ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠳᠤᠯᠠᠭᠠᠨ ᠬᠤᠳᠠ ᠵᠢᠨ ᠳᠡᠯᠭᠡᠷ ᠨᠠᠭᠠᠳᠤᠮ
ᠨᠡᠶ᠋ᠢᠲᠡᠯᠡᠭᠰᠡᠨ ᠴᠠᠭ᠄ 2025-09-16

8 ᠰᠠᠷ᠎ᠠ᠎ᠶᠢᠨ 12 - 21᠎ᠤ ᠡᠳᠦᠷ ᠪᠤᠯᠳᠠᠯ᠎ᠠ᠂ 《ᠤᠮᠠᠷᠠᠲᠤ ᠬᠢᠯᠢ᠎ᠶᠢᠨ ᠤᠶᠠᠩᠭᠠᠲᠤ ᠳᠠᠭᠤᠤ ᠬᠥᠳᠡᠭᠡ ᠲᠠᠯ᠎ᠠ ᠳ᠋ᠦ᠍ ᠴᠤᠤᠷᠢᠶᠠᠲᠤᠨᠠᠮ》 2025 ᠣᠨ᠎ᠤ ᠣᠷᠳᠣᠰ ᠳᠤᠯᠠᠭᠠᠨ ᠬᠣᠲᠠ᠎ᠶᠢᠨ ᠨᠠᠭᠠᠳᠤᠮ ᠣᠷᠳᠣᠰ ᠬᠤᠳᠠ ᠵᠢᠨ ᠣᠲᠣᠭ ᠬᠣᠰᠢᠭᠤᠨ᠎ᠤ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ᠎ᠳᠤ ᠶᠠᠪᠤᠭᠳᠠᠪᠠ᠃ ᠲᠦᠷᠪᠡᠨ ᠵᠦᠭ ᠨᠠᠢ᠍ᠮᠠᠨ ᠵᠣᠪᠬᠢᠰ ᠡᠴᠡ ᠢᠷᠡᠭᠰᠡᠨ ᠵᠢᠭᠤᠯᠴᠢᠯᠠᠬ᠍ᠰᠠᠳ ᠲᠠᠯ᠎ᠠ ᠨᠤᠲᠤᠭ᠎ᠤᠨ ᠨᠠᠭᠠᠳᠤᠮ᠎ᠤᠨ ᠷᠢᠳᠢ ᠰᠢᠳᠢ᠎ᠶᠢ ᠪᠡᠶᠡᠴᠢᠯᠡᠨ ᠣᠢᠯᠠᠭᠠᠪᠠ᠃

