ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠦᠯᠡᠮᠵᠢ ᠵᠢᠨ ᠬᠡᠢᠮᠣᠷᠢ ᠲᠠᠢ ᠥᠪᠥᠷ ᠮᠣᠩᠭᠣᠯ ᠪᠥᠬᠡ
ᠨᠡᠶ᠋ᠢᠲᠡᠯᠡᠭᠰᠡᠨ ᠴᠠᠭ᠄ 2025-09-23

ᠳᠡᠯᠭᠡᠷᠡᠬᠦ ᠬᠠᠪᠤᠷ 2025 ᠣᠨ᠎ᠤ ᠡᠵᠡᠨ ᠬᠣᠷᠣᠭ᠎ᠠ ᠬᠣᠰᠢᠭᠤᠨ᠎ᠤ ᠴᠠᠭᠠᠨ ᠰᠦᠷᠦᠭ᠎ᠤᠨ ᠶᠡᠬᠡ ᠲᠠᠢᠯᠭ᠎ᠠ ᠳ᠋ᠦ᠍ 512 ᠬᠦᠴᠦᠲᠦ ᠪᠦᠭᠡ ᠪᠠᠷᠢᠯᠳᠤᠪᠠ; ᠳᠡᠯᠭᠡᠷ ᠵᠤᠨ᠎ᠤ ᠳᠣᠯᠣᠭᠠᠨ ᠰᠠᠷ᠎ᠠ᠎ᠶᠢᠨ ᠰᠢᠯᠢ᠎ᠶᠢᠨ ᠭᠣᠣᠯ᠎ᠤᠨ ᠲᠠᠯ᠎ᠠ ᠨᠤᠲᠤᠭ᠎ᠲᠤ ᠶᠠᠪᠤᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠭᠤᠴᠢᠨ ᠲᠠᠪᠤᠳᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ᠎ᠤᠨ ᠬᠤᠷᠠᠯ ᠳ᠋ᠦ᠍ 512 ᠪᠥᠬᠡᠴᠢᠨ ᠢᠷᠠᠭᠤ ᠰᠠᠢᠬᠠᠨ ᠬᠥᠭᠡᠮᠡᠢ ᠵᠢᠨ ᠡᠭᠡᠰᠢᠭ ᠪᠣᠯᠣᠨ ᠤᠷᠲᠤ᠎ᠶᠢᠨ ᠳᠠᠭᠤᠤ᠎ᠶᠢᠨ ᠰᠢᠷᠤᠩᠬᠠᠢ ᠵᠢᠨ ᠳᠤᠮᠳᠠ ᠰᠦᠷ ᠵᠢᠪᠬᠤᠭ᠎ᠠ᠎ᠲᠠᠢ᠎ᠪᠠᠷ ᠲᠠᠯᠠᠪᠠᠢ ᠳ᠋ᠦ᠍ ᠮᠠᠭ᠍ᠰᠢᠨ ᠣᠷᠣᠵᠤ᠂ ᠰᠦᠷᠯᠢᠭ ᠰᠠᠢᠬᠠᠨ ᠦᠨᠳᠦᠰᠦᠲᠡᠨ᠎ᠦ ᠰᠣᠶᠣᠯ᠎ᠤᠨ ᠥᠪᠡᠷᠮᠢᠴᠡ ᠦᠵᠡᠮᠵᠢ᠎ᠶᠢ ᠪᠦᠷᠢᠯᠳᠦᠭᠦᠯᠪᠡ; 9 ᠰᠠᠷ᠎ᠠ ᠵᠢᠨ 13᠎ᠤ ᠡᠳᠦᠷ ᠪᠣᠯᠤᠭᠰᠠᠨ ᠠᠯᠠᠱᠠ ᠨᠠᠭᠠᠳᠤᠮ᠎ᠳᠤ 512 ᠬᠦᠴᠦᠲᠦ ᠪᠦᠭᠡ ᠵᠢᠨ ᠪᠠᠷᠢᠯᠳᠤᠭᠠᠨ ᠪᠣᠯᠪᠠ ᠁᠃ 《ᠡᠷ᠎ᠡ᠎ᠶᠢᠨ ᠭᠤᠷᠪᠠᠨ ᠨᠠᠭᠠᠳᠤᠮ》 ᠤ᠋ᠨ ᠨᠢᠭᠡ ᠪᠣᠯᠤᠭᠰᠠᠨ ᠪᠦᠭᠡ᠎ᠶᠢᠨ ᠪᠠᠷᠢᠯᠳᠤᠭᠠᠨ ᠵᠢᠯ ᠪᠦᠷᠢ ᠵᠢᠨ ᠶᠡᠬᠡ ᠪᠠᠭ᠎ᠠ ᠨᠠᠢᠷ ᠨᠠᠭᠠᠳᠤᠮ᠎ᠤᠨ ᠲᠤᠲᠠᠭᠳᠠᠵᠤ ᠪᠣᠯᠣᠰᠢ ᠦᠭᠡᠢ ᠠᠭᠤᠯᠭ᠎ᠠ ᠪᠣᠯᠣᠭᠰᠠᠭᠠᠷ ᠢᠷᠡᠵᠡᠢ᠃

 

ᠤᠯᠠᠮᠵᠢᠯᠠᠯ

ᠡᠷᠳᠡᠮᠲᠡᠳ᠎ᠦᠨ ᠰᠢᠯᠭᠠᠨ ᠨᠤᠲᠠᠯᠠᠭᠰᠠᠨ᠎ᠢᠶᠠᠷ᠂ ᠠᠯᠢ ᠡᠷᠲᠡ ᠡᠴᠡ ᠤᠮᠠᠷᠠᠲᠤ᠎ᠶᠢᠨ ᠨᠡᠭᠦᠳᠡᠯᠴᠢᠨ ᠦᠨᠳᠦᠰᠦᠲᠡᠨ᠎ᠦ ᠳᠣᠲᠣᠷ᠎ᠠ ᠪᠦᠭᠡ᠎ᠶᠢᠨ ᠪᠠᠷᠢᠯᠳᠤᠭᠠᠨ᠎ᠲᠠᠢ ᠠᠳᠠᠯᠢᠪᠲᠤᠷ ᠬᠥᠳᠡᠯᠭᠡᠭᠡᠨ ᠳᠡᠯᠭᠡᠷᠡᠵᠦ ᠪᠠᠢᠵᠠᠢ᠃ ᠬᠥᠭᠵᠢᠯᠲᠡ ᠵᠢᠨ ᠶᠠᠪᠤᠴᠠ ᠳ᠋ᠠᠭᠠᠨ ᠪᠦᠭᠡ ᠵᠢᠨ ᠡᠮᠦᠰᠬᠡᠯ ᠵᠠᠰᠠᠯ᠂ ᠴᠣᠯᠠ ᠡᠷᠡᠮᠪᠡ᠂ ᠳᠦᠷᠢᠮ ᠭᠣᠷᠢᠮ ᠵᠡᠷᠭᠡ ᠲᠠᠯ᠎ᠠ ᠪᠡᠷ ᠡᠯ᠎ᠡ ᠭᠠᠵᠠᠷ ᠣᠷᠣᠨ ᠥᠪᠡᠷᠮᠢᠴᠡ ᠣᠷᠣᠨ ᠨᠤᠲᠤᠭ᠎ᠤᠨ ᠣᠨᠴᠠᠯᠢᠭ᠋᠎ᠢ ᠪᠦᠷᠢᠯᠳᠦᠭᠦᠯᠵᠡᠢ᠃

