11 ᠳ᠋ᠦ᠍ᠭᠡᠷ ᠰᠠᠷ᠎ᠠ᠎ᠶᠢᠨ 4 ᠦ ᠡᠳᠦᠷ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠰᠢᠭᠦᠮᠵᠢᠯᠡᠭᠴᠢᠳ᠎ᠦᠨ ᠨᠡᠢᠭᠡᠮᠯᠢᠭ᠂ ᠬᠥᠬᠡᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ ᠳᠠᠭᠠᠭᠠᠴᠢᠯᠠᠨ ᠡᠷᠭᠢᠯᠡᠵᠦ᠂ ᠰᠢᠨᠵᠢᠶᠠᠩ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠭᠠᠨᠰᠤ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠬᠠᠷᠠᠮᠥ᠋ᠷᠡᠨ᠎ᠦ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠭᠢᠷᠢᠨ᠎ᠦ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠯᠢᠶᠣᠤᠨᠢᠩ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ ᠬᠠᠮᠲᠤ᠎ᠪᠠᠷ ᠣᠷᠣᠯᠴᠠᠵᠤ ᠡᠷᠬᠢᠯᠡᠭ᠌ᠰᠡᠨ 2025 ᠤᠮᠠᠷᠠᠲᠤ ᠬᠢᠵᠠᠭᠠᠷ᠎ᠤᠨ ᠤᠳᠬ᠎ᠠ ᠤᠷᠠᠯᠢᠭ᠋᠎ᠤᠨ ᠶᠠᠷᠢᠶᠠᠨ᠎ᠤ ᠲᠠᠪᠴᠠᠩ ᠬᠥᠬᠡᠬᠣᠲᠠ᠎ᠳᠤ ᠶᠠᠪᠤᠭᠳᠠᠪᠠ᠃
ᠣᠷᠣᠨ᠎ᠤ ᠳᠣᠲᠣᠨ᠎ᠠ ᠭᠠᠳᠠᠨ᠎ᠠ᠎ᠠᠴᠠ ᠬᠦᠷᠦᠯᠴᠡᠨ ᠢᠷᠡᠭᠰᠡᠨ ᠤᠳᠬ᠎ᠠ ᠤᠷᠠᠯᠢᠭ᠍ᠴᠢᠳ᠎ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠠᠢᠮᠠᠭ ᠬᠤᠳᠠ᠎ᠶᠢᠨ ᠤᠳᠬ᠎ᠠ ᠤᠷᠠᠯᠢᠭ᠋᠎ᠤᠨ ᠠᠵᠢᠯᠲᠠᠳ ᠵᠡᠷᠭᠡ 130 ᠭᠠᠷᠤᠢ ᠬᠥᠮᠥᠨ ᠨᠢᠭᠡ ᠲᠠᠩᠬᠢᠮ᠎ᠳᠤ ᠴᠤᠭᠯᠠᠷᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠳᠬ᠎ᠠ ᠤᠷᠠᠯᠢᠭ᠋ ᠪᠠ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ ᠵᠡᠷᠭᠡ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ ᠡᠷᠳᠡᠮ ᠰᠢᠨᠵᠢᠯᠡᠭᠡᠨ᠎ᠦ ᠰᠣᠯᠢᠯᠴᠠᠭ᠎ᠠ ᠬᠢᠵᠦ᠍ ᠭᠦᠨᠵᠡᠭᠡᠢ ᠰᠤᠳᠤᠯᠤᠨ ᠶᠠᠷᠢᠯᠴᠠᠵᠠᠢ᠃ ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠤᠷᠠᠯᠢᠭ᠍ᠴᠢᠨ᠎ᠤ 6 ᠲᠥᠯᠥᠭᠡᠯᠡᠭ᠌ᠴᠢ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠦ᠂ 《ᠤᠳᠤ ᠦᠶ᠎ᠡ᠎ᠶᠢᠨ ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠰᠢᠭᠦᠮᠵᠢ᠎ᠶᠢᠨ ᠠᠮᠢ ᠠᠬᠤᠢ᠎ᠶᠢᠨ ᠴᠣᠭ᠍ᠴᠠᠯᠠᠯᠲᠠ》᠂ 《ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠬᠠᠷᠠᠭᠠᠰᠤᠨ᠎ᠳᠠᠬᠢ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ ᠪᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ》ᠵᠡᠷᠭᠡ ᠠᠯᠢ ᠤᠯᠠᠨ ᠠᠰᠠᠭᠤᠳᠠᠯ᠎ᠳᠤ ᠭᠦᠨᠵᠡᠭᠡᠢ ᠲᠠᠢᠯᠤᠮᠵᠢ ᠬᠢᠪᠡ; 《ᠤᠮᠠᠷᠠᠲᠤ ᠬᠢᠵᠠᠭᠠᠷ᠎ᠤᠨ ᠰᠣᠶᠣᠯ᠎ᠤᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠬᠣᠰᠢᠭᠤᠷᠠᠯ ᠪᠠ ᠭᠣᠣᠯ ᠰᠡᠳᠦᠪ》᠂ 《ᠤᠮᠠᠷᠠᠲᠤ ᠬᠢᠵᠠᠭᠠᠷ᠎ᠤᠨ ᠰᠣᠶᠣᠯ ᠪᠠ ᠣᠷᠣᠨ ᠪᠦᠰᠡ᠎ᠶᠢᠨ ᠤᠷᠠᠯᠢᠭ᠋᠎ᠤᠨ ᠡᠬᠢ ᠪᠠᠶᠠᠯᠢᠭ᠋᠎ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠲᠠ》᠂ 《ᠤᠮᠠᠷᠠᠲᠤ ᠬᠢᠵᠠᠭᠠᠷ᠎ᠤᠨ ᠰᠣᠶᠣᠯ᠎ᠤᠨ ᠬᠠᠷᠠᠭᠠᠨ᠎ᠳᠠᠬᠢ ᠤᠳᠤ ᠦᠶ᠎ᠡ᠎ᠶᠢᠨ ᠤᠳᠬ᠎ᠠ ᠤᠷᠠᠯᠢᠭ᠋᠎ᠤᠨ ᠤᠨᠤᠯ》 ᠵᠡᠷᠭᠡ᠎ᠶᠢᠨ ᠲᠣᠭᠣᠷᠢᠨ᠎ᠳᠤ ᠬᠤᠪᠢᠶᠠᠷᠢ ᠶᠠᠷᠢᠶᠠᠨ᠎ᠤ ᠲᠠᠪᠴᠠᠩ᠎ᠢ ᠦᠷᠨᠢᠭᠦᠯᠵᠡᠢ; ᠡᠭᠦᠨ᠎ᠦ ᠬᠠᠮᠲᠤ ᠪᠠᠰᠠ ᠰᠢᠯᠢᠳᠡᠭ ᠥᠭᠦᠯᠡᠯ᠎ᠢ ᠬᠥᠬᠢᠭᠦᠯᠦᠨ ᠰᠠᠢᠰᠢᠶᠠᠪᠠ᠃
ᠲᠠᠨᠢᠯᠴᠠᠭᠤᠯᠤᠭᠰᠠᠨ᠎ᠢᠶᠠᠷ᠂ ᠤᠮᠠᠷᠠᠲᠤ ᠬᠢᠵᠠᠭᠠᠷ᠎ᠤᠨ ᠤᠳᠬ᠎ᠠ ᠤᠷᠠᠯᠢᠭ᠋᠎ᠤᠨ ᠶᠠᠷᠢᠶᠠᠨ᠎ᠤ ᠲᠠᠪᠴᠠᠩ᠎ᠢ ᠨᠢᠭᠡᠨᠲᠡ 5 ᠬᠤᠭᠤᠴᠠᠭ᠎ᠠ ᠡᠷᠬᠢᠯᠡᠵᠡᠢ᠂ ᠤᠷᠢᠳ ᠬᠣᠵᠢᠳ ᠪᠥᠬᠥ ᠤᠯᠤᠰ᠎ᠤᠨ ᠡᠯ᠎ᠡ ᠡᠲᠡᠭᠡᠳ᠎ᠦᠨ ᠬᠢᠨ᠎ᠦ 400 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠤᠮᠠᠷᠠᠲᠤ ᠬᠢᠵᠠᠭᠠᠷ᠎ᠤᠨ ᠰᠣᠶᠣᠯ ᠬᠢᠭᠡᠳ ᠳᠤᠮᠳᠠᠳᠤ ᠤᠯᠤᠰ᠎ᠤᠨ ᠣᠲᠣ᠌ ᠦᠶ᠎ᠡ᠎ᠶᠢᠨ ᠤᠳᠬ᠎ᠠ ᠤᠷᠠᠯᠢᠭ᠋᠎ᠤᠨ ᠴᠡᠴᠡᠭᠯᠡᠯᠲᠡ ᠵᠡᠷᠭᠡ᠎ᠶᠢᠨ ᠲᠣᠭᠣᠷᠢᠨ᠎ᠳᠤ ᠡᠷᠳᠡᠮ ᠰᠢᠨᠵᠢᠯᠡᠭᠡᠨ᠎ᠦ ᠰᠣᠯᠢᠯᠴᠠᠭ᠎ᠠ ᠬᠢᠵᠦ᠂ ᠣᠨᠣᠯ᠎ᠤᠨ ᠦᠷ᠎ᠡ ᠪᠦᠲᠦᠭᠡᠯ᠎ᠢᠶᠡᠨ ᠨᠡᠢᠲᠡᠯᠡᠭᠦᠯᠦᠭᠡᠳ᠂ ᠢᠳᠡᠭ ᠢᠳᠡᠭ᠎ᠢᠶᠡᠷ ᠪᠥᠬᠥ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠠᠩᠬᠠᠷᠤᠯ᠎ᠢ ᠥᠷᠭᠡᠨ᠎ᠢᠶᠡᠷ ᠲᠠᠲᠠᠭᠰᠠᠨ ᠤᠳᠬ᠎ᠠ ᠤᠷᠠᠯᠢᠭ᠋᠎ᠤᠨ ᠰᠢᠭᠦᠮᠵᠢ᠎ᠶᠢᠨ ᠨᠠᠷᠠᠲᠤ ᠲᠡᠮᠳᠡᠭ᠎ᠦᠨ ᠠᠵᠢᠯᠯᠠᠭ᠎ᠠ ᠪᠣᠯᠤᠭᠰᠠᠨ ᠪᠠᠢᠨ᠎ᠠ᠃