ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠵᠦ99 ᠨᠣᠮᠧᠷᠲᠤ ᠵᠠᠰᠠᠮᠠᠯ ᠵᠠᠮ ᠳᠠᠭ᠋ᠠᠣ ᠠᠵᠤ ᠠᠬᠤᠢ ᠵᠢ ᠬᠥᠭᠵᠢᠭᠡᠨ ᠮᠠᠯᠴᠢᠳ᠎ᠤᠨ ᠣᠷᠣᠯᠭ᠎ᠠ ᠵᠢ ᠨᠡᠮᠡᠭᠳᠡᠭᠦᠯᠦᠨ᠎ᠡ
ᠨᠡᠶ᠋ᠢᠲᠡᠯᠡᠭᠰᠡᠨ ᠴᠠᠭ᠄ 2025-08-05

    ᠪᠠᠷᠠᠭᠤᠨ ᠦᠵᠦᠮᠦᠴᠢᠨ ᠬᠤᠰᠢᠭᠤᠨ᠎ᠤ 《99 ᠨᠣᠮᠧᠷᠲᠤ ᠵᠠᠰᠠᠮᠠᠯ ᠵᠠᠮ》᠎ᠨᠢ ᠵᠠᠮ ᠳᠠᠭ᠋ᠠᠣ ᠭᠤᠢ᠌ᠳᠠ ᠰᠠᠢ᠌ᠬᠠᠨ ᠪᠠᠢ᠌ᠭ᠋ᠠᠯᠢ ᠵᠢᠨ ᠦᠩᠭᠡ ᠦᠵᠡᠮᠵᠢ ᠪᠤᠯᠤᠨ ᠣᠯᠠᠮᠵᠢᠯᠠᠯᠲᠣ ᠰᠣᠶᠤᠯ᠎ᠤᠨ ᠠᠭᠤᠯᠬᠤᠨ ᠵᠶ᠋ᠠᠷ ᠵᠶ᠋ᠠᠨ ᠬᠣᠯᠠ ᠣᠢ᠌ᠷ᠎ᠠ᠎ᠳᠤ᠎ᠪᠠᠨ ᠠᠯᠳᠠᠷᠰᠢᠵᠤ᠂ ᠣᠷᠣᠨ᠎ᠤ ᠳᠣᠲᠤᠨ᠎ᠠ ᠭᠠᠳᠠᠨᠠᠬᠢ ᠵᠢᠭᠤᠯᠴᠢᠯᠠᠭᠰᠠᠳ᠎ᠤᠨ ᠠᠩᠬᠠᠷᠣᠯ᠎ᠢ ᠶᠡᠬᠡᠳᠡ ᠳᠠᠲᠠᠭᠰᠠᠨ ᠪᠠᠢ᠌ᠨ᠎ᠠ᠃ ᠣᠢ᠌ᠷ᠎ᠠ ᠵᠢᠨ ᠬᠣᠶᠠᠷ ᠵᠢᠯ᠎ᠠᠴᠠ ᠵᠢᠭᠤᠯᠴᠢᠯᠠᠭᠰᠠᠳ᠎ᠤᠨ ᠥᠳᠲᠡᠷ ᠲᠥᠷᠭᠡᠨ ᠨᠡᠮᠡᠭᠳᠡᠬᠥ ᠵᠢ ᠳᠠᠭ᠋ᠠᠯᠳᠣᠨ᠂ ᠤᠤᠯ᠎ᠤᠨ ᠥᠩᠭᠡ ᠦᠵᠡᠮᠵᠢ ᠪᠣᠯᠣᠨ ᠣᠯᠠᠮᠵᠢᠯᠠᠯᠲᠤ ᠵᠠᠩ ᠦᠢ᠍ᠯᠡ ᠵᠢᠨ ᠰᠣᠶᠣᠯ᠎ᠢ ᠬᠤᠯᠪᠤᠭᠰᠠᠨ ᠡᠨᠡᠬᠥ ᠵᠠᠮ᠎ᠨᠢ ᠣᠳᠤ ᠮᠦᠨᠴᠦ ᠮᠠᠯᠴᠢᠳ᠎ᠤᠨ ᠣᠷᠣᠯᠭ᠎ᠠ ᠵᠢᠨ ᠨᠡᠮᠡᠭᠳᠡᠯ᠎ᠢ ᠳᠠᠢ᠌ᠴᠢᠯᠠᠬᠤ 《ᠰᠢᠵᠢᠷ ᠠᠯᠲᠠᠨ ᠵᠠᠮ》 ᠪᠣᠯᠵᠤ᠂ ᠵᠠᠮ ᠳᠠᠭ᠋ᠠᠤ ᠮᠠᠯᠴᠢᠨ ᠡᠷᠦᠬᠡ ᠮᠣᠷᠢ ᠤᠨᠤᠬᠤ᠂ ᠰᠤᠷ ᠬᠠᠷᠪᠤᠬᠤ ᠵᠡᠷᠭᠡ ᠲᠠᠯ᠎ᠠ ᠨᠤᠲᠤᠭ᠎ᠤᠨ ᠥᠪᠡᠷᠮᠢᠴᠡ ᠣᠨᠴᠠᠯᠢᠭ᠎ᠲᠠᠢ ᠨᠠᠭ᠋ᠠᠳᠤᠮ᠎ᠤᠨ ᠵᠦᠢ᠍ᠯᠡᠰ᠎ᠢ ᠡᠷᠬᠢᠯᠡᠵᠦ᠂ ᠰᠦ᠎ᠲᠠᠢ ᠴᠠᠢ᠂ ᠥᠷᠦᠮ᠎ᠡ ᠬᠤᠷᠤᠳ᠂ ᠮᠢᠬ᠎ᠠ᠂ ᠪᠤᠤᠽᠢ ᠵᠡᠷᠬᠡ ᠤᠯᠠᠮᠵᠢᠯᠠᠯᠲᠤ ᠢᠳᠡᠭᠡᠨ ᠤᠮᠳᠠᠭ᠋ᠠᠨ ᠵᠶ᠋ᠡᠨ ᠬᠤᠳᠠᠯᠳᠣᠨ ᠪᠤᠷᠤᠯᠠᠭᠤᠯᠵᠤ᠂ ᠣᠷᠣᠯᠭ᠎ᠠ᠎ᠪᠠᠨ ᠨᠡᠮᠡᠭᠳᠡᠭᠦᠯᠵᠡᠢ᠃

    ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ᠎ᠤᠨ ᠬᠠᠵᠠᠭᠤᠳᠠᠭᠢ ᠰᠡᠷᠭᠦᠯᠡᠩ ᠬᠠᠷᠠᠭ᠋ᠠᠲᠤ ᠠᠭᠤᠯᠠ ᠵᠢᠨ ᠦᠵᠡᠮᠵᠢ ᠵᠢᠨ ᠣᠷᠣᠨ᠎ᠤ ᠦᠢ᠍ᠯᠡᠴᠢᠯᠡᠭᠡᠨ᠎ᠤ ᠲᠥᠪ᠎ᠲᠤ᠂ ᠪᠠᠶᠠᠨᠬᠣᠰᠢᠭᠤ ᠰᠣᠮᠣᠨ᠎ᠤ ᠱᠡᠣᠲᠦ ᠭᠠᠴᠠᠭ᠋ᠠᠨ᠎ᠤ ᠮᠠᠯᠴᠢᠨ ᠲᠠᠯᠠᠢ᠌ᠨᠴᠢᠮᠡᠭ ᠥᠪᠡᠷᠮᠢᠴᠡ ᠣᠨᠴᠠᠯᠢᠭ᠎ᠲᠠᠢ ᠤᠯᠠᠮᠵᠢᠯᠠᠯᠲᠤ ᠠᠮᠲᠠᠲᠤ ᠢᠳᠡᠭᠡᠨ᠎ᠤ ᠳᠡᠯᠭᠡᠭᠦᠷ ᠡᠷᠬᠢᠯᠡᠵᠦ᠂ ᠵᠣᠨ᠎ᠤ ᠤᠯᠠᠷᠢᠯ᠎ᠤᠨ ᠮᠠᠯᠵᠢᠯ᠎ᠤᠨ ᠰᠡᠯᠡᠭᠦᠦ ᠴᠠᠭ ᠵᠶ᠋ᠠᠨ ᠠᠰᠢᠭᠯᠠᠨ ᠣᠷᠣᠯᠭ᠎ᠠ᠎ᠪᠠᠨ ᠨᠡᠮᠡᠭᠳᠡᠭᠦᠯᠦᠭᠡᠳ ᠮᠠᠰᠢ ᠪᠠᠶᠠᠷᠲᠠᠢ᠌ᠬᠠᠨ ᠪᠠᠢ᠌ᠯ᠎ᠠ᠃ ᠲᠠᠯᠠᠢ᠌ᠨᠴᠢᠮᠡᠭ ᠡᠨᠡ ᠵᠢᠯ᠎ᠤᠨ 7 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠣᠰ ᠵᠢᠭᠤᠯᠴᠢᠯᠠᠯ᠎ᠤᠨ ᠲᠥᠪ᠎ᠲᠤ ᠤᠯᠠᠮᠵᠢᠯᠠᠯᠲᠤ ᠢᠳᠡᠭᠡᠨ ᠤᠮᠳᠠᠭ᠋ᠠᠨ᠎ᠤ ᠳᠡᠯᠭᠡᠭᠦᠷ ᠵᠶ᠋ᠡᠨ ᠡᠬᠢᠯᠡᠨ ᠡᠵᠡᠩᠨᠡᠵᠦ᠂ ᠣᠨᠴᠠᠭ᠋ᠠᠢ᠌ᠯᠠᠨ ᠲᠡᠭᠦᠨ᠎ᠤ ᠥᠪᠡᠷᠲᠡᠭᠡᠨ ᠬᠢᠭᠰᠡᠨ ᠲᠠᠯ᠎ᠠ ᠨᠤᠲᠤᠭ᠎ᠤᠨ ᠣᠨᠴᠠᠯᠢᠭᠲᠤ ᠰᠦ᠎ᠲᠠᠢ ᠴᠠᠢ᠎ᠨᠢ ᠵᠢᠭᠤᠯᠴᠢᠯᠠᠭᠰᠠᠳ᠎ᠤᠨ ᠰᠣᠨᠢᠷᠬᠠᠯ᠎ᠢ ᠶᠡᠭᠡᠳᠡ ᠲᠠᠲᠠᠭᠰᠠᠨ ᠪᠠᠢ᠌ᠨ᠎ᠠ᠃ 99 ᠨᠣᠮᠧᠷᠲᠤ ᠵᠠᠰᠠᠮᠠᠯ ᠵᠠᠮ᠎ᠤᠨ ᠬᠠᠵᠠᠭᠤᠳᠡᠬᠢ ᠬᠠᠳᠣᠯᠠᠩ᠎ᠤᠨ ᠲᠠᠯᠠᠪᠠᠢ᠎ᠳᠤ ᠮᠠᠯᠴᠢᠨ ᠵᠠᠶᠠᠭ᠎ᠠ ᠮᠣᠷᠢ ᠣᠨᠤᠬᠤ᠎ᠪᠠᠷ ᠢᠷᠡᠭᠰᠡᠨ ᠵᠢᠭᠤᠯᠴᠢᠯᠠᠭᠰᠠᠳ᠎ᠲᠤ ᠮᠣᠷᠢ ᠣᠨᠤᠬᠤ᠎ᠳᠤ ᠠᠩᠬᠠᠷᠬᠤ ᠵᠣᠬᠢᠰᠲᠠᠢ ᠵᠦᠢ᠍ᠯᠡᠰ᠎ᠢ ᠨᠠᠷᠢᠨ ᠲᠠᠢ᠌ᠯᠪᠤᠷᠢᠯᠠᠵᠤ᠂ ᠮᠣᠷᠢᠨ᠎ᠳᠠᠭᠠᠨ ᠮᠣᠷᠳᠠᠨ ᠵᠢᠭᠤᠯᠴᠢᠯᠠᠭᠰᠠᠳ᠎ᠤᠨ ᠣᠨᠤᠭᠰᠠᠨ ᠮᠣᠷᠢ ᠵᠢ ᠬᠦᠲᠦᠯᠦᠨ ᠬᠠᠳᠣᠯᠠᠩ᠎ᠤᠨ ᠲᠠᠯᠠᠪᠠᠢ᠎ᠪᠠᠷ ᠠᠯᠭᠤᠷᠬᠠᠨ ᠠᠯᠬᠤᠭᠤᠯᠵᠤ ᠪᠠᠢ᠌ᠯ᠎ᠠ᠃