ᠠᠩᠬ᠎ᠠ ᠡᠬᠢᠨ ᠳ᠋ᠡᠭᠡᠨ ᠪᠥᠬᠡᠴᠢᠳ᠎ᠦᠨ  ᠵᠣᠳᠣᠭ᠎ᠢ ᠠᠷᠠᠰᠤ ᠰᠢᠷᠢ᠎ᠪᠠᠷ ᠬᠢᠵᠦ᠂ ᠳᠡᠭᠡᠷ᠎ᠡ ᠨᠢ ᠮᠥᠩᠭᠥ ᠪᠤᠶᠤ ᠭᠠᠤᠯᠢᠨ ᠲᠣᠪᠣᠷᠤᠤ ᠬᠠᠳᠠᠵᠤ᠂ ᠤᠯᠠᠭᠠᠨ᠂ ᠬᠥᠬᠡ᠂ ᠰᠢᠷ᠎ᠠ ᠭᠤᠷᠪᠠᠨ ᠥᠩᠭᠡ᠎ᠶᠢᠨ ᠬᠣᠷᠮᠣᠢᠪᠴᠢ ᠨᠢ ᠲᠤᠰ ᠲᠤᠰ ᠳᠥᠯᠥ᠂ ᠬᠥᠬᠡ ᠲᠡᠭᠷᠢ ᠪᠠ ᠡᠬᠡ ᠭᠠᠵᠠᠷ᠎ᠢ ᠲᠥᠯᠥᠭᠡᠯᠡᠵᠦ᠂ ᠲᠣᠯᠢ ᠨᠢ ᠨᠠᠷᠠᠨ ᠰᠠᠷᠠᠨ᠎ᠢ ᠲᠥᠯᠥᠭᠡᠯᠡᠵᠦ᠂ ᠮᠥᠩᠬᠡ ᠲᠡᠭᠷᠢ᠎ᠶᠢᠨ ᠢᠪᠡᠭᠡᠯ᠎ᠢ ᠪᠡᠯᠭᠡᠳᠡᠳᠡᠭ᠃ ᠡᠳᠡᠭᠡᠷ ᠡᠯᠧᠮᠧᠨ᠋ᠲ ᠨᠢ ᠪᠦᠭᠡ᠎ᠶᠢᠨ ᠥᠪᠡᠷᠮᠢᠴᠡ ᠣᠨᠴᠠᠯᠢᠭ᠋᠎ᠲᠠᠢ ᠰᠣᠶᠣᠯ᠎ᠤᠨ ᠪᠡᠯᠭᠡ ᠲᠡᠮᠳᠡᠭ᠎ᠢ ᠪᠦᠷᠢᠯᠳᠦᠭᠦᠯᠦᠭᠰᠡᠨ ᠪᠠᠢᠳᠠᠭ᠃

