7 ᠳ᠋ᠤᠭ᠋ᠠᠷ ᠰᠠᠷ᠎ᠠ ᠵᠢᠨ 12 ᠡᠳᠦᠷ᠂ 《ᠥᠪᠥᠷ ᠮᠣᠩᠭᠣᠯ᠎ᠳᠤ ᠳᠠᠭᠤᠯᠠᠨ ᠵᠢᠭᠤᠯᠴᠢᠯᠠᠬᠤ》 ᠤᠮᠠᠷᠠᠲᠤ ᠬᠢᠯᠢ ᠵᠢᠨ ᠰᠣᠶᠣᠯ᠎ᠤᠨ ᠠᠵᠢᠯᠯᠠᠭ᠎ᠠ ᠵᠢᠨ ᠤᠯᠠᠷᠢᠯ᠎ᠤᠨ ᠬᠢᠯᠠᠰ ᠴᠡᠭ ᠦ᠋᠊ᠨ ᠠᠵᠢᠯᠯᠠᠭ᠎ᠠ ᠪᠣᠯᠤᠭᠰᠠᠨ᠎ᠤ ᠬᠤᠪᠢ᠎ᠳᠤ᠂ 《ᠤᠮᠠᠷᠠᠲᠤ ᠬᠢᠯᠢ ᠵᠢᠨ ᠠᠵᠢᠯ᠎ᠤᠨ ᠢᠷᠠᠭᠤ ᠲᠤᠤᠯᠢᠰ》 ᠤᠨ ᠳᠥᠷᠪᠡᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠭᠠᠷ ᠤᠷᠠᠯᠠᠯ᠎ᠤᠨ ᠰᠣᠳᠣᠨ ᠪᠦᠲᠦᠭᠡᠯ ᠦ᠋᠊ᠨ ᠦᠵᠡᠰᠬᠦᠯᠡᠩ ᠵᠢᠴᠢ ᠭᠤᠷᠪᠠᠳᠤᠭ᠋ᠠᠷ ᠬᠤᠭᠤᠴᠠᠭ᠋ᠠᠨ᠎ᠤ ᠬᠥᠬᠡᠬᠣᠲᠠ ᠵᠢᠨ ᠭᠠᠷ ᠤᠷᠠᠯᠠᠯ᠎ᠤᠨ ᠰᠣᠳᠣᠨ ᠪᠦᠲᠦᠭᠡᠯ ᠦ᠋᠊ᠨ ᠦᠵᠡᠰᠬᠦᠯᠡᠩ ᠡᠬᠢᠯᠡᠭᠰᠡᠨ ᠠᠩᠬᠠᠨ᠎ᠤ ᠡᠳᠦᠷ᠂ ᠦᠵᠡᠰᠬᠦᠯᠡᠩ᠎ᠢ ᠲᠣᠭᠣᠷᠢᠨ ᠦᠵᠡᠬᠦ ᠬᠠᠯᠠᠭᠤᠨ ᠥᠷᠨᠢᠯᠲᠡ ᠭᠠᠷᠴᠤ᠂ 260 ᠭᠠᠷᠤᠶ ᠬᠤᠪᠢ (ᠢᠵᠢ) ᠤᠯᠠᠮᠵᠢᠯᠠᠯᠲᠤ ᠭᠠᠷ ᠤᠷᠠᠯᠠᠯ ᠪᠣᠯᠤᠨ ᠣᠲᠣ ᠦᠶ᠎ᠡ ᠵᠢᠨ ᠰᠠᠶ᠋ᠢᠬᠠᠨ᠎ᠤ ᠲᠠᠭ᠋ᠠᠰᠢᠶᠠᠯ᠎ᠢ ᠠᠭᠤᠰᠤᠯᠴᠠᠭᠤᠯᠤᠭᠰᠠᠨ ᠠᠷᠠᠳ᠎ᠤᠨ ᠭᠠᠷ ᠤᠷᠠᠯᠠᠯ᠎ᠤᠨ ᠤᠷᠠᠨ ᠵᠢᠷᠤᠭ᠎ᠤᠨ ᠪᠦᠲᠦᠭᠡᠯ ᠭᠠᠶ᠋ᠢᠬᠠᠭᠳᠠᠨ ᠢᠯᠡᠷᠡᠵᠦ᠂ ᠤᠮᠠᠷᠠᠲᠤ ᠬᠢᠯᠢ ᠵᠢᠨ ᠰᠣᠶᠣᠯ᠎ᠤᠨ ᠭᠦᠨ ᠵᠤᠵᠠᠭ᠋ᠠᠨ ᠠᠭᠤᠯᠤᠭᠳᠠᠬᠤᠨ᠎ᠢ ᠢᠯᠡᠷᠡᠭᠦᠯᠦᠭᠰᠡᠨ ᠵᠶ᠋ᠡᠷ ᠪᠠᠷᠠᠬᠤ ᠥᠬᠡᠶ᠂ ᠨᠠᠩ ᠴᠤ᠌ ᠦᠵᠡᠭᠴᠢᠳ᠎ᠲᠤ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠮᠡᠳᠡᠷᠡᠭᠦᠯᠪᠡ᠃

《ᠡᠲᠡᠭᠡᠷ ᠭᠠᠷ ᠤᠷᠠᠯᠠᠯ᠎ᠤᠨ ᠪᠦᠲᠦᠭᠡᠭᠳᠡᠬᠦᠨ ᠮᠠᠰᠢ ᠨᠠᠷᠢᠯᠢᠭ᠂ ᠲᠤᠬᠠᠶ ᠵᠢᠨ ᠭᠠᠵᠠᠷ᠎ᠤᠨ ᠬᠥᠮᠦᠰ ᠦ᠋᠊ᠨ ᠠᠮᠢᠳᠤᠷᠠᠯ ᠮᠠᠰᠢ ᠵᠣᠯ ᠵᠢᠷᠭ᠋ᠠᠯ᠎ᠲᠠᠢ ᠮᠠᠰᠢ ᠰᠠᠶ᠋ᠢᠨ ᠰᠠᠶ᠋ᠢᠬᠠᠨ ᠪᠠᠶ᠋ᠢᠬᠤ ᠵᠢ ᠢᠯᠡᠷᠡᠭᠦᠯᠵᠦ᠂ ᠮᠠᠨ᠎ᠤ ᠦ᠋᠊ᠨ ᠲᠠᠯ᠎ᠠ ᠵᠢᠨ ᠪᠦᠲᠦᠭᠡᠯ᠎ᠲᠠᠢ ᠮᠠᠰᠢ ᠠᠳᠠᠯᠢ ᠥᠬᠡᠶ᠃ ᠠᠴᠠ ᠢᠷᠡᠭᠰᠡᠨ ᠵᠢᠭᠤᠯᠴᠢᠯᠠᠭᠴᠢ ᠸᠠᠩ ᠠᠪᠠᠬᠠᠶ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ ᠥᠪᠥᠷ ᠮᠣᠩᠭᠣᠯ᠎ᠤᠨ ᠡᠲᠡᠭᠡᠷ ᠠᠷᠠᠳ᠎ᠤᠨ ᠭᠠᠷ ᠤᠷᠠᠯᠠᠯ᠎ᠤᠨ ᠪᠦᠲᠦᠭᠡᠯ᠎ᠨᠢ ᠮᠠᠰᠢ ᠨᠠᠷᠢᠯᠢᠭ ᠪᠠᠶ᠋ᠢᠵᠤ᠂ ᠣᠯᠠᠩᠬᠢ᠎ᠨᠢ ᠲᠤᠬᠠᠶ ᠵᠢᠨ ᠭᠠᠵᠠᠷ᠎ᠤᠨ ᠠᠷᠠᠳ ᠲᠦᠮᠡᠨ᠎ᠤ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠠᠶ᠋ᠢᠵᠤ᠂ ᠲᠡᠭᠦᠨ᠎ᠳᠤ ᠭᠦᠨ ᠰᠠᠭᠤᠭᠳᠠᠯ ᠦᠯᠡᠳᠡᠭᠡᠵᠡᠶ ᠃