ᠥᠩᠭᠡᠲᠦ ᠲᠤᠭ᠂ ᠬᠥᠬᠡ ᠲᠡᠭᠷᠢ᠂ ᠴᠠᠭᠠᠨ ᠡᠭᠦᠯᠡ᠂ ᠠᠵᠢᠨᠠᠢ ᠭᠦᠯᠦᠭ ᠁ ᠭᠦᠷ ᠬᠥᠭᠵᠢᠶᠡᠨ᠎ᠲᠠᠢ ᠠᠭᠤᠷ ᠠᠮᠢᠰᠬᠤᠯ᠎ᠤᠨ ᠳᠤᠮᠳᠠ᠂ ᠤᠯᠤᠰ᠎ᠤᠨ ᠲᠣᠭ᠎ᠤᠨ ᠵᠢᠭ᠍ᠰᠠᠭᠠᠯ᠎ᠤᠨ ᠡᠩᠨᠡᠭᠡ᠂ ᠦᠪᠡᠳᠡᠭᠰᠢ ᠶᠣᠰᠣᠯᠠᠯ᠎ᠤᠨ ᠵᠣᠴᠢᠨ ᠤᠭᠲᠤᠬᠤ ᠵᠢᠭ᠍ᠰᠠᠭᠠᠯ᠎ᠤᠨ ᠡᠩᠨᠡᠭᠡ᠂ ᠳᠤᠯᠠᠭᠠᠨ ᠬᠣᠲᠠ ᠣᠷᠳᠣᠰ᠎ᠤᠨ ᠬᠣᠰᠢᠭᠤ ᠲᠣᠭᠣᠷᠢᠭ᠋᠎ᠤᠨ ᠲᠥᠯᠥᠭᠡᠯᠡᠭᠴᠢᠳ᠎ᠦᠨ ᠵᠢᠭ᠍ᠰᠠᠭᠠᠯ᠎ᠤᠨ ᠡᠩᠨᠡᠭᠡ᠂ ᠪᠤᠬ᠎ᠠ ᠲᠡᠷᠭᠡᠨ᠎ᠦ ᠵᠢᠭ᠍ᠰᠠᠭᠠᠯ᠎ᠤᠨ ᠡᠩᠨᠡᠭᠡ᠂ ᠨᠠᠭᠠᠳᠤᠮ᠎ᠤᠨ ᠬᠤᠷᠠᠯ᠎ᠤᠨ ᠵᠢᠭ᠍ᠰᠠᠭᠠᠯ᠎ᠤᠨ ᠡᠩᠨᠡᠭᠡ ᠬᠤᠷᠠᠯ᠎ᠤᠨ ᠲᠠᠯᠠᠪᠠᠶ᠎ᠳᠤ ᠳᠠᠷᠠᠭᠠᠯᠠᠨ ᠣᠷᠣᠪᠠ᠃ ᠠᠵᠢᠨᠠᠢ ᠭᠦᠯᠦᠭ ᠦᠦᠷᠰᠡᠵᠦ᠂ ᠥᠪᠡᠷᠮᠢᠴᠡ ᠣᠨᠴᠠᠯᠢᠭ᠋ ᠪᠦᠬᠦᠢ᠂ ᠭᠦᠷ ᠨᠠᠷᠭᠢᠶᠠᠨ᠎ᠲᠠᠢ ᠮᠣᠷᠢᠨ ᠮᠡᠷᠭᠡᠵᠢᠯ᠎ᠦᠨ ᠲᠣᠬ᠍ᠯᠠᠯᠲᠠ ᠭᠣᠢᠳᠠ ᠰᠠᠢᠬᠠᠨ ᠶᠠᠪᠤᠭᠳᠠᠵᠤ᠂ 20 ᠮᠣᠷᠢᠨ ᠮᠡᠷᠭᠡᠵᠢᠯ᠎ᠦᠨ ᠬᠥᠮᠥᠨ ᠮᠣᠷᠢ ᠤᠨᠤᠨ ᠲᠠᠯᠠᠪᠠᠶ᠎ᠳᠤ ᠣᠷᠣᠵᠤ᠂ ᠨᠢᠰᠬᠦ ᠮᠡᠲᠦ ᠲᠦᠷᠭᠡᠨ ᠳᠠᠪᠬᠢᠵᠤ᠂ ᠮᠣᠷᠢᠨ ᠨᠢᠷᠤᠭᠤᠨ ᠳᠡᠭᠡᠷ᠎ᠡ ᠵᠣᠬ᠍ᠰᠣᠬᠤ᠂ ᠮᠣᠷᠢᠨ ᠨᠢᠷᠤᠭᠤᠨ ᠳᠡᠭᠡᠷ᠎ᠡ ᠲᠣᠩᠭᠣᠷᠤᠤ ᠵᠣᠬ᠍ᠰᠣᠬᠤ᠂ ᠮᠣᠷᠢᠨ ᠳᠡᠭᠡᠷ᠎ᠡ ᠡᠴᠡ ᠬᠠᠳᠠᠭ ᠰᠢᠭᠦᠷᠭᠦ ᠵᠡᠷᠭᠡ ᠠᠯᠢ ᠣᠯᠠᠨ ᠬᠦᠴᠢᠷ ᠲᠦᠪᠡᠭᠲᠡᠢ ᠬᠥᠳᠡᠯᠦᠯ ᠨᠢ ᠲᠤᠬᠠᠢ᠎ᠶᠢᠨ ᠲᠠᠯᠠᠪᠠᠶ᠎ᠶᠢᠨ ᠤᠤᠬᠠᠢᠯᠠᠯ ᠬᠠᠰᠬᠢᠷᠤᠯ᠂ ᠠᠯᠠᠭ᠎ᠠ ᠲᠡᠰᠢᠯᠲᠡ᠎ᠶᠢ ᠣᠯᠵᠤ᠂ ᠣᠷᠳᠣᠰ ᠨᠤᠲᠤᠭ᠎ᠤᠨ ᠴᠤᠴᠠᠯᠲᠠ ᠦᠭᠡᠢ ᠤᠷᠤᠭᠰᠢᠯᠠᠬᠤ ᠵᠣᠷᠢᠭ᠋ ᠰᠠᠨᠠᠭ᠎ᠠ᠎ᠶᠢ ᠪᠡᠯᠭᠡᠳᠡᠵᠦ ᠪᠠᠢᠯ᠎ᠠ᠃

ᠨᠠᠭᠠᠳᠤᠮ᠎ᠤᠨ ᠬᠤᠷᠠᠯ ᠪᠣᠯ ᠲᠠᠯ᠎ᠠ ᠨᠤᠲᠤᠭ᠎ᠤᠨ ᠦᠪᠡᠳᠡᠭᠰᠢ ᠶᠡᠬᠡ ᠴᠤᠭᠯᠠᠭᠠᠨ᠂ ᠰᠣᠶᠣᠯ᠎ᠤᠨ ᠦᠪᠡᠳᠡᠭᠰᠢ ᠶᠡᠬᠡ ᠳᠠᠢᠯᠠᠯᠭ᠎ᠠ ᠮᠥᠨ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠵᠠᠩ ᠦᠶ᠋ᠯᠡ᠎ᠶᠢ ᠢᠯᠡᠷᠡᠭᠦᠯᠬᠦ ᠴᠢᠬᠤᠯᠠ ᠠᠴᠢᠶᠠᠯᠠᠪᠤᠷᠢ ᠮᠥᠨ᠃  ᠨᠠᠭᠠᠳᠤᠮ᠎ᠤᠨ ᠬᠤᠷᠠᠯ ᠡᠴᠡ  ᠦᠨᠳᠦᠰᠦᠲᠡᠨ᠎ᠨᠦᠭᠦᠳ᠎ᠦᠨ ᠣᠯᠠᠨ ᠲᠦᠮᠡᠨ ᠦᠵᠡᠰᠬᠦᠯᠡᠩᠲᠦ ᠰᠠᠢᠬᠠᠨ ᠳᠤᠯᠠᠭᠠᠨ ᠬᠣᠲᠠ᠎ᠶᠢᠨ ᠬᠥᠭᠵᠢᠯᠲᠡ ᠬᠤᠪᠢᠷᠠᠯᠲᠠ᠂ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶᠢ ᠭᠦᠢᠴᠡᠳ ᠣᠢᠯᠠᠭᠠᠵᠤ ᠪᠤᠯᠳᠠᠬ᠃

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            