ᠪᠦᠭᠡ ᠪᠠᠷᠢᠯᠳᠤᠬᠤ ᠳ᠋ᠤ᠌ ᠪᠡᠶ᠎ᠡ᠎ᠶᠢᠨ ᠬᠦᠨᠳᠦ ᠵᠢᠨ ᠢᠯᠭᠠᠯ ᠦᠭᠡᠢ᠂ ᠨᠢᠭᠡ ᠪᠠᠷᠢᠯᠳᠤᠭᠠᠨ᠎ᠢᠶᠠᠷ ᠢᠯᠠᠵᠤ ᠢᠯᠠᠭᠳᠠᠬᠤ᠎ᠶᠢ ᠲᠣᠭᠲᠠᠭᠠᠳᠠᠭ ᠣᠨᠴᠠᠯᠢᠭ᠋᠎ᠲᠠᠢ᠃ ᠢᠯᠠᠭ᠍ᠴᠢ ᠨᠢ ᠣᠮᠣᠷᠬᠠᠭᠯᠠᠵᠤ ᠪᠠᠷᠳᠠᠮᠨᠠᠬᠤ ᠦᠭᠡᠢ ᠪᠡᠷ ᠡᠰᠡᠷᠭᠦ ᠡᠲᠡᠭᠡᠳ᠎ᠢᠶᠡᠨ ᠳᠣᠣᠷ᠎ᠠ ᠨᠢ ᠲᠦᠰᠢᠵᠦ ᠪᠣᠰᠬᠠᠳᠠᠭ᠂ ᠢᠯᠠᠭᠳᠠᠭ᠍ᠴᠢ ᠨᠢ ᠢᠯᠠᠭ᠍ᠴᠢ ᠪᠠᠨ ᠰᠡᠳᠬᠢᠯ᠎ᠡᠴᠡ᠎ᠪᠡᠨ ᠪᠢᠰᠢᠷᠡᠵᠦ᠂ ᠦᠷ᠎ᠡ ᠳ᠋ᠦᠩ᠎ᠢ ᠭᠥᠯᠢᠶᠡᠨ ᠠᠪᠳᠠᠬ᠃ ᠡᠢᠮᠦᠷᠬᠦᠦ 《ᠢᠯᠠᠵᠤ ᠢᠯᠠᠭᠳᠠᠬᠤ ᠨᠢ ᠲᠣᠳᠣᠷᠬᠠᠢ᠂ ᠨᠥᠬᠥᠷᠯᠡᠯ ᠥᠨᠢᠳᠡ ᠣᠷᠣᠰᠢᠬᠤ》 ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ ᠨᠢ ᠤᠳᠤ ᠪᠤᠯᠳᠠᠯ᠎ᠠ ᠤᠯᠠᠮᠵᠢᠯᠠᠭᠳᠠᠭᠰᠠᠭᠠᠷ᠃

ᠨᠠᠭᠠᠳᠤᠮ᠎ᠤᠨ ᠬᠤᠷᠠᠯ ᠪᠣᠯ ᠪᠦᠭᠡ ᠵᠢᠨ ᠪᠠᠷᠢᠯᠳᠤᠭᠠᠨ᠎ᠢ ᠤᠯᠠᠮᠵᠢᠯᠠᠨ ᠬᠥᠭᠵᠢᠭᠦᠯᠬᠦ ᠴᠢᠬᠤᠯᠠ ᠲᠠᠪᠴᠠᠩ ᠪᠣᠯᠣᠨ᠎ᠠ᠃ 《ᠪᠦᠭᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ》 ᠡᠷ᠎ᠡ᠎ᠶᠢᠨ ᠭᠤᠷᠪᠠᠨ ᠨᠠᠭᠠᠳᠤᠮ ᠤ᠋ᠨ ᠳᠣᠲᠣᠷ᠎ᠠ ᠪᠦᠭᠡ᠎ᠶᠢᠨ ᠪᠠᠷᠢᠯᠳᠤᠭᠠᠨ ᠲᠡᠷᠢᠭᠦᠨ ᠪᠠᠢᠷᠢ᠎ᠶᠢ ᠡᠵᠡᠯᠡᠵᠦ ᠪᠠᠢᠳᠠᠭ᠂ ᠤᠴᠢᠷ ᠨᠢ ᠪᠦᠭᠡ᠎ᠶᠢᠨ ᠪᠠᠷᠢᠯᠳᠤᠭᠠᠨ ᠨᠢ ᠡᠷᠡᠴᠦᠳ᠎ᠦᠨ ᠬᠦᠴᠦᠨ ᠴᠢᠳᠠᠯ᠂ ᠤᠷ᠎ᠠ ᠮᠡᠷᠭᠡᠵᠢᠯ᠂ ᠵᠣᠷᠢᠭ᠋ ᠰᠠᠨᠠᠭ᠎ᠠ ᠵᠠᠩ ᠴᠢᠨᠠᠷ᠎ᠢ ᠬᠠᠮᠤᠭ ᠰᠠᠢᠨ ᠬᠠᠷᠠᠭᠤᠯᠵᠤ ᠴᠢᠳᠠᠳᠠᠭ᠃ ᠤᠯᠠᠮᠵᠢᠯᠠᠯ ᠶᠠᠷᠢᠶᠠᠨ᠎ᠳᠤ  ᠰᠢᠯᠢᠳᠡᠭ ᠪᠦᠭᠡ ᠨᠢ 《ᠠᠷᠰᠯᠠᠨ ᠮᠡᠲᠦ ᠬᠦᠳᠡᠷ ᠲᠣᠮᠣ᠌᠂ ᠪᠠᠷᠰ ᠮᠡᠲᠦ ᠳᠣᠬ᠍ᠰᠢᠨ᠂ ᠪᠦᠷᠭᠦᠳ ᠮᠡᠲᠦ ᠬᠤᠷᠴᠠ》 ᠪᠠᠢᠳᠠᠭ ᠮᠠᠭᠲᠠᠭᠠᠯ ᠲᠠᠢ᠃

