ᠵᠠᠷᠤᠳ ᠬᠣᠰᠢᠭᠤᠨ᠎ᠤ ᠦᠯᠢᠭᠡᠷ ᠤᠷᠠᠯᠢᠭ᠋᠎ᠤᠨ ᠪᠦᠯᠭᠦᠮ ᠣᠢᠷ᠎ᠠ᠎ᠳᠤ 《2024 ᠣᠨ᠎ᠤ ᠪᠦᠭᠦ ᠤᠯᠤᠰ᠎ᠤᠨ ᠰᠣᠶᠣᠯ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠡᠷᠡᠭᠦᠯ ᠬᠠᠮᠠᠭᠠᠯᠠᠯ 〈ᠭᠤᠷᠪᠠ᠎ᠶᠢ ᠬᠥᠳᠡᠭᠡ ᠪᠠᠭᠤᠯᠭᠠᠬᠤ〉 ᠠᠵᠢᠯᠯᠠᠭ᠎ᠠ᠎ᠶᠢᠨ ᠰᠢᠯᠢᠳᠡᠭ ᠪᠦᠯᠭᠦᠮ》 ᠤ᠋ᠨ ᠢᠷᠠᠭᠤ ᠠᠯᠳᠠᠷ᠎ᠢ ᠬᠦᠷᠲᠡᠵᠦ᠂ ᠲᠦᠩᠯᠢᠶᠣᠣ ᠬᠤᠲᠠ᠎ᠶᠢᠨ ᠴᠣᠷ᠎ᠤᠨ ᠭᠠᠭᠴᠠ ᠰᠣᠩᠭᠣᠭᠳᠠᠭᠰᠠᠨ ᠪᠦᠯᠭᠦᠮ ᠪᠣᠯᠵᠠᠢ᠃

ᠲᠡᠳᠡᠨᠡᠷ ᠥᠪᠡᠷᠮᠢᠴᠡ ᠣᠨᠴᠠᠯᠢᠭ᠋᠎ᠲᠠᠢ ᠤᠷᠠᠯᠢᠭ᠋᠎ᠤᠨ ᠭᠡᠯᠪᠡᠷᠢ᠎ᠪᠠᠷ ᠨᠠᠮ᠎ᠤᠨ ᠲᠦᠷᠦ᠎ᠶᠢᠨ ᠪᠣᠳᠣᠯᠭ᠎ᠠ᠎ᠶᠢ ᠠᠮᠢᠳᠤᠯᠢᠭ᠋᠎ᠢᠶᠠᠷ ᠤᠬᠠᠭᠤᠯᠤᠨ ᠲᠠᠢᠯᠪᠤᠷᠢᠯᠠᠵᠤ᠂ ᠴᠠᠭ ᠦᠶ᠎ᠡ᠎ᠶᠢᠨ ᠳᠠᠭᠤᠨ᠎ᠢ ᠳᠠᠮᠵᠢᠭᠤᠯᠤᠨ᠂ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠲᠦᠭᠡᠮᠡᠯᠵᠢᠭᠦᠯᠵᠦ᠂ ᠵᠢᠯ ᠳᠤᠮᠳᠠᠴᠢ᠎ᠪᠠᠷ ᠬᠥᠳᠡᠭᠡ ᠪᠠᠭᠤᠵᠤ 50 ᠭᠠᠷᠤᠢ ᠲᠠᠯᠠᠪᠠᠢ ᠲᠣᠬ᠍ᠯᠠᠯᠲᠠ ᠭᠠᠷᠭᠠᠵᠤ᠂ ᠦᠨᠳᠦᠰᠦᠨ ᠱᠠᠲᠤᠨ᠎ᠤ ᠰᠣᠶᠣᠯ᠎ᠤᠨ ᠹᠷᠣᠨᠲ᠎ᠤᠨ ᠨᠢᠭᠡ ᠲᠤᠭ ᠪᠣᠯᠤᠭᠰᠠᠨ ᠪᠠᠢᠨ᠎ᠠ᠃ ᠵᠢᠷᠤᠭ ᠪᠣᠯ ᠦᠯᠢᠭᠡᠷ ᠤᠷᠠᠯᠢᠭ᠋᠎ᠤᠨ ᠪᠦᠯᠭᠦᠮ᠎ᠦᠨ ᠭᠢᠨ ᠬᠥᠳᠡᠭᠡ ᠪᠠᠭ᠎ᠤᠨ ᠲᠤᠬ᠍ᠯᠠᠯᠲᠠ ᠭᠠᠷᠭᠠᠵᠤ ᠪᠠᠢᠭ᠎ᠠ ᠨᠢ᠃