ᠤᠮᠠᠷᠠᠲᠤ ᠬᠢᠯᠢ᠎ᠳᠤ ᠲᠦᠮᠡᠨ ᠪᠣᠳᠠᠰ ᠠᠮᠢᠯᠠᠨ ᠲᠥᠯᠵᠢᠨ᠎ᠡ᠃

ᠤᠢ᠍ᠢ᠍ᠷ᠎ᠠ ᠵᠢᠨ ᠡᠳᠦᠷ ᠲᠤ᠂ 《 ᠥᠪᠥᠷ ᠮᠣᠩᠭᠣᠯ》 ᠤᠮᠠᠷᠠᠲᠤ ᠵᠢᠨ ᠰᠣᠶᠣᠯ᠎ᠤᠨ ᠤᠯᠠᠷᠢᠯ᠎ᠤᠨ ᠠᠵᠢᠯᠯᠠᠭ᠎ᠠ᠎ᠨᠢ ᠤᠴᠢ ᠵᠢᠨ ᠭᠠᠯ ᠮᠡᠲᠦ ᠪᠦᠬᠦ ᠣᠷᠣᠨ᠎ᠤ ᠡᠯ᠎ᠡ ᠭᠠᠵᠠᠷ᠎ᠲᠤ ᠤᠳᠬ᠎ᠠ ᠤᠷᠠᠯᠢᠭ᠎ᠤᠨ 《ᠭᠠᠯ》 ᠢ ᠨᠣᠴᠣᠭ᠋ᠠᠪᠠ᠃

ᠡᠨᠡ ᠬᠦ᠌ 《ᠤᠷᠠᠯᠢᠭ᠎ᠤᠨ ᠦᠪᠡᠳᠡᠭᠰᠢ ᠴᠤᠭᠯᠠᠭ᠋ᠠᠨ᠂ ᠠᠷᠠᠳ ᠲᠦᠮᠡᠨ᠎ᠤ ᠪᠠᠶᠠᠷ᠎ᠤᠨ ᠡᠳᠦᠷ》 ᠵᠶ᠋ᠠᠷ ᠪᠠᠶ᠋ᠢᠷᠢ ᠲᠣᠭᠲᠠᠭ᠋ᠠᠯᠲᠠ ᠪᠣᠯᠭ᠋ᠠᠭᠰᠠᠨ ᠰᠣᠶᠣᠯ᠎ᠤᠨ ᠦᠪᠡᠳᠡᠭᠰᠢ ᠴᠤᠭᠯᠠᠭ᠋ᠠᠨ᠎ᠨᠢ 《ᠠᠷᠪᠢᠴᠢ ᠭᠠᠮᠲᠠᠶ᠎ᠪᠠᠷ ᠠᠵᠢᠯᠯᠠᠭ᠎ᠠ ᠡᠷᠭᠢᠯᠡᠬᠦ》᠂ 《ᠡᠭᠦᠳᠡ᠎ᠪᠠᠨ ᠨᠡᠭᠡᠭᠡᠵᠦ ᠠᠵᠢᠯᠯᠠᠭ᠎ᠠ ᠡᠷᠭᠢᠯᠡᠬᠦ》 ᠣᠨᠣᠯᠵᠢᠬᠤᠨ᠎ᠢ ᠪᠠᠷᠢᠮᠲᠠᠯᠠᠵᠤ᠂ ᠤᠯᠠᠭ᠋ᠠᠨᠮᠥ᠋ᠴᠢᠷ ᠦ᠋᠊ᠨ ᠠᠷᠠᠳ᠎ᠲᠤ ᠠᠰᠢᠭ ᠬᠦᠷᠲᠡᠭᠡᠬᠦ ᠲᠣᠭᠯᠠᠯᠲᠠ᠂ ᠦᠨᠳᠦᠰᠦᠲᠡᠨ᠎ᠤ ᠲᠠᠭᠤᠯᠠᠯᠳᠤ ᠤᠷᠠᠯᠢᠭ᠎ᠤᠨ ᠲᠣᠭᠯᠠᠯᠲᠠ ᠵᠡᠷᠭᠡ ᠣᠯᠠᠨ ᠵᠦᠢ᠍ᠯ ᠦ᠋᠊ᠨ ᠬᠡᠯᠪᠡᠷᠢ᠎ᠪᠠᠷ ᠳᠠᠮᠵᠢᠭᠤᠯᠤᠨ᠂ ᠤᠮᠠᠷᠠᠲᠤ ᠬᠢᠯᠢ ᠵᠢᠨ ᠰᠣᠶᠣᠯ᠎ᠢ ᠰᠢᠨ᠎ᠡ ᠴᠠᠭ ᠦᠶ᠎ᠡ᠎ᠳᠤ ᠠᠮᠢᠵᠢᠷᠠᠯ᠎ᠤᠨ ᠬᠦᠴᠦᠨ ᠵᠶ᠋ᠡᠷ ᠪᠢᠯᠬᠠᠭᠤᠯᠵᠤ᠂ ᠡᠯ᠎ᠡ ᠭᠠᠵᠠᠷ᠎ᠤᠨ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠪᠠ᠃