ᠣᠲᠣ᠌ ᠦᠶ᠎ᠡ᠎ᠶᠢᠨ ᠨᠠᠭᠠᠳᠤᠮ᠎ᠤᠨ ᠶᠡᠬᠡ ᠬᠤᠷᠠᠯ ᠨᠢ ᠤᠯᠠᠮᠵᠢᠯᠠᠯ᠎ᠢᠶᠠᠨ ᠬᠠᠳᠠᠭᠠᠯᠠᠬᠤ᠎ᠶᠢᠨ ᠬᠠᠮᠲᠤ ᠪᠠᠰᠠ ᠲᠠᠰᠤᠷᠠᠯᠲᠠ ᠦᠭᠡᠢ ᠭᠡᠯᠪᠡᠷᠢ᠎ᠶᠢᠨ ᠰᠢᠨ᠎ᠡ᠎ᠶᠢ ᠡᠭᠦᠳᠴᠦ ᠪᠠᠢᠨ᠎ᠠ᠃ ᠲᠤᠰᠬᠠᠢ ᠮᠡᠷᠭᠡᠵᠢᠯ᠎ᠦᠨ ᠤᠷᠤᠯᠳᠤᠭᠠᠨ᠎ᠠᠴᠠ ᠭᠠᠳᠠᠨ᠎ᠠ᠂ ᠡᠮᠡᠭᠲᠡᠢ ᠪᠦᠭᠡ᠎ᠶᠢᠨ ᠪᠠᠷᠢᠯᠳᠤᠭᠠᠨ᠂ ᠥᠰᠪᠦᠷᠢ ᠬᠡᠦᠬᠡᠳ᠎ᠤᠨ ᠪᠠᠷᠢᠯᠳᠤᠭᠠᠨ ᠪᠣᠯᠣᠨ ᠵᠢᠭᠤᠯᠴᠢᠯᠠᠬ᠍ᠰᠠᠳ᠎ᠤᠨ ᠪᠡᠶᠡᠴᠢᠯᠡᠨ ᠣᠢᠯᠠᠭᠠᠬᠤ ᠭᠣᠭᠴᠣᠭ᠎ᠠ᠎ᠶᠢ ᠨᠡᠮᠡᠵᠡᠢ᠃ ᠡᠢᠮᠦᠷᠬᠦᠦ ᠰᠢᠨ᠎ᠡ ᠡᠭᠦᠳᠦᠯᠲᠡ ᠨᠢ ᠪᠦᠭᠡ᠎ᠶᠢᠨ ᠰᠣᠶᠣᠯ᠎ᠤᠨ ᠦᠨᠡᠨ ᠪᠣᠳᠠᠲᠤ ᠴᠢᠨᠠᠷ᠎ᠢ ᠬᠠᠳᠠᠭᠠᠯᠠᠬᠤ᠎ᠶᠢᠨ ᠬᠠᠮᠲᠤ᠂ ᠨᠡᠩ ᠥᠷᠭᠡᠨ ᠳᠡᠯᠭᠡᠷ ᠣᠷᠣᠯᠴᠠᠭ᠎ᠠ ᠪᠠ ᠨᠥᠯᠥᠭᠡᠯᠡᠬᠦ ᠬᠦᠴᠦᠨ᠎ᠲᠠᠢ ᠪᠤᠯᠭᠠᠬ᠍ᠰᠠᠨ ᠪᠠᠢᠨ᠎ᠠ᠃