    ᠡᠳᠡᠨᠡᠢ᠌ᠬᠢᠨ᠎ᠤ 160 ᠮᠦ᠍ ᠪᠡᠯᠴᠢᠭᠡᠷ᠎ᠨᠢ 99 ᠨᠣᠮᠧᠷᠲᠤ ᠵᠠᠰᠠᠮᠠᠯ ᠵᠠᠮ ᠎ᠤᠨ ᠬᠠᠵᠠᠭᠤ᠎ᠳᠤ ᠪᠠᠢ᠌ᠷᠢᠯᠠᠵᠤ ᠪᠠᠢ᠌ᠳᠠᠭ᠎ᠠᠴᠠ ᠡᠨᠡ ᠵᠢᠯ᠎ᠤᠨ ᠵᠤᠨ᠎ᠤ ᠡᠬᠢ᠎ᠪᠠᠷ ᠲᠡᠷᠡ ᠵᠢᠭᠤᠯᠴᠢᠯᠠᠭᠰᠠᠳ᠎ᠲᠤ ᠬᠠᠨᠳᠣᠭᠤᠯᠤᠨ ᠮᠣᠷᠢ ᠤᠨᠤᠬᠤ ᠲᠠᠯᠠᠪᠠᠢ ᠭᠠᠷᠭ᠋ᠠᠵᠤ᠂ ᠮᠠᠯᠵᠢᠯ᠎ᠠᠴᠠ ᠪᠤᠰᠣᠳ ᠪᠠᠰᠠ ᠨᠢᠭᠡ ᠲᠠᠯ᠎ᠠ᠎ᠪᠠᠷ ᠣᠷᠣᠯᠭ᠎ᠠ᠎ᠪᠠᠨ ᠨᠡᠮᠡᠭᠳᠡᠭᠦᠯᠬᠥ ᠵᠢ ᠵᠣᠷᠢᠵᠠᠢ᠃

