠯᠠᠭᠠᠭᠰᠠᠨ᠎ᠢᠶᠠᠷ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠪᠦᠳᠦᠭᠦᠪᠴᠢ ᠵᠥᠪᠯᠡᠯᠴᠡᠭᠡᠷ》᠎ᠲᠦ ᠭᠠᠷᠤᠨ ᠥᠰᠥᠭ ᠵᠢᠷᠤᠭᠰᠠᠨ᠎ᠠᠴᠠ ᠨᠠᠭᠠᠰᠢ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ 《ᠵᠢᠭᠤᠯᠴᠢᠯᠠᠯ᠎ᠢ ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ》᠎ᠶ᠋ᠢ ᠪᠤᠲᠠᠲᠠᠢᠵᠢᠭᠤᠯᠤᠨ ᠨᠠᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ᠎ᠤᠨ ᠬᠠᠮᠵᠢᠯᠴᠠᠭ᠎ᠠ ᠦᠷᠭᠦᠯᠵᠢᠯᠡᠨ ᠴᠢᠩᠭᠠᠷᠠᠵᠤ᠂ ᠬᠣᠶᠠᠷ ᠭᠠᠵᠠᠷ᠎ᠤᠨ ᠬᠠᠷᠢᠯᠴᠠᠨ ᠵᠣᠷᠴᠢᠬᠤ ᠵᠢᠭᠤᠯᠴᠢᠯᠠᠭ᠍ᠰᠠᠳ ᠨᠡᠶ᠋ᠢᠲᠡ 3200 ᠲᠦᠮᠡᠨ ᠬᠥᠮᠥᠨ ᠤᠳᠠᠭ᠎ᠠ᠎ᠶᠢ ᠳᠠᠪᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠨᠢ ᠨᠢᠭᠡᠨᠲᠡ ᠪᠡᠭᠡᠵᠢᠩ ᠬᠣᠲᠠ᠎ᠶᠢᠨ ᠠᠷᠠᠳ᠎ᠤᠨ ᠥᠪᠥᠷ ᠮᠣᠩᠭᠣᠯ᠎ᠳᠤ ᠬᠦᠷᠴᠦ ᠵᠢᠭᠤᠯᠴᠢᠯᠠᠬᠤ ᠰᠢᠨ᠎ᠡ ᠬᠠᠯᠠᠮᠱᠢᠯ ᠪᠣᠯᠤᠭᠰᠠᠨ ᠪᠠᠢᠨ᠎ᠠ᠃