ᠬᠠᠮᠠᠭᠠᠯᠠᠯᠲᠠ

2004 ᠣᠨ ᠳ᠋ᠦ᠍᠂ ᠰᠢᠯᠢ ᠵᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠳᠤ ᠪᠣᠯᠤᠭᠰᠠᠨ 2048 ᠮᠣᠩᠭᠣᠯ ᠪᠦᠭᠡ ᠵᠢᠨ ᠪᠠᠷᠢᠯᠳᠤᠭᠠᠨ ᠨᠢ ᠭᠢᠨᠢᠰ᠎ᠦᠨ ᠳᠡᠯᠡᠬᠡᠢ᠎ᠶᠢᠨ ᠲᠡᠮᠳᠡᠭᠯᠡᠯ᠎ᠢ ᠡᠭᠦᠳᠴᠡᠢ᠃ ᠡᠨᠡ ᠨᠢ ᠮᠣᠩᠭᠣᠯ ᠪᠦᠭᠡ᠎ᠶᠢᠨ ᠬᠥᠭᠵᠢᠯᠲᠡ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠭ᠎ᠠ ᠶᠤᠮ᠃ 2006 ᠣᠨ᠎ᠳᠤ᠂ ᠮᠣᠩᠭᠣᠯ ᠪᠦᠭᠡ ᠠᠩᠬᠠᠳᠤᠭᠠᠷ ᠪᠦᠯᠦᠭ᠎ᠤᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠲᠦ ᠵᠢᠭ᠍ᠰᠠᠭᠠᠭᠳᠠᠵᠤ᠂ ᠣᠳᠣ᠌ ᠪᠦᠭᠦ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭᠠᠨ᠂ ᠪᠦᠭᠦ ᠤᠯᠤᠰ᠎ᠤᠨ ᠮᠠᠯᠴᠢᠨ ᠲᠠᠷᠢᠶᠠᠴᠢᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠵᠡᠷᠭᠡ ᠪᠦᠭᠦ ᠤᠯᠤᠰ᠎ᠤᠨ ᠴᠢᠨᠠᠷᠲᠠᠢ ᠶᠡᠷᠦᠩᠬᠡᠢᠯᠡᠭᠰᠡᠨ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠵᠢᠩᠬᠢᠨᠢ ᠤᠷᠤᠯᠳᠤᠭᠠᠨ᠎ᠤ ᠵᠦᠢᠯ ᠪᠣᠯᠵᠠᠢ᠃ ᠡᠭᠦᠨ ᠡᠴᠡ ᠭᠠᠳᠠᠨ᠎ᠠ᠂ ᠮᠣᠩᠭᠣᠯ ᠪᠦᠭᠡ᠎ᠶᠢᠨ ᠪᠠᠷᠢᠯᠳᠤᠭᠠᠨ ᠨᠢ ᠤᠷᠢᠳ ᠬᠣᠵᠢᠳ ᠶᠠᠫᠤᠨ᠂ ᠣᠷᠣᠰ᠂ ᠮᠣᠩᠭᠣᠯ ᠤᠯᠤᠰ ᠵᠡᠷᠭᠡ ᠤᠯᠤᠰ᠎ᠲᠤ ᠦᠵᠡᠭᠦᠯᠭᠡ ᠵᠢᠨ ᠪᠠᠷᠢᠯᠳᠤᠭᠠᠨ ᠬᠢᠵᠦ᠂ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠭᠦ ᠴᠢᠬᠤᠯᠠ ᠴᠣᠩᠬᠣᠪᠴᠢ ᠪᠣᠯᠵᠤ ᠪᠤᠢ᠃

 

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            