    ᠪᠠᠷᠠᠭᠤᠨ ᠦᠵᠦᠮᠦᠴᠢᠨ ᠬᠣᠰᠢᠭᠤᠨ᠎ᠤ ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ᠎ᠨᠢ ᠭᠤᠢ᠌ᠳᠠ ᠰᠠᠢ᠌ᠬᠠᠨ ᠦᠵᠡᠮᠵᠢ ᠵᠢᠨ ᠵᠠᠮ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠠᠷᠠᠳ᠎ᠢ ᠪᠠᠶᠠᠵᠢᠭᠤᠯᠬᠤ 《ᠣᠷᠣᠯᠭ᠎ᠠ ᠵᠢᠨ ᠵᠠᠮ》 ᠪᠤᠯᠤᠭᠰᠠᠨ ᠪᠠᠢ᠌ᠨ᠎ᠠ᠃ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ ᠵᠠᠰᠠᠮᠠᠯ ᠵᠠᠮ ᠳᠠᠭ᠋ᠠᠤ ᠰᠠᠭᠤᠷᠢ ᠪᠡᠯᠡᠳᠬᠡᠮᠵᠢ ᠵᠢ ᠲᠡᠭᠦᠯᠳᠡᠷᠵᠢᠭᠦᠯᠵᠦ᠂ ᠮᠠᠯᠴᠢᠨ ᠡᠷᠦᠬᠡ ᠵᠢᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠤᠯᠪᠠᠰᠣᠷᠠᠯ ᠥᠷᠨᠢᠭᠦᠯᠵᠦ᠂ ᠡᠵᠡᠩᠨᠡᠯᠲᠡ ᠵᠢᠨ ᠪᠠᠷᠢᠮᠵᠢᠶ᠎ᠠ ᠵᠢ ᠨᠢᠭᠡᠳᠦᠯᠲᠡᠢ ᠵᠢᠷᠤᠮᠵᠢᠭᠤᠯᠤᠨ᠂ ᠵᠠᠮ ᠳᠠᠭ᠋ᠠᠤ ᠮᠠᠯᠴᠢᠳ᠎ᠢ ᠳᠠᠶ᠋ᠢᠴᠢᠯᠠᠨ ᠵᠢᠭᠤᠯᠴᠢᠯᠠᠯ᠎ᠤᠨ ᠦᠢ᠍ᠯᠡᠰ ᠵᠶ᠋ᠡᠷ ᠣᠷᠣᠯᠭ᠎ᠠ᠎ᠪᠠᠨ ᠨᠡᠮᠡᠭᠳᠡᠭᠦᠯᠬᠦ ᠰᠢᠨ᠎ᠡ ᠵᠠᠮ᠎ᠢ ᠬᠠᠢ᠌ᠵᠤ᠂ ᠵᠢᠭᠤᠯᠴᠢᠯᠠᠭᠴᠢᠳ ᠲᠠᠯ᠎ᠠ ᠨᠤᠲᠤᠭ᠎ᠤᠨ ᠵᠠᠩ ᠦᠢ᠍ᠯᠡ ᠵᠢ ᠪᠠᠬᠠᠷᠬᠠᠨ ᠣᠢ᠌ᠯᠠᠭ᠋ᠠᠬᠤ ᠵᠢᠨ ᠵᠡᠷᠭᠡ᠎ᠳᠤ ᠮᠠᠯᠴᠢᠳ᠎ᠤᠨ ᠠᠵᠤ ᠠᠬᠤᠢ ᠵᠢᠨ ᠣᠷᠣᠯᠭ᠎ᠠ ᠴᠤ᠌ ᠨᠡᠮᠡᠭᠳᠡᠭᠰᠡᠨ ᠪᠠᠢ᠌ᠨ᠎ᠠ᠃

ᠢᠷᠡᠯᠲᠡ᠄      
          
ᠬᠠᠮᠢᠶ᠎ᠡ ᠪᠦᠬᠦᠢ ᠰᠣᠨᠢᠨ
 
            